3 ᠰᠠᠷ᠎ᠠ ᠶᠢᠨ 1 ᠤ ᠡᠳᠦᠷ᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠠᠵᠢᠯ ᠢᠷᠡᠭᠡᠳᠦᠢ ᠳᠤ | ᠨᠡᠪᠲᠡᠷᠡᠮᠦᠢ︾ ᠪᠡᠭᠡᠵᠢᠩ ᠥᠪᠥᠷ ᠮᠣᠩᠭᠤᠯ ᠤᠨ ᠵᠡᠭᠦᠨ ᠪᠠᠷᠠᠭᠤᠨ ᠬᠡᠰᠡᠭ ᠤᠨ ᠬᠥᠳᠡᠯᠮᠦᠷᠢ ᠦᠢᠯᠡᠴᠢᠯᠡᠭᠡᠨ ᠤ | ᠬᠠᠮᠵᠢᠯᠴᠠᠭ᠎ᠠ ᠶᠢᠨ ᠠᠵᠢᠯᠯᠠᠭ᠎ᠠ ᠤᠯᠠᠭᠠᠨᠬᠠᠳᠠ ᠳᠤ ᠶᠠᠪᠤᠭᠳᠠᠪᠠ᠃ ᠠᠵᠢᠯᠯᠠᠭ᠎ᠠ ᠶᠢᠨ ᠵᠣᠷᠢᠯᠭ᠎ᠠ ᠨᠢ ᠶᠡᠷᠦᠩᠬᠡᠢ ᠱᠦᠵᠢ | ᠰᠢ ᠶᠢᠨ ᠫᠢᠩ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢᠨ ᠠᠵᠢᠯ ᠢ ᠭᠦᠨᠵᠡᠭᠡᠶᠢᠷᠡᠭᠦᠯᠬᠦ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ︽ᠵᠢᠷᠭᠤᠭᠠᠨ ᠠᠵᠢᠯᠯᠠᠭ᠎ᠠ︾᠂ ᠢᠯᠠᠩᠭᠤᠶ᠎ᠠ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢ | ᠨᠠᠶᠢᠳᠠᠪᠤᠷᠢᠵᠢᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠢᠭᠡᠳ ᠪᠡᠭᠡᠵᠢᠩ ᠬᠤᠲᠠ ᠶᠢᠨ | ᠭᠠᠷ ᠤᠨ ᠥᠰᠥᠭ ᠵᠢᠷᠤᠭᠰᠠᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢᠨ ︽2+2︾ ᠤᠨ | ᠬᠠᠮᠲᠤᠷᠠᠯᠴᠠᠭ᠎ᠠ ᠶᠢᠨ ᠪᠣᠷᠣ ᠲᠥᠯᠥᠪ ᠤᠨ ᠵᠥᠪᠯᠡᠯᠴᠡᠭᠡᠷ ᠶᠣᠰᠣᠭᠠᠷ᠂ ᠤᠯᠠᠭᠠᠨᠬᠠᠳᠠ ᠬᠤᠲᠠ ᠪᠠᠷ ᠲᠤᠷᠰᠢᠯᠲᠠ ᠶᠢᠨ | ᠴᠢᠭ᠋ ᠪᠣᠯᠭᠠᠵᠤ᠂ ᠴᠢᠭ᠋ ᠢᠶᠠᠷ ᠨᠡᠶᠢᠳᠡᠮ ᠢ ᠳᠠᠶᠢᠴᠢᠯᠠᠨ ᠣᠷᠣᠨ ᠪᠦᠰᠡ ᠶᠢᠨ ᠬᠥᠳᠡᠯᠮᠦᠷᠢ ᠦᠢᠯᠡᠴᠢᠯᠡᠭᠡᠨ ᠤ | ᠬᠠᠮᠵᠢᠯᠴᠠᠭ᠎ᠠ ᠶᠢᠨ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠪᠡᠭᠡᠵᠢᠩ ᠥᠪᠥᠷ ᠮᠣᠩᠭᠤᠯ ᠤᠨ ᠬᠥᠳᠡᠯᠮᠦᠷᠢ | ᠦᠢᠯᠡᠴᠢᠯᠡᠭᠡᠨ ᠤ ᠬᠠᠮᠵᠢᠯᠴᠠᠭ᠎ᠠ ᠶᠢᠨ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠪᠠ ᠠᠵᠢᠯ ᠣᠯᠭᠤᠯᠲᠠ ᠶᠢᠨ | ᠦᠢᠯᠡᠴᠢᠯᠡᠭᠡᠨ ᠤ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠬᠦ ᠶᠢᠨ ᠲᠦᠯᠦᠭᠡ ᠶᠤᠮ᠃ | | | | ᠲᠣᠰ ᠤᠳᠠᠭ᠎ᠠ ᠶᠢᠨ ᠠᠵᠢᠯᠯᠠᠭ᠎ᠠ ᠳᠤ᠂ ᠵᠢᠩ ᠳ᠋ᠦᠩ ᠤᠨ ᠭᠡᠷ ᠠᠬᠤᠢ᠂ ᡁᠢ ᠯᠢᠶᠠᠨ ᠠᠵᠢᠯᠲᠠᠨ ᠡᠯᠰᠡᠬᠦ᠂ | ᠣᠯᠠᠨ ᠤᠯᠤᠰ ᠤᠨ ᠬᠥᠮᠥᠨ ᠤ ᠬᠦᠴᠦᠨ ᠤ ᠬᠥᠷᠥᠩᠭᠡ ᠵᠡᠷᠭᠡ ᠪᠡᠭᠡᠵᠢᠩ ᠬᠤᠲᠠ ᠶᠢᠨ ᠴᠢᠳᠠᠪᠤᠷᠢᠲᠠᠨ ᠤᠷᠢᠬᠤ | ᠠᠵᠤ ᠠᠬᠤᠶᠢᠯᠠᠯ ᠪᠣᠯᠣᠨ ᠱᠧᠦ ᠨᠦᠩ᠂ ᠵᠢᠩ ᠨᠧᠩ᠂ ᠬᠤᠩ ᠹᠦ᠋ ᠵᠡᠷᠭᠡ ᠪᠡᠭᠡᠵᠢᠩ ᠥᠪᠥᠷ ᠮᠣᠩᠭᠤᠯ ᠬᠤᠶᠠᠷ | ᠭᠠᠵᠠᠷ ᠤᠨ ᠠᠵᠤ ᠠᠬᠤᠶᠢᠯᠠᠯ ᠤᠨ ᠨᠡᠶᠢᠲᠡ 40 ᠭᠠᠷᠤᠢ ᠠᠵᠤ ᠠᠬᠤᠶᠢᠯᠠᠯ ᠤᠨ ᠲᠥᠯᠥᠭᠡᠯᠡᠭᠴᠢ ᠶᠢ ᠤᠷᠢᠵᠤ | ᠣᠷᠣᠯᠴᠠᠭᠤᠯᠵᠠᠢ᠃ ᠪᠡᠭᠡᠵᠢᠩ ᠬᠤᠳᠠ ᠶᠢᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ᠂ ᠪᠡᠭᠡᠵᠢᠩ ᠬᠤᠳᠠ ᠶᠢᠨ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ᠂ ᠥᠪᠡᠷᠲᠡᠭᠡᠨ ᠵᠠᠰᠠᠬᠤ | ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠢᠩᠬᠢᠮ᠂ ᠪᠡᠭᠡᠵᠢᠩ | ᠬᠤᠳᠠ ᠶᠢᠨ ᠲᠦᠷ ᠴᠠᠭ ᠲᠤᠰᠢᠶᠠᠯ ᠡᠭᠦᠷᠭᠡᠯᠡᠬᠦ ᠺᠠᠳ᠋ᠷ ᠤᠨ ᠪᠦᠯᠬᠦᠮ ᠵᠢᠴᠢ ᠤᠯᠠᠭᠠᠨᠬᠠᠳᠠ ᠬᠤᠳᠠ᠂ ᠬᠢᠩᠭᠠᠨ | ᠠᠶᠢᠮᠠᠭ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠣᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠬᠠᠢ ᠱᠠᠨ | ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠵᠠᠢ᠃ | | | | ᠠᠵᠢᠯᠯᠠᠭ᠎ᠠ ᠶᠢᠨ ᠬᠤᠭᠤᠴᠠᠭᠠᠨ ᠳᠤ᠂ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ | ᠬᠠᠮᠲᠤᠷᠠᠯᠴᠠᠭᠠᠨ ᠤ ᠤᠯᠠᠭᠠᠨᠬᠠᠳᠠ ᠬᠤᠲᠠ ᠶᠢᠨ ᠠᠵᠢᠯ ᠤᠨ ᠥᠷᠲᠡᠭᠡ ᠪᠠ ᠵᠢᠩ ᠳ᠋ᠦᠩ ᠤᠨ ᠭᠡᠷ ᠠᠬᠤᠢ ᠶᠢᠨ | ᠠᠵᠢᠯ ᠣᠯᠭᠤᠯᠲᠠ ᠶᠢᠨ ᠰᠠᠭᠤᠷᠢᠨ ᠭᠠᠵᠠᠷ ᠤᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠬᠤᠷᠠᠯ ᠳᠤ | ᠣᠷᠣᠯᠴᠠᠭᠰᠠᠳ ᠤᠯᠠᠭᠠᠨᠬᠠᠳᠠ ᠬᠤᠲᠠ ᠶᠢᠨ ᠵᠢᠩ ᠳ᠋ᠦᠩ ᠤᠨ ᠭᠡᠷ ᠠᠬᠤᠢ ᠶᠢᠨ ᠪᠣᠯᠪᠠᠰᠤᠷᠠᠯ ᠤᠨ ᠠᠵᠢᠯ | ᠣᠯᠭᠤᠯᠲᠠ ᠶᠢᠨ ᠰᠠᠭᠤᠷᠢᠨ ᠭᠠᠵᠠᠷ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠂ ᠣᠶᠢᠯᠠᠭᠠᠭᠰᠠᠨ ᠢᠶᠠᠷ᠂ | ᠡᠨᠡ ᠨᠢ ᠵᠢᠩ ᠳ᠋ᠦᠩ ᠤᠨ ᠭᠡᠷ ᠠᠬᠤᠢ ᠶᠢᠨ ︽ᠵᠠᠭᠤᠨ ᠰᠢᠶᠠᠨ ᠤ ᠠᠷᠪᠠᠨ ᠲᠦᠮᠡᠨ ᠭᠡᠷ ᠠᠬᠤᠢ ᠶᠢᠨ ᠠᠵᠢᠯ | ᠣᠯᠭᠤᠯᠲᠠ ᠶᠢᠨ ᠵᠦᠢᠯᠡᠰ︾ ᠤᠨ ᠪᠥᠬᠦ ᠤᠯᠤᠰ ᠤᠨ ᠠᠩᠬᠠᠳᠠᠭᠴᠢ ᠰᠠᠭᠤᠷᠢᠰᠢᠭᠰᠠᠨ ᠰᠠᠭᠤᠷᠢᠨ ᠭᠠᠵᠠᠷ ᠪᠣᠯᠣᠨ᠎ᠠ᠃ | ᠠᠵᠢᠯᠯᠠᠭ᠎ᠠ ᠶᠢᠨ ᠬᠤᠭᠤᠴᠠᠭᠠᠨ ᠳᠤ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠵᠢᠩ | ᠳ᠋ᠦᠩ ᠪᠦᠯᠦᠭᠯᠡᠯ ᠬᠠᠮᠲᠤᠷᠠᠨ ᠠᠵᠢᠯᠯᠠᠬᠤ ᠬᠡᠯᠡᠯᠴᠡᠭᠡᠷ ᠲᠣᠭᠲᠠᠵᠤ᠂ ᡁᠢ ᠯᠢᠶᠠᠨ ᠠᠵᠢᠯᠲᠠᠨ ᠡᠯᠰᠡᠬᠦ ᠪᠡᠭᠡᠵᠢᠩ ᠥᠪᠥᠷ | ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢᠨ ᠬᠡᠰᠡᠭ ᠢ ᠰᠦᠯᠵᠢᠶᠡᠨ ᠳᠤ ᠣᠷᠣᠭᠤᠯᠵᠤ᠂ | ᠤᠯᠠᠭᠠᠨᠬᠠᠳᠠ ᠬᠤᠲᠠ᠂ ᠬᠢᠩᠭᠠᠨ ᠠᠶᠢᠮᠠᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠯᠠᠨ ᠤᠯᠤᠰ ᠤᠨ | ᠬᠥᠮᠥᠨ ᠤ ᠬᠦᠴᠦᠨ ᠤ ᠬᠥᠷᠥᠩᠭᠡ᠂ ᡁᠢ ᠯᠢᠶᠠᠨ ᠠᠵᠢᠯᠲᠠᠨ ᠡᠯᠰᠡᠬᠦ ᠵᠡᠷᠭᠡ ᠠᠵᠤ ᠠᠬᠤᠶᠢᠯᠠᠯ ᠲᠠᠢ ᠬᠥᠳᠡᠯᠮᠦᠷᠢ | ᠦᠢᠯᠡᠴᠢᠯᠡᠭᠡᠨ ᠤ ᠬᠡᠷᠡᠭᠴᠡᠭᠡ ᠶᠢ ᠵᠣᠯᠭᠠᠭᠤᠯᠵᠤ᠂ ᠠᠳᠠᠯᠢ ᠬᠤᠭᠤᠴᠠᠭᠠᠨ ᠳᠤ ᠪᠡᠭᠡᠵᠢᠩ ᠥᠪᠥᠷ ᠮᠣᠩᠭᠤᠯ ᠤᠨ ᠵᠡᠭᠦᠨ | ᠪᠠᠷᠠᠭᠤᠨ ᠬᠡᠰᠡᠭ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢᠨ ᠤᠯᠠᠭᠠᠨᠬᠠᠳᠠ ᠶᠢᠨ ᠲᠤᠰᠬᠠᠢ ᠲᠠᠯᠠᠪᠤᠷ ᠤᠨ | ᠠᠵᠢᠯᠲᠠᠨ ᠡᠯᠰᠡᠬᠦ ᠴᠤᠭᠯᠠᠭᠠᠨ ᠤ ᠰᠢᠷᠢᠰ ᠠᠵᠢᠯᠯᠠᠭ᠎ᠠ ᠶᠢ ᠥᠷᠨᠢᠭᠦᠯᠵᠦ᠂ ᠰᠦᠯᠵᠢᠶᠡᠨ ᠠᠴᠠ ᠭᠠᠳᠠᠨᠠᠬᠢ ᠪᠠ | ᠰᠦᠯᠵᠢᠶᠡᠨ ᠳᠡᠭᠡᠷ᠎ᠡ ᠲᠦᠮᠡ ᠭᠠᠷᠤᠢ ᠠᠵᠢᠯ ᠤᠨ ᠪᠠᠶᠢᠷᠢ ᠬᠠᠩᠭᠠᠵᠤ᠂ ᠠᠵᠢᠯᠯᠠᠭ᠎ᠠ ᠨᠢ ᠵᠢᠱᠢᠭᠰᠡᠨ ᠦᠷ᠎ᠡ | ᠪᠦᠲᠦᠮᠵᠢ ᠶᠢ ᠣᠯᠪᠠ᠃ ᠲᠠᠨᠢᠯᠴᠠᠭᠤᠯᠤᠭᠰᠠᠨ ᠢᠶᠠᠷ᠂ 2024 ᠣᠨ ᠳᠤ ᠪᠡᠭᠡᠵᠢᠩ ᠥᠪᠥᠷ ᠮᠣᠩᠭᠤᠯ ᠬᠤᠶᠠᠷ | ᠭᠠᠵᠠᠷ ᠤᠨ ᠬᠢᠨ ᠬᠥᠳᠡᠯᠮᠦᠷᠢ ᠦᠢᠯᠡᠴᠢᠯᠡᠭᠡᠨ ᠤ ᠪᠣᠯᠪᠠᠰᠤᠷᠠᠯ ᠢ ᠭᠠᠳᠠᠭᠰᠢ ᠭᠠᠷᠭᠠᠬᠤ᠂ ᠬᠥᠳᠡᠯᠮᠦᠷᠢ | ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠪᠣᠶ ᠪᠣᠯᠭᠠᠬᠤ᠂ ᠠᠵᠢᠯ ᠣᠯᠭᠤᠬᠤ ᠰᠠᠭᠤᠷᠢᠨ ᠭᠠᠵᠠᠷ ᠢ ᠪᠦᠲᠦᠭᠡᠨ | ᠪᠠᠶᠢᠭᠤᠯᠬᠤ ᠵᠡᠷᠭᠡ ᠭᠤᠷᠪᠠᠨ ᠲᠠᠯ᠎ᠠ ᠪᠠᠷ ᠬᠦᠴᠦᠯᠡᠨ ᠴᠢᠷᠮᠠᠶᠢᠵᠤ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ | ᠠᠵᠢᠯ ᠢᠳᠡᠪᠬᠢᠲᠡᠢ ᠦᠷ᠎ᠡ ᠪᠦᠲᠦᠮᠵᠢ ᠣᠯᠵᠤ᠂ ᠪᠥᠬᠦ ᠵᠢᠯ ᠳᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ᠂ | ᠬᠠᠨᠳᠤᠯᠭ᠎ᠠ ᠲᠠᠢ ᠪᠠᠷ ᠪᠣᠯᠪᠠᠰᠤᠷᠠᠭᠤᠯᠬᠤ᠂ ᠵᠣᠬᠢᠶᠠᠨ ᠪᠠᠶᠢᠭᠤᠯᠵᠤ ᠰᠢᠯᠵᠢᠭᠦᠯᠦᠨ ᠬᠦᠷᠭᠡᠬᠦ᠂ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ 6.97 | ᠲᠦᠮᠡᠨ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠬᠠᠪᠰᠤᠷᠤᠨ ᠠᠵᠢᠯ ᠣᠯᠭᠤᠭᠰᠠᠨ ᠪᠠᠶᠢᠨ᠎ᠠ᠃ | | | | 2025 ᠣᠨ ᠳᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠲᠠᠷᠢᠶᠠᠯᠠᠩ ᠮᠠᠯ ᠠᠵᠤ ᠠᠬᠤᠢ᠂ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢᠭᠲᠠ ᠬᠠᠮᠵᠢᠯᠴᠠᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢᠨ | ᠲᠥᠰᠥᠯ ᠤᠨ ᠱᠠᠭᠠᠷᠳᠠᠯᠭ᠎ᠠ ᠶᠣᠰᠣᠭᠠᠷ᠂ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ | ᠬᠠᠮᠵᠢᠯᠴᠠᠭ᠎ᠠ ᠶᠢᠨ ︽2+2︾ ᠤᠨ ᠬᠠᠮᠲᠤᠷᠠᠯᠴᠠᠭ᠎ᠠ ᠶᠢᠨ ᠪᠣᠷᠣ ᠲᠥᠰᠥᠪ ᠤᠨ ᠵᠥᠪᠯᠡᠯᠴᠡᠭᠡᠷ ᠢ ᠤᠯᠠᠮ ᠨᠢᠭᠡ | ᠠᠯᠬᠤᠮ ᠰᠠᠶᠢᠲᠤᠷ ᠨᠠᠶᠢᠳᠠᠪᠤᠷᠢᠵᠢᠭᠤᠯᠵᠤ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠦᠨ᠂ ᠬᠥᠮᠥᠨ ᠤ ᠬᠦᠴᠦᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠵᠤ᠂ | ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠭᠦᠨᠵᠡᠭᠡᠢ ᠠᠬᠢᠭᠤᠯᠵᠤ᠂ | ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠡᠷᠴᠢᠮ ᠢ ᠪᠥᠬᠦ ᠬᠡᠯᠬᠢᠶ᠎ᠡ ᠪᠠᠷ ᠴᠢᠩᠭᠠᠷᠠᠭᠤᠯᠤᠨ᠂ ᠰᠢᠨ᠎ᠡ | ᠪᠠᠶᠢᠳᠠᠯ ᠤᠨ ᠳᠣᠣᠷᠠᠬᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠᠷ ᠠᠵᠢᠯ ᠣᠯᠭᠤᠯᠲᠠ ᠶᠢᠨ ᠣᠷᠣᠯᠭ᠎ᠠ ᠶᠢ | ᠨᠡᠮᠡᠭᠳᠡᠭᠦᠯᠬᠦ ᠳᠤ ᠬᠦᠴᠦᠨ ᠨᠡᠮᠡᠷᠢᠯᠡᠬᠦ ᠠᠵᠢᠯ ᠤᠨ ᠲᠣᠭᠲᠠᠴᠠ ᠶᠢ ᠢᠳᠡᠪᠬᠢᠲᠡᠢ ᠰᠦᠪᠡᠭᠴᠢᠯᠡᠵᠦ᠂ ᠥᠷᠭᠡᠨ ᠣᠯᠠᠨ | ᠮᠠᠯᠴᠢᠨ ᠲᠠᠷᠢᠶᠠᠴᠢᠨ ᠤ ᠠᠵᠢᠯ ᠣᠯᠭᠤᠯᠲᠠ ᠶᠢᠨ ᠣᠷᠣᠯᠭ᠎ᠠ ᠶᠢ ᠨᠡᠮᠡᠭᠳᠡᠭᠦᠯᠬᠦ ᠳᠤ ᠢᠳᠡᠪᠬᠢᠲᠡᠢ ᠬᠤᠪᠢ ᠨᠡᠮᠡᠷᠢ | ᠦᠵᠡᠭᠦᠯᠦᠨ᠎ᠡ᠃ |