【ᠨᠠᠶᠢᠷᠠᠭᠤᠯᠤᠭᠴᠢ ᠶᠢᠨ ᠦᠭᠡ】ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠱᠤᠭᠤᠮ ᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ᠂ ᠺᠠᠳ᠋ᠷ᠂ ᠡᠵᠡᠩᠨᠡᠯᠲᠡ ᠶᠢᠨ ᠭᠤᠣᠯ | ᠴᠣᠭᠴᠠ ᠪᠠ ᠮᠠᠯᠴᠢᠨ ᠲᠠᠷᠢᠶᠠᠴᠢᠨ ᠳᠥᠷᠪᠡᠨ ᠲᠥᠷᠥᠯ ᠤᠨ ᠭᠤᠣᠯ ᠴᠣᠭᠴᠠ ᠶᠢᠨ ᠲᠠᠷᠢᠶᠠᠯᠠᠩ ᠮᠠᠯ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ | ᠪᠥᠬᠦ ᠣᠷᠣᠨ ᠳᠤ ᠨᠠᠮ ᠤᠨ ᠠᠴᠢ ᠶᠢ ᠮᠡᠳᠡᠷᠡᠵᠦ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠣᠯᠠᠨ | ᠲᠦᠮᠡᠨ ᠤ ᠬᠥᠮᠦᠵᠢᠯ ᠤᠨ ︽1257︾ ᠪᠠᠶᠢᠩᠭᠤ ᠶᠢᠨ ᠠᠵᠢᠯᠯᠠᠭ᠎ᠠ ᠶᠢ ᠥᠷᠨᠢᠭᠦᠯᠪᠡ᠃ | 2025 ᠣᠨ ᠤ 3 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠯᠠᠭᠠᠨᠬᠠᠳᠠ ᠬᠤᠲᠠ ᠳᠤ ᠪᠥᠬᠦ ᠣᠷᠣᠨ ᠤ ᠤᠰᠤ | ᠠᠷᠪᠢᠯᠠᠬᠤ ᠠᠵᠢᠯᠯᠠᠭ᠎ᠠ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠲᠤᠬᠠᠢ ᠶᠢᠨ ᠲᠠᠯᠠᠪᠤᠷ ᠤᠨ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠣᠷᠣᠨ ᠤ 12 ᠠᠶᠢᠮᠠᠭ ᠬᠤᠲᠠ ᠶᠢᠨ | 50 ᠨᠡᠷᠡᠰ ᠲᠠᠷᠢᠶᠠᠯᠠᠩ ᠮᠠᠯ ᠠᠵᠤ ᠠᠬᠤᠢ ᠶᠢᠨ ᠺᠠᠳ᠋ᠷ ᠬᠤᠷᠠᠯ ᠳᠤ ᠣᠷᠣᠯᠴᠠᠵᠤ᠂ ᠲᠤᠬᠠᠢ ᠶᠢᠨ ᠲᠠᠯᠠᠪᠤᠷ ᠤᠨ 50 | ᠨᠡᠷᠡᠰ ᠮᠠᠯᠴᠢᠨ ᠲᠠᠷᠢᠶᠠᠴᠢᠨ ᠲᠣᠭᠤᠷᠢᠨ ᠦᠵᠡᠬᠦ ᠠᠵᠢᠯᠯᠠᠭ᠎ᠠ ᠳᠤ ᠣᠷᠣᠯᠴᠠᠵᠠᠢ᠃ ᠠᠵᠢᠯᠯᠠᠭ᠎ᠠ ᠶᠢᠨ | ᠬᠤᠭᠤᠴᠠᠭᠠᠨ ᠳᠤ᠂ ᠭᠤᠣᠯᠯᠠᠨ ᠡᠷᠭᠢᠯᠡᠬᠦ ᠲᠠᠯ᠎ᠠ ᠠᠴᠠ ᠮᠠᠯᠴᠢᠨ ᠲᠠᠷᠢᠶᠠᠴᠢᠨ ᠺᠠᠳ᠋ᠷ᠂ ᠮᠠᠯᠴᠢᠨ ᠲᠠᠷᠢᠶᠠᠴᠢᠨ ᠳᠤ ᠪᠥᠬᠦ | ᠣᠷᠣᠨ ᠤ ᠲᠠᠷᠢᠶᠠᠯᠠᠩ ᠤᠨ ᠤᠰᠤ ᠠᠷᠪᠢᠯᠠᠬᠤ ᠠᠵᠢᠯᠯᠠᠭ᠎ᠠ ᠶᠢᠨ ᠰᠠᠨᠠᠭᠠᠴᠢᠯᠠᠭ᠎ᠠ ᠶᠢᠨ ᠪᠢᠴᠢᠭ᠂ ᠤᠰᠤ ᠶᠢ ᠠᠷᠪᠢᠯᠠᠵᠤ | ᠬᠡᠷᠡᠭᠯᠡᠬᠦ ᠳᠦᠷᠢᠮ᠂ ᠤᠰᠤ ᠶᠢ ᠠᠷᠪᠢᠯᠠᠵᠤ ᠬᠡᠷᠡᠭᠯᠡᠬᠦ ᠤᠬᠠᠭᠤᠯᠭ᠎ᠠ ᠶᠢᠨ ᠭᠠᠷ ᠳᠡᠪᠲᠡᠷ ᠵᠡᠷᠭᠡ ᠤᠬᠠᠭᠤᠯᠭ᠎ᠠ ᠶᠢᠨ | ᠮᠠᠲ᠋ᠧᠷᠢᠶᠠᠯ ᠢ 500 ᠬᠤᠪᠢ ᠲᠠᠷᠬᠠᠭᠠᠵᠤ᠂ ᠰᠦᠯᠵᠢᠶᠡᠨ ᠳᠡᠭᠡᠷ᠎ᠡ ᠤᠬᠠᠭᠤᠯᠭ᠎ᠠ ᠶᠢᠨ ᠭᠠᠷ ᠳᠡᠪᠲᠡᠷ ᠢ 300 ᠬᠤᠪᠢ | ᠲᠠᠷᠬᠠᠭᠠᠵᠤ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠺᠠᠳ᠋ᠷᠴᠤᠳ ᠤᠨ ᠦᠵᠡᠯ ᠰᠠᠨᠠᠭ᠎ᠠ ᠪᠠᠨ | ᠨᠢᠭᠡᠳᠬᠡᠨ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠤᠰᠤ ᠠᠷᠪᠢᠯᠠᠬᠤ ᠠᠵᠢᠯᠯᠠᠭ᠎ᠠ ᠶᠢ | ᠬᠠᠮᠲᠤ ᠪᠠᠷ ᠲᠦᠯᠬᠢᠨ ᠠᠬᠢᠭᠤᠯᠬᠤ ᠶᠢ ᠬᠥᠮᠥᠵᠢᠭᠦᠯᠦᠨ ᠵᠢᠯᠣᠭᠤᠳᠪᠠ᠃ |