ᠨᠢᠭᠡ᠂ ᠰᠠᠭᠤᠷᠢ ᠪᠣᠷᠳᠣᠭᠤᠷ ᠣᠷᠣᠭᠤᠯᠬᠤ | ᠡᠭᠦᠨ ᠳᠤ ᠭᠤᠣᠯᠳᠠᠭᠤ ᠰᠠᠴᠤᠨ ᠣᠷᠣᠭᠤᠯᠬᠤ᠂ ᠵᠤᠷᠪᠤᠰᠯᠠᠨ ᠣᠷᠣᠭᠤᠯᠬᠤ ᠪᠠ ᠳᠠᠪᠬᠤᠷᠭ᠎ᠠ ᠬᠤᠪᠢᠶᠠᠨ | ᠣᠷᠣᠭᠤᠯᠬᠤ ᠭᠤᠷᠪᠠᠨ ᠵᠦᠢᠯ ᠪᠤᠶ᠃ ᠰᠠᠴᠤᠨ ᠣᠷᠣᠭᠤᠯᠬᠤ ᠨᠢ ᠲᠠᠷᠢᠬᠤ ᠠᠴᠠ ᠡᠮᠦᠨ᠎ᠡ ᠭᠠᠵᠠᠷ ᠤᠨ ᠭᠠᠳᠠᠷᠭᠤ ᠳᠤ | ᠲᠡᠭᠰᠢᠬᠡᠨ ᠰᠠᠴᠤᠵᠤ᠂ ᠳᠠᠷᠠᠭ᠎ᠠ ᠨᠢ ᠤᠷᠪᠠᠭᠤᠯᠤᠭᠰᠠᠨ ᠤ ᠳᠠᠷᠠᠭ᠎ᠠ ᠪᠣᠷᠳᠣᠭᠤᠷ ᠢᠶᠠᠨ ᠭᠤᠤ ᠳᠤ ᠬᠢᠵᠦ ᠣᠷᠣᠭᠤᠯᠤᠨ᠎ᠠ︔ | ᠵᠤᠷᠪᠤᠰᠯᠠᠨ ᠣᠷᠣᠭᠤᠯᠬᠤ ᠨᠢ ᠪᠣᠷᠳᠤᠭᠤᠷ ᠢ ᠲᠦᠪᠯᠡᠷᠡᠭᠦᠯᠦᠨ᠂ ᠬᠡᠷᠡᠭᠯᠡᠬᠦ ᠬᠡᠮᠵᠢᠶ᠎ᠡ ᠪᠠᠷ ᠪᠠᠭ᠎ᠠ᠂ ᠪᠣᠷᠳᠣᠭᠤᠷ ᠤᠨ | ᠦᠷ᠎ᠡ ᠠᠰᠢᠭ ᠢᠶᠠᠷ ᠥᠨᠳᠥᠷ ᠪᠠᠶᠢᠳᠠᠭ︔ ᠳᠠᠪᠬᠤᠷᠭ᠎ᠠ ᠬᠤᠪᠢᠶᠠᠨ ᠣᠷᠣᠭᠤᠯᠬᠤ ᠨᠢ ᠭᠦᠨ ᠬᠠᠭᠠᠯᠪᠤᠷᠢᠯᠠᠬᠤ ᠲᠠᠢ | ᠤᠶᠠᠯᠳᠤᠭᠤᠯᠤᠨ ᠪᠦᠳᠦᠭᠦᠯᠢᠭ ᠪᠣᠷᠳᠣᠭᠤᠷ ᠪᠠ ᠤᠳᠠᠭᠠᠨ ᠦᠢᠯᠡᠳᠦᠯᠳᠦ ᠪᠣᠷᠳᠣᠭᠤᠷ ᠢ ᠭᠦᠨ ᠳᠠᠪᠬᠤᠷᠭ᠎ᠠ ᠳᠤ | ᠣᠷᠣᠭᠤᠯᠵᠤ᠂ ᠨᠠᠷᠢᠯᠢᠭ ᠪᠣᠷᠳᠣᠭᠤᠷ ᠪᠠ ᠲᠦᠷᠭᠡᠨ ᠦᠢᠯᠡᠳᠦᠯᠳᠦ ᠪᠣᠷᠳᠣᠭᠤᠷ ᠢ ᠬᠥᠷᠥᠰᠥᠨ ᠤ ᠳᠡᠭᠡᠳᠦ | ᠳᠠᠪᠬᠤᠷᠭ᠎ᠠ ᠳᠤ ᠣᠷᠣᠭᠤᠯᠤᠨ᠎ᠠ᠃ ᠳᠡᠭᠡᠷᠡᠬᠢ ᠨᠠᠷᠢᠯᠢᠭ ᠪᠦᠳᠦᠭᠦᠯᠢᠭ ᠪᠣᠷᠳᠣᠭᠤᠷ ᠢ ᠲᠡᠵᠢᠭᠡᠯ ᠡᠪᠡᠰᠦᠨ ᠤ | ᠤᠷᠭᠤᠯᠲᠠ ᠶᠢᠨ ᠬᠤᠭᠤᠴᠠᠭᠠᠨ ᠤ ᠦᠨᠳᠦᠰᠦ ᠶᠢᠨ ᠰᠢᠰᠲ᠋ᠧᠮ ᠤᠨ ᠭᠦᠨ ᠤ ᠬᠡᠮᠵᠢᠶ᠎ᠡ ᠪᠠ ᠲᠠᠷᠬᠠᠯᠲᠠ ᠶᠢᠨ | ᠬᠡᠪᠴᠢᠶ᠎ᠡ ᠲᠠᠢ ᠤᠶᠠᠯᠳᠤᠭᠤᠯᠤᠨ᠂ ᠪᠣᠷᠳᠣᠭᠤᠷ ᠢ ᠭᠦᠨ ᠣᠷᠤᠭᠤᠯᠵᠤ᠂ ᠲᠡᠵᠢᠭᠡᠯ ᠡᠪᠡᠰᠦᠨ ᠤ ᠤᠷᠭᠤᠯᠲᠠ ᠳᠤ | ᠬᠡᠷᠡᠭᠰᠡᠬᠦ ᠰᠢᠮ᠎ᠡ ᠲᠡᠵᠢᠭᠡᠯ ᠢ ᠬᠠᠩᠭᠠᠨ᠎ᠠ᠃ | ᠬᠤᠶᠠᠷ᠂ ᠦᠷ᠎ᠡ ᠶᠢᠨ ᠪᠣᠷᠳᠣᠭᠤᠷ ᠣᠷᠣᠭᠤᠯᠬᠤ | ᠨᠢᠭᠳᠠ ᠵᠤᠷᠪᠤᠰᠯᠠᠨ ᠲᠠᠷᠢᠬᠤ ᠳᠤ ᠭᠤᠤ ᠶᠢᠨ ᠳᠣᠲᠤᠷ᠎ᠠ ᠵᠤᠷᠪᠤᠰᠯᠠᠨ ᠲᠠᠷᠢᠬᠤ ᠶᠢ ᠬᠡᠷᠡᠭᠯᠡᠵᠦ ᠪᠣᠯᠣᠨ᠎ᠠ︔ | ᠲᠣᠭᠠᠯᠠᠨ ᠲᠠᠷᠢᠬᠤ᠂ ᠰᠢᠯᠵᠢᠭᠦᠯᠦᠨ ᠵᠠᠶᠢᠯᠠᠬᠤ ᠪᠤᠶᠤ ᠬᠠᠳᠬᠤᠬᠤ ᠳᠤ ᠨᠦᠬᠡᠯᠡᠨ ᠣᠷᠣᠭᠤᠯᠬᠤ ᠪᠤᠶᠤ ᠦᠷ᠎ᠡ ᠶᠢ | ᠳᠡᠪᠲᠦᠭᠡᠵᠦ᠂ ᠦᠷ᠎ᠡ ᠳᠤ ᠬᠤᠯᠢᠭᠰᠠᠨ ᠤ ᠳᠠᠷᠠᠭ᠎ᠠ ᠰᠠᠶ᠋ᠢ ᠲᠠᠷᠢᠨ᠎ᠠ᠃ ᠪᠣᠷᠳᠣᠭᠤᠷ ᠣᠷᠣᠭᠤᠯᠬᠤ ᠦᠶ᠎ᠡ ᠳᠤ᠂ | ᠪᠣᠷᠳᠣᠭᠤᠷ ᠦᠷ᠎ᠡ ᠶᠢ ᠢᠳᠡᠭᠳᠡᠭᠦᠯᠬᠦ ᠪᠠ ᠬᠤᠣᠷᠳᠠᠭᠤᠯᠬᠤ ᠠᠴᠠ ᠰᠡᠷᠭᠡᠶᠢᠯᠡᠬᠦ ᠶᠢᠨ ᠲᠥᠯᠥᠭᠡ᠂ ᠬᠡᠳᠦ ᠬᠦᠴᠢᠯ᠂ ᠬᠡᠳᠦ | ᠱᠦᠯᠲᠦ᠂ ᠥᠨᠳᠥᠷ ᠳᠤᠯᠠᠭᠠᠨ᠂ ᠢᠯᠵᠢᠷᠡᠵᠦ ᠪᠣᠯᠪᠠᠰᠤᠷᠠᠭᠠᠳᠤᠢ ᠣᠷᠭᠠᠨᠢᠭ ᠪᠣᠷᠳᠣᠭᠤᠷ ᠨᠢ ᠴᠥᠮ ᠦᠷ᠎ᠡ ᠶᠢᠨ | ᠪᠣᠷᠳᠣᠭᠤᠷ ᠪᠣᠯᠭᠠᠬᠤ ᠳᠤ ᠲᠣᠬᠢᠷᠠᠮᠵᠢ ᠦᠭᠡᠢ ᠶᠤᠮ᠃ |