ᠪᠦᠬᠦ ᠣᠷᠣᠨ ᠤ ᠬᠠᠪᠰᠤᠷᠤᠨ ᠲᠡᠳᠬᠦᠬᠦ ᠠᠵᠢᠯ ᠤᠨ ᠸᠢᠳᠢᠤ᠋ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2025/3/21
      3 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠥᠬᠦ ᠣᠷᠣᠨ ᠤ ᠬᠠᠪᠰᠤᠷᠤᠨ ᠲᠡᠳᠬᠦᠬᠦ ᠠᠵᠢᠯ ᠤᠨ ᠸᠢᠳᠢᠤ᠋ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠣᠷᠣᠨ ᠤ ᠬᠠᠪᠰᠤᠷᠤᠨ ᠲᠡᠳᠬᠦᠬᠦ ᠠᠵᠢᠯ ᠳᠤ ᠰᠢᠰᠲ᠋ᠧᠮ ᠲᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠢᠩᠬᠢᠮ ᠤᠨ ᠳᠠᠷᠤᠭ᠎ᠠ ᠵᠠᠩ ᠬᠤᠸᠠ ᠵᠧᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ 
图片1.png
       ᠬᠤᠷᠠᠯ ᠳᠡᠭᠡᠷ᠎ᠡ᠂ ᠪᠤᠭᠤᠲᠤ ᠬᠤᠳᠠ᠂ ᠬᠢᠩᠭᠠᠨ ᠠᠶᠢᠮᠠᠭ᠂ ᠤᠯᠠᠭᠠᠨᠬᠠᠳᠠ ᠬᠤᠳᠠ᠂ ᠲᠦᠩᠯᠢᠶᠣᠣ ᠬᠤᠳᠠ᠂ ᠤᠯᠠᠭᠠᠨᠴᠠᠪ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠣᠳᠣᠬᠠᠨ ᠤ ᠬᠢᠨᠠᠨ ᠪᠠᠶᠢᠴᠠᠭᠠᠭᠳᠠᠬᠤ ᠡᠲᠡᠭᠡᠳ ᠤᠨ ᠠᠶᠤᠯ ᠲᠦᠭᠰᠢᠭᠦᠷᠢ ᠶᠢ ᠠᠷᠢᠯᠭᠠᠬᠤ ᠠᠵᠢᠯ ᠢ ᠠᠬᠢᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠠᠪᠰᠤᠷᠤᠨ ᠲᠡᠳᠬᠦᠬᠦ ᠭᠠᠵᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠮᠡᠳᠡᠭᠡ ᠵᠠᠩᠭᠢ ᠶᠢ ᠬᠢᠨᠠᠨ ᠬᠡᠮᠵᠢᠬᠦ ᠲᠥᠪ ᠤᠨ ᠭᠤᠣᠯ ᠬᠠᠷᠢᠭᠤᠴᠠᠯᠭᠠᠲᠠᠨ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠮᠡᠳᠡᠭᠦᠯᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠮᠥᠨᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ 5 ᠵᠢᠯ ᠤᠨ ᠰᠢᠯᠵᠢᠯᠲᠡ ᠶᠢᠨ ᠬᠤᠭᠤᠴᠠᠭᠠᠨ ᠤ ᠬᠠᠮᠤᠭ ᠰᠡᠭᠦᠯᠴᠢ ᠶᠢᠨ ᠨᠢᠭᠡ ᠵᠢᠯ ᠪᠣᠯᠣᠨ᠎ᠠ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠬᠢᠨ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠭᠡᠵᠢᠶ᠎ᠡ ᠢᠮᠠᠭᠳᠠ ᠲᠤᠭᠤᠰᠢᠯᠠᠭᠤᠯᠤᠨ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠵᠦ᠂ ᠡᠯ᠎ᠡ ᠵᠦᠢᠯ ᠤᠨ ᠠᠵᠢᠯ ᠢᠶᠠᠨ ᠥᠴᠥᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠬᠢᠬᠦ ᠬᠡᠷᠡᠭᠲᠡᠢ᠃ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠶᠠᠳᠠᠭᠤᠷᠠᠯ ᠳᠠᠬᠢᠨ ᠡᠭᠦᠰᠬᠦ ᠶᠢ ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠠᠪᠰᠤᠷᠤᠨ ᠲᠡᠳᠬᠦᠬᠦ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠥᠷᠥᠯ ᠬᠤᠪᠢᠶᠠᠨ ᠠᠬᠢᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠤ ᠠᠵᠢᠯ ᠬᠥᠳᠡᠯᠮᠦᠷᠢ ᠠᠵᠢᠯ ᠣᠯᠭᠤᠯᠲᠠ ᠶᠢᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠵᠣᠯᠭᠠᠯᠳᠤᠭᠤᠯᠬᠤ ᠪᠡᠯᠡ ᠮᠥᠩᠭᠦ ᠶᠢ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ ᠬᠡᠷᠡᠭᠯᠡᠵᠦ᠂ ᠭᠤᠣᠯᠳᠠᠯᠭ᠎ᠠ ᠲᠠᠢ ᠣᠷᠣᠨ ᠪᠦᠰᠡ ᠶᠢ ᠪᠠᠬᠢᠵᠢᠭᠦᠯᠦᠨ ᠳᠡᠭᠡᠭᠰᠢᠯᠡᠭᠦᠯᠬᠦ ᠶᠢ ᠰᠠᠶᠢᠲᠤᠷ ᠠᠳᠬᠤᠵᠤ᠂ ︽ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠰᠢᠯᠵᠢᠯᠲᠡ ᠶᠢᠨ ᠬᠤᠭᠤᠴᠠᠭᠠᠨ ᠤ ᠡᠭᠦᠷᠭᠡ ᠬᠠᠷᠢᠭᠤᠴᠠᠯᠭ᠎ᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠲᠠᠷᠢᠶᠠᠯᠠᠩ ᠤᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号