ᠪᠠᠶᠠᠨᠨᠠᠭᠤᠷ ᠬᠤᠳᠠ ︽ᠴᠢᠬᠢ ᠦᠵᠡᠵᠦ ᠦᠷ᠎ᠡ ᠰᠣᠩᠭᠤᠬᠤ​︾ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/3/18
      ᠣᠶᠢᠷ᠎ᠠ ᠳᠤ᠂ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠪᠠᠶᠠᠨᠨᠠᠭᠤᠷ ᠬᠤᠲᠠ ᠶᠢᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠬᠥᠭᠵᠢᠯᠲᠡ ᠶᠢᠨ ᠲᠥᠪ᠂ ᠯᠢᠨ ᠾᠧ ᠲᠣᠭᠤᠷᠢᠭ ᠤᠨ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠯᠢᠨ ᠾᠧ ᠲᠠᠷᠢᠶᠠᠯᠠᠩ ᠤᠨ ᠲᠠᠯᠠᠪᠠᠶ ᠶᠢᠨ ᠳᠣᠯᠣᠳᠤᠭᠠᠷ᠂ ᠨᠠᠢᠮᠠᠳᠤᠭᠠᠷ ᠬᠤᠪᠢᠶᠠᠷᠢ ᠲᠠᠯᠠᠪᠠᠶ ᠳᠤ ᠭᠦᠨᠵᠡᠭᠡᠶᠢᠷᠡᠵᠦ᠂ ︽ᠴᠢᠬᠢ ᠦᠵᠡᠵᠦ ᠦᠷ᠎ᠡ ᠰᠣᠩᠭᠤᠬᠤ︾ ᠲᠠᠷᠢᠮᠠᠯ ᠤᠨ ᠶᠡᠷᠦᠩᠬᠡᠶᠢᠯᠡᠭᠰᠡᠨ ᠴᠢᠨᠠᠷᠲᠠᠢ ᠦᠵᠡᠭᠦᠯᠭᠡ ᠶᠢᠨ ᠵᠢᠱᠢᠶ᠎ᠡ ᠦᠵᠡᠭᠦᠯᠬᠦ ᠲᠠᠪᠴᠠᠩ ᠳᠤ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠭᠠᠵᠠᠷ ᠰᠣᠩᠭᠤᠪᠠ᠃ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠤᠬᠠᠢ ᠶᠢᠨ ᠲᠠᠯᠠᠪᠤᠷ ᠲᠤ ᠲᠠᠪᠴᠠᠩ ᠪᠠᠶᠢᠭᠤᠯᠬᠤ ᠳᠤ ᠬᠡᠷᠡᠭᠯᠡᠬᠦ ᠭᠠᠵᠠᠷ ᠪᠠ ᠠᠩᠬᠠᠨ ᠤ ᠲᠥᠯᠦᠪᠵᠢᠭᠦᠯᠭᠡ ᠶᠢᠨ ᠲᠥᠰᠥᠯ ᠢ ᠨᠠᠷᠢᠨ ᠵᠥᠪᠳᠡᠯᠴᠡᠭᠰᠡᠨ ᠪᠥᠭᠡᠳ ᠢᠷᠡᠭᠡᠳᠦᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠠᠩᠬ᠎ᠠ ᠠᠯᠬᠤᠮ ᠤᠨ ᠪᠠᠶᠢᠷᠢᠯᠠᠭᠤᠯᠤᠯᠲᠠ ᠬᠢᠵᠡᠢ᠃      ᠣᠶᠢᠷ᠎ᠠ ᠶᠢᠨ ᠵᠢᠯ ᠳᠤ᠂ ᠲᠠᠷᠢᠮᠠᠯ ᠤᠨ ᠰᠢᠨ᠎ᠡ ᠡᠭᠦᠯᠳᠡᠷ ᠢ ᠵᠢᠱᠢᠶ᠎ᠡ ᠦᠵᠡᠭᠦᠯᠦᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠲᠥᠷᠥᠯ ᠵᠦᠢᠯ ᠤᠨ ᠪᠠᠶᠢᠷᠢᠰᠢᠯ ᠢ ᠰᠢᠯᠢᠳᠡᠭᠵᠢᠭᠦᠯᠵᠦ᠂ ᠰᠢᠯᠢᠳᠡᠭ ᠰᠠᠶᠢᠨ ᠡᠭᠦᠯᠳᠡᠷ ᠢ ᠰᠢᠭᠰᠢᠨ ᠰᠣᠩᠭᠤᠬᠤ ᠪᠠ ᠳᠡᠯᠭᠡᠷᠡᠭᠦᠯᠬᠦ ᠶᠢ ᠲᠦᠷᠭᠡᠳᠬᠡᠨ᠂ ᠲᠠᠷᠢᠶᠠᠴᠢᠳ ᠢ ᠬᠠᠪᠰᠤᠷᠤᠨ ᠰᠢᠨᠵᠢᠯᠡᠬᠦ ᠤᠬᠠᠭᠠᠨᠴᠢ ᠪᠠᠷ ᠦᠷ᠎ᠡ ᠰᠤᠩᠭᠤᠭᠤᠯᠬᠤ ᠶᠢᠨ ᠲᠥᠯᠥᠭᠡ᠂ ᠪᠠᠶᠠᠨᠨᠠᠭᠤᠷ ᠬᠤᠳᠠ ᠶᠢᠨ ᠬᠢᠨ ᠪᠤᠭᠤᠳᠠᠢ᠂ ᠡᠷᠳᠡᠨᠢ ᠰᠢᠰᠢ᠂ ᠨᠡᠷᠡᠨ ᠬᠤᠸᠠᠷ᠂ ᠯᠠᠵᠤᠤ ᠵᠡᠷᠭᠡ ᠲᠠᠷᠢᠮᠠᠯ ᠤᠨ ᠰᠢᠨ᠎ᠡ ᠡᠭᠦᠯᠳᠡᠷ ᠤᠨ ᠲᠣᠭᠤᠷᠢᠨ ᠳᠤ᠂ ᠶᠡᠷᠦᠩᠬᠡᠶᠢᠯᠡᠭᠰᠡᠨ ᠴᠢᠨᠠᠷᠲᠠᠢ ᠪᠠᠷ ᠳᠡᠯᠭᠡᠨ ᠦᠵᠡᠭᠦᠯᠵᠦ ᠵᠢᠱᠢᠶ᠎ᠡ ᠦᠵᠡᠭᠦᠯᠦᠨ ᠦᠨᠡᠯᠡᠬᠦ ᠠᠵᠢᠯ ᠢ ᠦᠷᠭᠦᠯᠵᠢᠯᠡᠨ ᠥᠷᠨᠢᠭᠦᠯᠬᠦ ᠶᠢᠨ ᠬᠠᠮᠲᠤ ︽ᠴᠢᠬᠢ ᠦᠵᠡᠵᠦ ᠦᠷ᠎ᠡ ᠰᠣᠩᠭᠤᠬᠤ︾ ᠭᠤᠣᠯᠯᠠᠬᠤ ᠡᠭᠦᠯᠳᠡᠷ ᠢ ᠲᠠᠨᠢᠯᠴᠠᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠤᠰ ᠭᠠᠵᠠᠷ ᠲᠠᠭᠠᠨ ᠲᠠᠷᠢᠬᠤ ᠳᠤ ᠲᠣᠬᠢᠷᠠᠬᠤ ᠰᠢᠯᠢᠳᠡᠭ ᠡᠭᠦᠯᠳᠡᠷ ᠢ ᠰᠣᠩᠭᠤᠨ ᠭᠠᠷᠭᠠᠭᠠᠳ ᠮᠡᠳᠡᠭᠳᠡᠬᠦᠶᠢᠴᠡ ᠦᠷ᠎ᠡ ᠪᠦᠲᠦᠮᠵᠢ ᠣᠯᠪᠠ᠃      ᠡᠨᠡ ᠵᠢᠯ᠂ ᠪᠠᠶᠠᠨᠨᠠᠭᠤᠷ ᠬᠤᠳᠠ ᠶᠢᠨ ᠬᠢᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠯᠢᠨ ᠾᠧ ᠲᠠᠷᠢᠶᠠᠯᠠᠩ ᠤᠨ ᠲᠠᠯᠠᠪᠠᠢ ᠶᠢᠨ ᠳᠣᠯᠣᠳᠤᠭᠠᠷ ᠬᠤᠪᠢᠶᠠᠷᠢ ᠲᠠᠯᠠᠪᠠᠢ᠂ ᠨᠠᠢᠮᠠᠳᠤᠭᠠᠷ ᠬᠤᠪᠢᠶᠠᠷᠢ ᠲᠠᠯᠠᠪᠠᠢ ᠳᠤ ᠲᠠᠷᠢᠮᠠᠯ ᠤᠨ ︽ᠴᠢᠬᠢ ᠦᠵᠡᠵᠦ ᠦᠷ᠎ᠡ ᠰᠣᠩᠭᠤᠬᠤ︾ ᠲᠠᠷᠢᠮᠠᠯ ᠤᠨ ᠶᠡᠷᠦᠩᠬᠡᠶᠢᠯᠡᠭᠰᠡᠨ ᠴᠢᠨᠠᠷᠲᠠᠢ ᠳᠡᠯᠭᠡᠨ ᠦᠵᠡᠭᠦᠯᠬᠦ ᠵᠢᠱᠢᠶ᠎ᠡ ᠦᠵᠡᠭᠦᠯᠬᠦ ᠲᠠᠪᠴᠠᠩ ᠢ ᠪᠠᠶᠢᠭᠤᠯᠬᠤ ᠪᠠᠷ ᠲᠥᠯᠥᠪᠯᠡᠵᠦ ᠪᠤᠢ᠃ ᠪᠤᠭᠤᠳᠠᠢ᠂ ᠡᠷᠳᠡᠨᠢ ᠰᠢᠰᠢ᠂ ᠨᠡᠷᠡᠨ ᠬᠤᠸᠠᠷ᠂ ᠯᠠᠵᠤᠤ ᠵᠡᠷᠭᠡ 85 ᠰᠢᠨ᠎ᠡ ᠡᠭᠦᠯᠳᠡᠷ ᠤᠨ ᠲᠠᠷᠢᠮᠠᠯ ᠢ ᠳᠡᠯᠭᠡᠨ ᠦᠵᠡᠭᠦᠯᠵᠦ᠂ ᠲᠤᠬᠠᠢ ᠶᠢᠨ ᠲᠠᠯᠠᠪᠤᠷ ᠤᠨ ᠦᠵᠡᠭᠦᠯᠭᠡ ᠶᠢᠨ ᠬᠤᠷᠠᠯ ᠢ 2~3 ᠤᠳᠠᠭ᠎ᠠ ᠬᠢᠵᠦ᠂ ᠡᠯ᠎ᠡ ᠲᠦᠷᠦᠯ ᠤᠨ ᠰᠢᠨ᠎ᠡ ᠡᠭᠦᠯᠳᠡᠷ ᠤᠨ ᠤᠨᠠᠯᠲᠠ᠂ ᠶᠠᠰᠤ ᠴᠢᠨᠠᠷ᠂ ᠲᠡᠰᠪᠦᠷᠢᠯᠡᠬᠦ ᠴᠢᠨᠠᠷ ᠵᠡᠷᠭᠡ ᠣᠨᠴᠠᠯᠢᠭ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠲᠠᠷᠢᠶᠠᠴᠢᠳ ᠤᠨ ᠦᠷ᠎ᠡ ᠰᠣᠩᠭᠤᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠵᠤ᠂ ᠦᠷ᠎ᠡ ᠰᠣᠩᠭᠤᠬᠤ ᠪᠣᠭᠤᠮᠲᠠ ᠶᠢ ᠴᠢᠩᠭ᠎ᠠ ᠠᠳᠬᠤᠨ᠎ᠠ᠃      ︽ᠴᠢᠬᠢ ᠦᠵᠡᠵᠦ ᠦᠷ᠎ᠡ ᠰᠣᠩᠭᠤᠬᠤ︾ ᠲᠠᠷᠢᠮᠠᠯ ᠤᠨ ᠶᠡᠷᠦᠩᠬᠡᠶᠢᠯᠡᠭᠰᠡᠨ ᠴᠢᠨᠠᠷᠲᠠᠢ ᠦᠵᠡᠭᠦᠯᠭᠡ ᠶᠢᠨ ᠵᠢᠱᠢᠶ᠎ᠡ ᠦᠵᠡᠭᠦᠯᠬᠦ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠪᠠᠶᠠᠨᠨᠠᠭᠤᠷ ᠬᠤᠳᠠ ᠶᠢᠨ ᠬᠢᠨ ᠲᠠᠪᠴᠠᠩ ᠢᠶᠠᠷ ᠲᠠᠷᠢᠶᠠᠴᠢᠳ ᠤᠨ ᠰᠠᠶᠢᠨ ᠡᠭᠦᠯᠳᠡᠷ ᠢ ᠰᠣᠩᠭᠤᠨ ᠬᠡᠷᠡᠭᠯᠡᠬᠦ ᠦᠵᠡᠭᠴᠢᠳ ᠤᠨ ᠲᠠᠶᠢᠰᠠ᠂ ᠦᠷ᠎ᠡ ᠶᠢᠨ ᠠᠵᠤ ᠠᠬᠤᠶᠢᠯᠠᠯ ᠤᠨ ᠡᠭᠦᠯᠳᠡᠷ ᠤᠨ ᠮᠥᠷᠥᠶᠢᠴᠡᠭᠡᠨ ᠤ ᠲᠠᠶᠢᠰᠠ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠰᠢᠨ᠎ᠡ ᠡᠭᠦᠯᠳᠡᠷ ᠢ ᠲᠠᠨᠢᠯᠴᠠᠭᠤᠯᠬᠤ ᠲᠠᠪᠴᠠᠩ ᠤᠨ ᠬᠥᠲᠥᠯᠥᠨ ᠳᠠᠭᠠᠭᠤᠯᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠰᠠᠶᠢᠨ ᠡᠭᠦᠯᠳᠡᠷ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠤ ᠲᠣᠰᠣᠨ ᠤ ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠠᠮᠤᠷ ᠲᠦᠪᠰᠢᠨ ᠤ ᠬᠠᠩᠭᠠᠯᠭ᠎ᠠ ᠶᠢ ᠪᠠᠲᠤᠯᠠᠬᠤ ᠳᠤ ᠪᠠᠲᠤ ᠪᠠᠬᠢ ᠰᠠᠶᠢᠨ ᠡᠭᠦᠯᠳᠡᠷ ᠤᠨ ᠲᠤᠯᠭᠠᠭᠤᠷᠢᠯᠠᠯ ᠬᠠᠩᠭᠠᠨ᠎ᠠ᠂ ᠡᠨᠡᠬᠦ ᠠᠷᠭ᠎ᠠ ᠬᠡᠮᠵᠢᠶ᠎ᠡ ᠨᠢ ᠪᠠᠶᠠᠨᠨᠠᠭᠤᠷ ᠬᠤᠲᠠ ᠶᠢᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠳᠤ ᠬᠦᠴᠦᠨ ᠨᠡᠮᠡᠷᠢᠯᠡᠬᠦ ᠪᠣᠯᠣᠨ᠎ᠠ᠃
 
ᠢᠷᠡᠯᠲᠡ᠄ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号