ᠰᠠᠯᠠᠭ᠎ᠠ ᠮᠥᠴᠢᠷ ᠤᠨ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠶᠢ ᠤᠯᠠᠮ ᠨᠢᠭᠡ ᠠᠯᠬᠤᠮ | ᠴᠢᠩᠭᠠᠳᠬᠠᠵᠤ᠂ ᠮᠠᠨ ᠤ ᠣᠷᠣᠨ ᠤ ᠬᠥᠮᠥᠨ ᠮᠠᠯ ᠳᠤ ᠪᠦᠷ ᠬᠠᠯᠳᠠᠪᠤᠷᠢᠯᠠᠬᠤ ᠡᠪᠡᠳᠴᠢᠨ ᠢ ᠰᠡᠷᠭᠡᠶᠢᠯᠡᠨ ᠡᠵᠡᠮᠳᠡᠬᠦ | ᠠᠵᠢᠯ ᠢ ᠰᠠᠶᠢᠲᠤᠷ ᠬᠢᠬᠦ ᠶᠢᠨ ᠲᠥᠯᠥᠭᠡ᠂ 3 ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ | ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ᠲᠠᠢ ᠬᠠᠮᠲᠤᠷᠠᠨ | ᠪᠷᠦ᠋ᠼᠧᠯ ᠡᠪᠡᠳᠴᠢᠨ᠂ ᠪᠣᠭᠤᠮ᠎ᠠ ᠡᠪᠡᠳᠴᠢᠨ᠂ ᠪᠠᠭᠯᠠᠭᠴᠢ ᠬᠤᠷᠤᠬᠠᠶᠢᠲᠤ ᠡᠪᠡᠳᠴᠢᠨ ᠵᠡᠷᠭᠡ ᠬᠥᠮᠥᠨ ᠮᠠᠯ ᠳᠤ ᠪᠦᠷ | ᠬᠠᠯᠳᠠᠪᠤᠷᠢᠯᠠᠬᠤ ᠡᠪᠡᠳᠴᠢᠨ ᠢ ᠰᠡᠷᠭᠡᠶᠢᠯᠡᠨ ᠡᠵᠡᠮᠳᠡᠬᠦ ᠵᠥᠪᠳᠡᠯᠴᠡᠬᠦ ᠰᠤᠳᠤᠯᠤᠨ ᠮᠠᠭᠠᠳᠯᠠᠬᠤ ᠬᠤᠷᠠᠯ | ᠬᠤᠷᠠᠯᠳᠤᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠪᠣᠯᠣᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ | ᠲᠣᠪᠴᠢᠶ᠎ᠠ ᠶᠢᠨ ᠳᠠᠷᠤᠭ᠎ᠠ ᠵᠢᠶᠠ ᠶᠤᠸᠠᠢ ᠴᠢ ᠬᠤᠷᠠᠯ ᠳᠤ ᠣᠷᠣᠯᠴᠠᠪᠠ᠃ | | | | ᠬᠤᠷᠠᠯ ᠠᠴᠠ᠂ ᠬᠤᠶᠠᠷ ᠰᠠᠯᠠᠭ᠎ᠠ ᠮᠥᠴᠢᠷ ᠤᠨ ᠬᠢᠨ ᠣᠶᠢᠷ᠎ᠠ ᠶᠢᠨ ᠵᠢᠯ ᠠᠴᠠ ᠨᠠᠭᠠᠰᠢᠬᠢ ᠬᠥᠮᠥᠨ ᠮᠠᠯ ᠤᠨ | ᠬᠤᠭᠤᠷᠣᠨᠳᠣᠬᠢ ᠪᠷᠦ᠋ᠼᠧᠯ ᠡᠪᠡᠳᠴᠢᠨ᠂ ᠪᠣᠭᠤᠮ᠎ᠠ ᠡᠪᠡᠳᠴᠢᠨ᠂ ᠪᠠᠭᠯᠠᠭᠴᠢ ᠬᠤᠷᠣᠬᠠᠢ ᠶᠢᠨ ᠡᠪᠡᠳᠴᠢᠨ ᠵᠡᠷᠭᠡ | ᠬᠥᠮᠥᠨ ᠮᠠᠯ ᠳᠤ ᠪᠦᠷ ᠬᠠᠯᠳᠠᠪᠤᠷᠢᠯᠠᠬᠤ ᠡᠪᠡᠳᠴᠢᠨ ᠤ ᠬᠢᠵᠢᠭ ᠳᠡᠯᠭᠡᠷᠡᠵᠦ ᠪᠠᠶᠢᠭ᠎ᠠ ᠪᠠᠶᠢᠳᠠᠯ᠂ ᠰᠡᠷᠭᠡᠶᠢᠯᠡᠨ | ᠡᠵᠡᠮᠳᠡᠵᠦ ᠪᠠᠶᠢᠭ᠎ᠠ ᠪᠠᠶᠢᠳᠠᠯ᠂ ᠬᠢᠨᠠᠨ ᠬᠡᠮᠵᠢᠵᠦ ᠪᠠᠶᠢᠭ᠎ᠠ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠡᠷᠭᠡ | ᠲᠠᠯ᠎ᠠ ᠪᠠᠷ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠵᠦ ᠬᠠᠮᠲᠤᠪᠠᠷ ᠡᠳ᠋ᠯᠡᠬᠦ ᠶᠢ ᠪᠠᠲᠤᠯᠠᠬᠤ ᠬᠡᠷᠡᠭᠲᠡᠢ᠃ ᠡᠭᠦᠨ ᠤ | ᠬᠠᠮᠲᠤ ᠣᠳᠣᠬᠠᠨ ᠤ ᠬᠥᠮᠥᠨ ᠮᠠᠯ ᠳᠤ ᠪᠦᠷ ᠬᠠᠯᠳᠠᠪᠤᠷᠢᠯᠠᠬᠤ ᠡᠪᠡᠳᠴᠢᠨ ᠤ ᠬᠥᠭᠵᠢᠯᠲᠡ ᠶᠢᠨ ᠬᠠᠨᠳᠤᠰᠢ ᠪᠣᠯᠣᠨ | ᠳᠠᠯᠳᠠ ᠠᠶᠤᠯ ᠲᠦᠭᠰᠢᠭᠦᠷᠢ ᠶᠢ ᠭᠦᠨᠵᠡᠭᠡᠢ ᠦᠨᠡᠯᠡᠨ ᠵᠢᠱᠢᠵᠦ᠂ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠬᠦ ᠠᠯᠢ | ᠤᠯᠠᠨ ᠠᠷᠭ᠎ᠠ ᠬᠡᠮᠵᠢᠶ᠎ᠡ ᠶᠢ ᠠᠪᠴᠤ᠂ ᠪᠦᠬᠦ ᠣᠷᠣᠨ ᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ | ᠲᠦᠪᠰᠢᠨ ᠪᠣᠯᠣᠨ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠴᠢᠬᠤᠯᠠᠴᠢᠯᠠᠬᠤ ᠳᠠᠭᠠᠨ᠂ ᠬᠥᠮᠥᠨ ᠮᠠᠯ ᠳᠤ ᠪᠦᠷ | ᠬᠠᠯᠳᠠᠪᠤᠷᠢᠯᠠᠬᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠢᠨ ᠵᠠᠩᠭᠢᠯᠠᠭ᠎ᠠ ᠨᠢ ᠣᠲᠣ ᠶᠢᠨ ᠬᠡᠷᠡᠭᠵᠢᠭᠦᠯᠵᠦ ᠪᠠᠶᠢᠭ᠎ᠠ | ᠪᠦᠲᠦᠮᠵᠢᠲᠡᠶ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠬᠡᠪᠴᠢᠶᠡᠲᠦ ᠲᠠᠯᠠᠪᠤᠷ ᠲᠤ | ︽ᠤᠷᠢᠳᠠᠪᠠᠷ ᠳᠠᠷᠢᠵᠤ ᠳᠠᠷᠠᠭ᠎ᠠ ᠨᠢ ᠨᠥᠬᠦᠪᠦᠷᠢᠯᠡᠬᠦ︾ ᠪᠠ ᠲᠠᠷᠠᠬᠠᠢ ᠲᠡᠵᠢᠭᠡᠵᠦ ᠪᠠᠶᠢᠭ᠎ᠠ ᠡᠷᠦᠬᠡ ᠶᠢᠨ ᠮᠠᠯ | ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ︽ᠬᠤᠶᠠᠷ ᠲᠠᠯ᠎ᠠ ᠶᠢ ᠵᠡᠷᠭᠡ ᠪᠠᠷ ᠠᠳᠬᠤᠬᠤ︾ ᠬᠢᠵᠢᠭ ᠢ | ᠰᠡᠷᠭᠡᠶᠢᠯᠡᠬᠦ ᠵᠠᠭᠪᠤᠷ ᠢ ᠶᠡᠭᠡ ᠪᠠᠷ ᠬᠡᠷᠡᠭᠵᠢᠭᠦᠯᠵᠦ᠂ ︽ᠬᠡᠨ ᠳᠠᠷᠢᠬᠤ︾ ᠠᠰᠠᠭᠤᠳᠠᠯ ᠢ ᠦᠨᠳᠦᠰᠦᠨ ᠠᠴᠠ ᠨᠢ | ᠰᠢᠢᠳᠪᠦᠷᠢᠯᠡᠬᠦ ᠳᠤ ᠪᠠᠶᠢᠨ᠎ᠠ᠃ ᠡᠭᠦᠨ ᠤ ᠬᠠᠮᠲᠤ᠂ ᠭᠤᠣᠯᠳᠠᠯᠭ᠎ᠠ ᠲᠠᠢ ᠬᠤᠰᠢᠭᠤ ᠰᠢᠶᠠᠨ ᠤ ᠳᠠᠭᠠᠭᠠᠴᠢᠯᠠᠨ | ᠬᠤᠯᠪᠣᠭᠠᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠷᠦ᠋ᠼᠧᠯ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠢ | ᠡᠯ᠎ᠡ ᠰᠠᠯᠠᠭ᠎ᠠ ᠮᠥᠴᠢᠷ ᠤᠨ ᠭᠤᠣᠯᠳᠠᠯᠭ᠎ᠠ ᠲᠠᠢ ᠡᠭᠦᠷᠭᠡ ᠪᠣᠯᠭᠠᠨ ᠵᠢᠭᠰᠠᠭᠠᠵᠤ᠂ ᠪᠦᠬᠦ᠋ᠢᠯᠡ ᠬᠢᠵᠢᠭ ᠤᠨ ᠪᠠᠶᠢᠳᠠᠯ ᠢ | ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ᠂ ᠬᠥᠮᠥᠨ ᠮᠠᠯ ᠳᠤ ᠪᠦᠷ ᠬᠠᠯᠳᠠᠪᠤᠷᠢᠯᠠᠬᠤ ᠡᠪᠡᠳᠴᠢᠨ ᠢ ᠰᠡᠷᠭᠡᠶᠢᠯᠡᠨ ᠡᠵᠡᠮᠳᠡᠬᠦ ᠳᠤ ᠰᠠᠯᠠᠭ᠎ᠠ | ᠮᠥᠴᠢᠷ ᠤᠨ ᠪᠠᠬᠢᠯᠡᠯᠲᠡ ᠶᠢ ᠡᠪᠳᠡᠵᠦ᠂ ᠤᠯᠠᠨ ᠬᠦᠷᠢᠶ᠎ᠡ ᠴᠠᠷᠠᠭᠠᠨ ᠳᠤ ᠬᠠᠮᠵᠢᠯᠴᠠᠭᠰᠠᠨ᠂ ᠪᠦᠬᠦ ᠬᠡᠯᠬᠢᠶ᠎ᠡ ᠪᠠᠷ | ᠬᠠᠮᠢᠶᠠᠷᠤᠨ ᠡᠵᠡᠮᠳᠡᠬᠦ ᠰᠡᠷᠭᠡᠶᠢᠯᠡᠨ ᠡᠵᠡᠮᠳᠡᠬᠦ ᠪᠠᠶᠢᠷᠢᠰᠢᠯ ᠢ ᠪᠠᠶᠢᠭᠤᠯᠵᠤ᠂ ᠬᠤᠶᠠᠷ ᠰᠠᠯᠠᠭ᠎ᠠ ᠮᠥᠴᠢᠷ ᠤᠨ ᠬᠢᠨ | ᠬᠥᠮᠥᠨ ᠮᠠᠯ ᠳᠤ ᠪᠦᠷ ᠬᠠᠯᠳᠠᠪᠤᠷᠢᠯᠠᠬᠤ ᠡᠪᠡᠳᠴᠢᠨ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ | ᠬᠠᠮᠵᠢᠯᠴᠠᠭᠠᠨ ᠤ ᠲᠣᠭᠲᠠᠴᠠ ᠶᠢ ᠪᠠᠶᠢᠭᠤᠯᠬᠤ ᠲᠤᠬᠠᠢ ᠭᠦᠨᠵᠡᠭᠡᠢ ᠰᠤᠳᠤᠯᠤᠨ ᠶᠠᠷᠢᠯᠴᠠᠵᠤ᠂ ᠰᠠᠨᠠᠯ ᠨᠢᠭᠡᠲᠡᠢ | ᠬᠠᠮᠲᠤ ᠶᠢᠨ ᠲᠠᠨᠢᠯᠲᠠ ᠲᠠᠢ ᠪᠣᠯᠬᠤ ᠬᠡᠷᠡᠭᠲᠡᠢ ᠭᠡᠵᠦ ᠦᠵᠡᠪᠡ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ | ᠲᠣᠪᠴᠢᠶ᠎ᠠ ᠶᠢᠨ ᠬᠠᠮᠢᠶ᠎ᠠ ᠪᠦᠬᠦᠢ ᠭᠠᠵᠠᠷ ᠠᠯᠪᠠᠨ ᠭᠡᠷ ᠤᠨ ᠬᠥᠮᠥᠰ ᠬᠤᠷᠠᠯ ᠳᠤ ᠣᠷᠣᠯᠴᠠᠵᠠᠢ᠃ |