ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠠᠵᠢᠯ ᠤᠨ ᠠᠮᠤ ᠪᠤᠳᠠᠭ᠎ᠠ ᠲᠣᠰᠣᠨ ᠤ | ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠳᠠᠬᠢ ᠲᠤᠯᠭᠠᠭᠤᠷᠢᠯᠠᠬᠤ ᠦᠢᠯᠡᠳᠦᠯ ᠢ | ᠭᠦᠢᠴᠡᠳ ᠪᠠᠳᠠᠷᠠᠭᠤᠯᠵᠤ᠂ 2025 ᠣᠨ ᠤ ᠪᠦᠬᠦ ᠣᠷᠣᠨ ᠤ ᠲᠠᠷᠢᠮᠠᠯ ᠤᠨ ᠬᠦᠨᠳᠦ ᠶᠡᠭᠡ ᠡᠪᠡᠳᠴᠢᠨ | ᠬᠤᠷᠣᠬᠠᠢ ᠶᠢᠨ ᠭᠠᠮᠰᠢᠭ ᠡᠭᠦᠰᠬᠦ ᠬᠠᠨᠳᠤᠰᠢ ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ | ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠤᠰᠬᠠᠢ ᠮᠡᠷᠭᠡᠵᠢᠯ ᠤᠨ ᠴᠢᠳᠠᠪᠤᠷᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠵᠦ᠂ ᠪᠥᠬᠦ ᠵᠢᠯ ᠤᠨ ᠠᠮᠤ ᠪᠤᠳᠠᠭᠠᠨ ᠤ ᠠᠶᠤᠯᠭᠦᠢ ᠦᠢᠯᠡᠳᠪᠦᠷᠢᠯᠡᠯ ᠢ ᠪᠠᠲᠤᠯᠠᠬᠤ ᠶᠢᠨ | ᠲᠥᠯᠥᠭᠡ᠂ 3 ᠰᠠᠷ᠎ᠠ ᠶᠢᠨ 17 ᠤ ᠡᠳᠦᠷ ᠠᠴᠠ 18 ᠤ ᠡᠳᠦᠷ ᠪᠣᠯᠲᠠᠯ᠎ᠠ᠂ ᠬᠥᠬᠡᠬᠤᠲᠠ ᠳᠤ ᠪᠥᠬᠦ ᠣᠷᠣᠨ ᠤ | ᠲᠠᠷᠢᠮᠠᠯ ᠤᠨ ᠬᠦᠨᠳᠦ ᠶᠡᠭᠡ ᠡᠪᠡᠳᠴᠢᠨ ᠬᠤᠷᠣᠬᠠᠢ ᠶᠢᠨ ᠭᠠᠮᠰᠢᠭ ᠡᠭᠦᠰᠬᠦ ᠬᠠᠨᠳᠤᠰᠢ ᠶᠢ ᠵᠥᠪᠳᠡᠯᠴᠡᠬᠦ ᠵᠢᠴᠢ | ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠮᠡᠷᠭᠡᠵᠢᠯ ᠤᠨ | ᠪᠣᠯᠪᠠᠰᠤᠷᠠᠯ ᠤᠨ ᠠᠩᠭᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ | ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠪᠣᠯᠪᠠᠰᠤᠷᠠᠯ ᠤᠨ ᠠᠩᠭᠢ ᠳᠤ ᠣᠷᠣᠯᠴᠠᠨ ᠶᠠᠷᠢᠶ᠎ᠠ ᠲᠠᠯᠪᠢᠵᠤ᠂ | ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠤᠨ | ᠡᠷᠬᠢᠯᠡᠭᠴᠢ ᠬᠤᠸᠠᠩ ᠵᠢᠶᠦ᠋ᠨ ᠰᠢᠶᠠ ᠠᠩᠭᠢ ᠡᠬᠢᠯᠡᠬᠦ ᠶᠣᠰᠣᠯᠠᠯ ᠢ ᠡᠷᠭᠢᠯᠡᠪᠡ᠃ | | | | ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠠᠴᠠ 2024 ᠣᠨ ᠤ ᠮᠠᠨ ᠤ ᠣᠷᠣᠨ ᠤ ᠤᠷᠭᠤᠮᠠᠯ ᠤᠨ | ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠠᠵᠢᠯ ᠤᠨ ᠢᠯᠡᠳᠲᠡ ᠦᠷ᠎ᠡ ᠪᠦᠲᠦᠮᠵᠢ ᠶᠢ ᠭᠦᠢᠴᠡᠳ | ᠨᠤᠲᠠᠯᠠᠵᠤ᠂ ᠪᠥᠬᠦ ᠣᠷᠣᠨ ᠤ ᠤᠷᠭᠤᠮᠠᠯ ᠤᠨ ᠬᠠᠮᠠᠭᠠᠯᠠᠯᠲᠠ ᠶᠢᠨ ᠰᠢᠰᠲ᠋ᠧᠮ ᠤᠨ ᠬᠢᠨ ᠬᠡᠳᠦᠨ ᠵᠦᠢᠯ ᠤᠨ ᠠᠵᠢᠯ ᠢ | ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠄ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠠᠵᠢᠯ ᠤᠨ ᠠᠮᠤ ᠪᠤᠳᠠᠭᠠᠨ ᠤ | ᠦᠢᠯᠡᠳᠪᠦᠷᠢᠯᠡᠯ ᠳᠤ ᠦᠵᠡᠭᠦᠯᠬᠦ ᠴᠢᠬᠤᠯᠠ ᠴᠢᠨᠠᠷ ᠢ ᠭᠦᠢᠴᠡᠳ ᠲᠠᠨᠢᠵᠤ᠂ ᠭᠤᠣᠯᠳᠠᠯᠭ᠎ᠠ ᠲᠠᠢ ᠡᠭᠦᠷᠭᠡ ᠳᠤ | ᠠᠩᠬᠠᠷᠤᠯ ᠢᠶᠠᠨ ᠲᠥᠪᠯᠡᠷᠡᠭᠦᠯᠦᠨ᠂ ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ᠂ ᠭᠤᠣᠯᠳᠠᠯᠭ᠎ᠠ ᠲᠠᠢ ᠲᠥᠷᠥᠯ | ᠵᠦᠢᠯ ᠤᠨ ᠮᠡᠷᠭᠡᠵᠢᠯ ᠤᠨ ᠲᠤᠯᠭᠠᠭᠤᠷᠢᠯᠠᠯ ᠵᠡᠷᠭᠡ ᠠᠵᠢᠯ ᠢ ᠰᠠᠶᠢᠲᠤᠷ ᠬᠢᠵᠦ᠂ ︽ᠬᠤᠷᠣᠬᠠᠢ ᠶᠢᠨ ᠠᠮᠠ ᠠᠴᠠ ᠠᠮᠤ | ᠪᠤᠳᠠᠭ᠎ᠠ ᠪᠤᠯᠢᠶᠠᠬᠤ︾ ᠪᠡᠷᠬᠡ ᠰᠡᠳᠦᠪ ᠢ ᠰᠢᠢᠳᠪᠦᠷᠢᠯᠡᠬᠦ ᠲᠡᠶᠢᠨ ᠤ ᠢᠯᠠᠯᠲᠠ ᠶᠢ ᠪᠥᠬᠦ ᠬᠦᠴᠦᠨ ᠢᠶᠠᠷ ᠢᠶᠠᠨ ᠣᠯᠬᠤ | ᠬᠡᠷᠡᠭᠲᠡᠢ︔ ᠦᠢᠯᠡᠴᠢᠯᠡᠭᠡᠨ ᠤ ᠰᠠᠭᠤᠷᠢ ᠶᠢ ᠪᠠᠲᠤᠳᠬᠠᠵᠤ᠂ ︽ᠲᠦᠷᠪᠡᠨ ᠱᠠᠲᠤ ᠳᠥᠷᠪᠡ ᠪᠠᠶᠢᠬᠤ︾ ᠤᠷᠭᠤᠮᠠᠯ ᠤᠨ | ᠬᠠᠮᠠᠭᠠᠯᠠᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ | ᠴᠢᠬᠤᠯᠠ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ᠃ ᠡᠭᠦᠨ ᠤ ᠬᠠᠮᠲᠤ ᠬᠦᠨᠳᠦ ᠶᠡᠭᠡ ᠡᠪᠡᠳᠴᠢᠨ | ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠵᠦ ᠰᠡᠷᠭᠡᠶᠢᠯᠡᠨ ᠡᠵᠡᠮᠳᠡᠬᠦ᠂ ᠭᠤᠣᠯᠳᠠᠯᠭ᠎ᠠ ᠲᠠᠢ ᠲᠥᠷᠥᠯ ᠵᠦᠢᠯ ᠢ | ᠠᠬᠢᠭᠤᠯᠤᠨ ᠬᠡᠷᠡᠭᠵᠢᠭᠦᠯᠬᠦ᠂ ᠣᠯᠠᠨ ᠡᠬᠢᠲᠦ ᠪᠣᠬᠢᠷᠲᠤᠯ ᠢ ᠶᠡᠷᠦᠩᠬᠡᠶᠢᠯᠡᠨ ᠵᠠᠰᠠᠬᠤ ᠵᠢᠴᠢ ᠲᠠᠷᠢᠶᠠᠨ ᠡᠮ ᠤᠨ | ᠠᠶᠤᠯᠭᠦᠢ ᠦᠢᠯᠡᠳᠪᠦᠷᠢᠯᠡᠯ ᠵᠡᠷᠭᠡ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃ | | | | ᠪᠣᠯᠪᠠᠰᠤᠷᠠᠯ ᠤᠨ ᠠᠩᠭᠢ ᠠᠴᠠ᠂ ᠪᠦᠬᠦ ᠤᠯᠤᠰ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ | ᠦᠢᠯᠡᠴᠢᠯᠡᠭᠡᠨ ᠤ ᠲᠥᠪ ᠤᠨ ᠲᠠᠷᠢᠶᠠᠯᠠᠩ ᠤᠨ ᠮᠡᠷᠭᠡᠵᠢᠯᠲᠡᠨ ᠷᠧᠨ ᠽᠥᠩ ᠵᠢᠶᠧ᠂ ᠭᠢᠷᠢᠨ ᠮᠤᠵᠢ ᠶᠢᠨ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠭᠤᠮᠠᠯ ᠤᠨ ᠬᠠᠮᠠᠭᠠᠯᠠᠯᠲᠠ ᠶᠢᠨ ᠰᠤᠳᠤᠯᠭᠠᠨ ᠤ | ᠭᠠᠵᠠᠷ ᠤᠨ ᠰᠤᠳᠤᠯᠤᠭᠴᠢ ᠰᠦ ᠴᠢᠶᠠᠨ ᠹᠦ᠋᠂ ᠨᠠᠨᠵᠢᠩ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠷᠭᠤᠮᠠᠯ ᠤᠨ | ᠬᠠᠮᠠᠭᠠᠯᠠᠯᠲᠠ ᠶᠢᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠶᠧ ᠸᠧᠨ ᠦ᠋᠂ ᠥᠪᠥᠷ ᠮᠣᠩᠭᠤᠯ ᠤᠨ ᠲᠠᠷᠢᠶᠠᠯᠠᠩ ᠤᠨ | ᠶᠡᠭᠡ ᠰᠤᠷᠭᠠᠭᠤᠯᠢ ᠶᠢᠨ ᠴᠡᠴᠡᠷᠯᠢᠭ ᠤᠨ ᠮᠡᠷᠭᠡᠵᠢᠯ ᠪᠠ ᠤᠷᠭᠤᠮᠠᠯ ᠤᠨ ᠬᠠᠮᠠᠭᠠᠯᠠᠯᠲᠠ ᠶᠢᠨ ᠳᠡᠭᠡᠳᠦ | ᠰᠤᠷᠭᠠᠭᠤᠯᠢ ᠶᠢᠨ ᠫᠷᠤᠹᠧᠰᠰᠤᠷ ᠬᠤ᠋ ᠵᠢᠶᠦ᠋ᠨ᠂ ᠤᠤᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠥᠷᠲᠡᠭᠡᠨ ᠤ ᠳᠡᠳ᠋ ᠳᠠᠷᠤᠭ᠎ᠠ | ᠯᠢᠦ ᠵᠢᠶᠠ ᠰᠢᠶᠠᠩ ᠢ ᠣᠨᠴᠠᠭᠠᠶᠢᠯᠠᠨ ᠤᠷᠢᠵᠤ᠂ ᠲᠣᠰ ᠲᠣᠰ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ | ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠦᠢᠯᠡᠳᠦᠯᠭᠡ᠂ ᠡᠷᠳᠡᠨᠢ ᠰᠢᠰᠢ᠂ ᠰᠢᠷ᠎ᠠ ᠪᠤᠷᠴᠠᠭ᠂ | ᠲᠥᠮᠥᠰᠥ ᠵᠡᠷᠭᠡ ᠭᠤᠣᠯ ᠪᠣᠯᠬᠤ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠢᠯᠭᠠᠨ ᠲᠠᠨᠢᠬᠤ ᠪᠠ | ᠰᠡᠷᠭᠡᠶᠢᠯᠡᠨ ᠡᠵᠡᠮᠳᠡᠬᠦ ᠮᠡᠷᠭᠡᠵᠢᠯ᠂ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠬᠡᠮᠵᠢᠨ ᠮᠡᠳᠡᠭᠦᠯᠬᠦ | ᠮᠡᠷᠭᠡᠵᠢᠯ ᠵᠡᠷᠭᠡ ᠠᠭᠤᠯᠭ᠎ᠠ ᠶᠢ ᠲᠤᠰᠬᠠᠢ ᠰᠡᠳᠦᠪ ᠢᠶᠠᠷ ᠬᠢᠴᠢᠶᠠᠯᠯᠡᠪᠡ᠃ ᠬᠥᠯᠥᠨ ᠪᠤᠶᠢᠷ ᠬᠤᠳᠠ᠂ ᠬᠢᠩᠭᠠᠨ ᠠᠶᠢᠮᠠᠭ᠂ | ᠣᠷᠳᠣᠰ ᠬᠤᠳᠠ᠂ ᠪᠠᠶᠠᠨᠨᠠᠭᠤᠷ ᠬᠤᠳᠠ ᠶᠢᠨ ᠬᠢᠨ ᠬᠦᠨᠳᠦ ᠶᠡᠭᠡ ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠨ ᠡᠵᠡᠮᠳᠡᠬᠦ᠂ ᠬᠦᠨᠳᠦ ᠶᠡᠭᠡ ᠬᠢᠵᠢᠭ ᠤᠨ ᠪᠠᠶᠢᠳᠠᠯ ᠤᠨ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠵᠢᠴᠢ ᠪᠣᠭᠤᠳᠠᠯ | ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠵᠡᠷᠭᠡ ᠲᠠᠯ᠎ᠠ ᠪᠠᠷ ᠲᠤᠰ ᠲᠤᠰ | ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ | ᠤᠷᠭᠤᠮᠠᠯ ᠤᠨ ᠪᠠᠶᠢᠴᠠᠭᠠᠯᠲᠠ ᠶᠢᠨ ᠲᠥᠪ ᠤᠨ ᠡᠯ᠎ᠡ ᠲᠤᠬᠠᠶᠢᠯᠠᠭᠰᠠᠨ ᠠᠵᠢᠯ ᠤᠨ ᠰᠠᠯᠠᠭᠠᠨ ᠳᠠᠷᠤᠭ᠎ᠠ ᠬᠦᠷᠢᠶ᠎ᠡ | ᠴᠠᠷᠠᠭ᠎ᠠ ᠬᠤᠪᠢᠶᠠᠨ 2025 ᠣᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠰᠢᠨ᠎ᠡ | ᠪᠠᠶᠢᠳᠠᠯ ᠰᠢᠨ᠎ᠡ ᠱᠠᠭᠠᠷᠳᠠᠯᠭ᠎ᠠ ᠶᠢᠨ ᠲᠣᠭᠤᠷᠢᠨ ᠳᠤ᠂ ᠪᠥᠬᠦ ᠣᠷᠣᠨ ᠤ ᠤᠷᠭᠤᠮᠠᠯ ᠤᠨ ᠬᠠᠮᠠᠭᠠᠯᠠᠯᠲᠠ ᠶᠢᠨ ᠠᠵᠢᠯ ᠢ | ᠬᠡᠷᠬᠢᠨ ᠰᠠᠶᠢᠲᠤᠷ ᠬᠢᠬᠦ᠂ ᠤᠷᠭᠤᠮᠠᠯ ᠤᠨ ᠬᠠᠮᠠᠭᠠᠯᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ᠂ | ᠠᠮᠤ ᠪᠤᠳᠠᠭᠠᠨ ᠤ ᠦᠢᠯᠡᠳᠪᠦᠷᠢᠯᠡᠯ ᠳᠠᠬᠢ ᠤᠷᠭᠤᠮᠠᠯ ᠤᠨ ᠬᠠᠮᠠᠭᠠᠯᠠᠯᠲᠠ ᠶᠢᠨ ᠬᠤᠪᠢ ᠨᠡᠮᠡᠷᠢ ᠶᠢᠨ ᠨᠣᠷᠮ᠎ᠠ ᠶᠢ | ᠳᠡᠭᠡᠭᠰᠢᠯᠡᠭᠦᠯᠬᠦ᠂ ᠮᠡᠷᠭᠡᠵᠢᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠴᠢᠩᠭᠠᠳᠬᠠᠬᠤ ᠵᠡᠷᠭᠡ ᠠᠵᠢᠯ ᠤᠨ | ᠲᠣᠭᠤᠷᠢᠨ ᠳᠤ ᠰᠣᠯᠢᠯᠴᠠᠨ ᠰᠤᠳᠤᠯᠤᠨ ᠶᠠᠷᠢᠯᠴᠠᠪᠠ᠃ | | | | | | ᠵᠦᠪᠳᠡᠯᠴᠡᠬᠦ ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠳᠡᠭᠡᠳᠦ ᠵᠡᠷᠭᠡ ᠶᠢᠨ ᠢᠨᠵᠧᠨᠧᠷ ᠸᠠᠩ ᠶᠦᠩ ᠯᠢ ᠠᠴᠠ | 2025 ᠣᠨ ᠤ ᠥᠪᠥᠷ ᠮᠣᠩᠭᠤᠯ ᠤᠨ ᠠᠭᠤᠷ ᠠᠮᠢᠰᠬᠤᠯ ᠤᠨ ᠬᠠᠨᠳᠤᠰᠢ ᠶᠢᠨ ᠲᠤᠬᠠᠢ ᠪᠠᠷᠠᠯᠠᠯ ᠤᠨ ᠮᠡᠳᠡᠭᠦᠯᠦᠯᠲᠡ | ᠬᠢᠵᠦ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ | ᠵᠢᠴᠢ ᠠᠶᠢᠮᠠᠭ ᠬᠤᠲᠠ ᠶᠢᠨ ᠬᠡᠮᠵᠢᠨ ᠮᠡᠳᠡᠭᠦᠯᠬᠦ ᠮᠡᠷᠭᠡᠵᠢᠯᠲᠡᠨ ᠢ ᠵᠣᠬᠢᠶᠠᠨ ᠪᠠᠶᠢᠭᠤᠯᠵᠤ 2025 ᠣᠨ ᠤ ᠡᠷᠳᠡᠨᠢ | ᠰᠢᠰᠢ᠂ ᠰᠢᠷ᠎ᠠ ᠪᠤᠷᠴᠠᠭ ᠵᠡᠷᠭᠡ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠪᠠ ᠲᠣᠰᠣᠯᠢᠭ ᠲᠠᠷᠢᠮᠠᠯ᠂ ᠢᠳᠡᠰᠢᠨ | ᠨᠣᠭᠤᠭ᠎ᠠ ᠵᠡᠷᠭᠡ ᠠᠵᠤ ᠠᠬᠤᠢ ᠶᠢᠨ ᠲᠠᠷᠢᠮᠠᠯ ᠤᠨ ᠬᠦᠨᠳᠦ ᠶᠡᠭᠡ ᠡᠪᠡᠳᠴᠢᠨ ᠬᠤᠷᠣᠬᠠᠢ ᠶᠢᠨ ᠭᠠᠮᠰᠢᠭ ᠡᠭᠦᠰᠬᠦ | ᠬᠠᠨᠳᠤᠰᠢ ᠶᠢᠨ ᠲᠤᠬᠠᠢ ᠵᠥᠪᠳᠡᠯᠴᠡᠪᠡ᠃ | | | | | | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠭᠠᠵᠠᠷ ᠤᠨ ᠬᠤᠶᠠᠳᠤᠭᠠᠷ ᠳᠡᠰ ᠤᠨ | ᠪᠠᠶᠢᠴᠠᠭᠠᠨ ᠰᠤᠳᠤᠯᠤᠭᠴᠢ ᠸᠧᠨ ᠵᠠᠨ ᠫᠢᠩ᠂ ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠳᠡᠯᠭᠡᠷᠡᠭᠦᠯᠬᠦ ᠲᠥᠪ ᠤᠨ | ᠬᠤᠪᠢᠳᠠᠨ ᠬᠠᠮᠢᠶᠠᠷᠬᠤ ᠡᠷᠬᠢᠯᠡᠭᠴᠢ᠂ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠪᠠᠶᠢᠭᠤᠯᠤᠮᠵᠢ | ᠵᠢᠴᠢ ᠭᠤᠣᠯᠳᠠᠯᠭ᠎ᠠ ᠲᠠᠢ ᠬᠤᠰᠢᠭᠤ ᠰᠢᠶᠠᠨ ᠲᠣᠭᠤᠷᠢᠭ ᠤᠨ ᠤᠷᠭᠤᠮᠠᠯ ᠤᠨ ᠬᠠᠮᠠᠭᠠᠯᠠᠯᠲᠠ ᠶᠢᠨ ᠠᠵᠢᠯ ᠤᠨ | ᠬᠠᠷᠢᠭᠤᠴᠠᠯᠭᠠᠲᠠᠨ᠂ ᠮᠡᠷᠭᠡᠵᠢᠯ ᠤᠨ ᠭᠤᠣᠯᠯᠠᠭᠴᠢ ᠬᠦᠴᠦᠨ ᠨᠡᠶᠢᠲᠡ 90 ᠭᠠᠷᠤᠢ ᠬᠥᠮᠥᠨ ᠪᠣᠯᠪᠠᠰᠤᠷᠠᠯ ᠳᠤ | ᠣᠷᠣᠯᠴᠠᠵᠠᠢ᠃ |