ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠪᠦᠬᠦ ᠤᠯᠤᠰ ᠤᠨ ᠬᠠᠭᠤᠷᠮᠠᠭ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠳᠤ ᠴᠣᠬᠢᠯᠲᠠ ᠥᠭᠬᠦ ᠠᠵᠢᠯ ᠤᠨ ᠸᠢᠳᠢᠣ᠋ ᠬᠤᠷᠠᠯ ᠳᠤ ᠵᠣᠬᠢᠶᠠᠨ ᠪᠠᠶᠢᠭᠤᠯᠤᠨ ᠣᠷᠣᠯᠴᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠳᠤᠯᠠᠵᠤ ᠪᠤᠢ
ᠨᠡᠶᠢᠲᠡᠯᠡᠭᠰᠡᠨ ᠴᠠᠭ᠄
2025/3/19
      ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠳᠠᠯ ᠬᠠᠭᠤᠷᠮᠠᠭ ᠴᠢᠨᠠᠷ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠦᠢᠯᠡᠳᠴᠦ ᠪᠣᠷᠣᠯᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠵᠤ᠂ ᠥᠷᠭᠡᠨ ᠣᠯᠠᠨ ᠲᠠᠷᠢᠶᠠᠴᠢᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ 3 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠡᠭᠡᠳᠦ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠢᠶ᠎ᠠ ᠶᠢᠨ ᠬᠤᠯᠪᠣᠭᠠᠲᠤ ᠬᠤᠷᠢᠶ᠎ᠠ ᠶᠢᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ᠪᠦᠬᠦ ᠤᠯᠤᠰ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠠᠭᠤᠷᠮᠠᠭ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠳᠤ ᠴᠣᠬᠢᠯᠲᠠ ᠥᠭᠬᠦ ᠠᠵᠢᠯ ᠤᠨ ᠸᠢᠳᠢᠣ᠋ ᠬᠤᠷᠠᠯ ᠳᠤ ᠣᠷᠣᠯᠴᠠᠪᠠ᠃ 
图1.png
       ᠬᠤᠷᠠᠯ ᠳᠡᠭᠡᠷ᠎ᠡ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠳᠡᠳ᠋ ᠰᠠᠶᠢᠳ ᠮᠠᠢ ᠡᠯ ᠳ᠋ᠠᠨ•ᠮᠦ ᠭᠠᠢ ᠲᠢ ᠥᠩᠭᠡᠷᠡᠭᠰᠡᠨ ᠨᠢᠭᠡ ᠵᠢᠯ ᠤᠨ ᠬᠠᠭᠤᠷᠮᠠᠭ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠳᠤ ᠴᠣᠬᠢᠯᠲᠠ ᠥᠭᠬᠦ ᠠᠵᠢᠯ ᠤᠨ ᠦᠷ᠎ᠡ ᠪᠦᠲᠦᠮᠵᠢ ᠶᠢ ᠭᠦᠢᠴᠡᠳ ᠨᠤᠲᠠᠯᠠᠭᠰᠠᠨ ᠤ ᠬᠠᠮᠲᠤ᠂ ᠣᠳᠣᠬᠠᠨ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠲᠤ ᠮᠥᠨ ᠬᠦ ᠵᠠᠷᠢᠮ ᠠᠰᠠᠭᠤᠳᠠᠯ ᠪᠠ ᠥᠷᠢᠰᠥᠯᠳᠦᠭᠡᠨ ᠣᠷᠣᠰᠢᠵᠤ ᠪᠠᠶᠢᠨ᠎ᠠ᠂ ᠵᠢᠱᠢᠶᠡᠯᠡᠪᠡᠯ ᠬᠠᠭᠤᠷᠮᠠᠭ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠪᠠᠶᠢᠨ ᠳᠠᠬᠢᠨ ᠭᠠᠷᠴᠤ᠂ ᠰᠦᠯᠵᠢᠶ᠎ᠡ ᠪᠠᠷ ᠪᠣᠷᠣᠯᠠᠭᠤᠯᠬᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠬᠦᠴᠢᠷᠳᠡᠯ ᠨᠡᠮᠡᠭᠳᠡᠵᠦ ᠪᠠᠶᠢᠬᠤ ᠵᠡᠷᠭᠡ ᠪᠣᠯᠣᠨ᠎ᠠ᠃ ᠡᠳᠡᠭᠡᠷ ᠠᠰᠠᠭᠤᠳᠠᠯ ᠳᠤ ᠴᠢᠭᠯᠡᠭᠦᠯᠦᠨ᠂ ᠬᠤᠷᠠᠯ ᠠᠴᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠲᠤ ᠴᠣᠬᠢᠯᠲᠠ ᠥᠭᠬᠦ ᠠᠵᠢᠯ ᠤᠨ ᠴᠢᠬᠤᠯᠠ ᠴᠢᠨᠠᠷ ᠢ ᠴᠢᠬᠤᠯᠠᠴᠢᠯᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠡᠯ᠎ᠡ ᠲᠦᠷᠦᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠭᠡᠵᠦ ᠱᠠᠭᠠᠷᠳᠠᠪᠠ᠃ ᠬᠤᠷᠠᠯ ᠠᠴᠠ᠂ ᠡᠨᠡ ᠵᠢᠯ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠳᠠᠷᠠᠭᠠᠯᠠᠨ ᠪᠠᠶᠢᠴᠠᠭᠠᠬᠤ ᠶᠢ ᠥᠷᠨᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠤᠬᠠᠭᠤᠯᠭ᠎ᠠ ᠪᠣᠯᠪᠠᠰᠤᠷᠠᠯ ᠢ ᠬᠦᠴᠦᠯᠡᠨ ᠥᠷᠨᠢᠭᠦᠯᠵᠦ᠂ ᠲᠤᠰᠬᠠᠢ ᠴᠡᠭᠴᠡᠯᠡᠨ ᠵᠠᠰᠠᠯᠲᠠ ᠶᠢ ᠦᠷᠭᠦᠯᠵᠢᠯᠡᠨ ᠥᠷᠨᠢᠭᠦᠯᠵᠦ᠂ ᠬᠠᠤᠯᠢ ᠬᠡᠷᠡᠭᠵᠢᠭᠦᠯᠦᠨ ᠬᠡᠷᠡᠭ ᠰᠢᠢᠳᠪᠦᠷᠢᠯᠡᠬᠦ ᠶᠢ ᠴᠢᠩᠭ᠎ᠠ ᠴᠢᠬᠤᠯᠠᠴᠢᠯᠠᠵᠤ᠂ ᠰᠦᠯᠵᠢᠶᠡᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢ ᠬᠠᠮᠵᠢᠯᠴᠠᠨ‌ᠠᠬᠢᠭᠤᠯᠬᠤ ᠬᠡᠷᠡᠭᠲᠡᠢ ᠭᠡᠵᠦ ᠲᠣᠳᠤᠷᠬᠠᠶᠢᠯᠠᠪᠠ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠬᠠᠢ ᠱᠠᠨ ᠬᠤᠪᠢᠶᠠᠷᠢ ᠬᠤᠷᠠᠯ ᠤᠨ ᠲᠠᠯᠠᠪᠠᠢ ᠳᠤ ᠴᠢᠬᠤᠯᠠᠴᠢᠯᠠᠭᠰᠠᠨ ᠨᠢ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠦᠳᠲᠡᠷ ᠲᠦᠷᠭᠡᠨ ᠬᠥᠳᠡᠯᠦᠯᠴᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠷᠢᠨ ᠨᠢᠮᠪᠠᠢ ᠲᠣᠬᠢᠷᠠᠭᠤᠯᠤᠨ᠂ ᠮᠠᠨ ᠤ ᠣᠷᠣᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠲᠤ ᠴᠣᠬᠢᠯᠲᠠ ᠥᠭᠬᠦ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠲᠤᠰ ᠤᠳᠠᠭ᠎ᠠ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠭᠤᠷᠮᠠᠭ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠳᠤ ᠴᠣᠬᠢᠯᠲᠠ ᠥᠭᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠬᠤ᠂ ᠮᠠᠯᠴᠢᠨ ᠲᠠᠷᠢᠶᠠᠴᠢᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠪᠠᠶᠢᠳᠠᠯ ᠢ ᠦᠷᠭᠦᠯᠵᠢᠯᠡᠨ ᠨᠢᠭᠲᠠ ᠠᠩᠬᠠᠷᠴᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠰᠠᠶᠢᠨ ᠰᠠᠶᠢᠬᠠᠨ ᠪᠠᠶᠢᠬᠤ ᠶᠢ ᠪᠠᠲᠤᠯᠠᠵᠤ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠪᠠᠲᠤᠯᠠᠭ᠎ᠠ ᠬᠠᠩᠭᠠᠨ᠎ᠠ ᠭᠡᠵᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号