ᠲᠠᠪᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠠᠷᠠᠭᠤᠨ ᠬᠡᠰᠡᠭ ᠤᠨ ᠬᠠᠪᠤᠷ ᠤᠨ ᠤᠯᠠᠷᠢᠯ ᠤᠨ ᠲᠠᠷᠢᠶᠠᠯᠠᠩ ᠤᠨ ᠮᠠᠰᠢᠨ ᠤ ᠦᠵᠡᠭᠦᠯᠭᠡ ᠡᠬᠢᠯᠡᠪᠡ
ᠨᠡᠶᠢᠲᠡᠯᠡᠭᠰᠡᠨ ᠴᠠᠭ᠄
2025/3/21
      3 ᠰᠠᠷ᠎ᠠ ᠶᠢᠨ 20 ᠤ ᠡᠳᠦᠷ᠂ ᠲᠠᠪᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠠᠷᠠᠭᠤᠨ ᠬᠡᠰᠡᠭ ᠤᠨ ᠬᠠᠪᠤᠷ ᠤᠨ ᠤᠯᠠᠷᠢᠯ ᠤᠨ ᠲᠠᠷᠢᠶᠠᠯᠠᠩ ᠤᠨ ᠮᠠᠰᠢᠨ ᠤ ᠦᠵᠡᠭᠦᠯᠭᠡ ᠯᠢᠨ ᠾᠧ ᠲᠣᠭᠤᠷᠢᠭ ᠤᠨ ᠦ᠋ ᠬᠥ᠋ ᠴᠧᠩ ᠬᠤᠲᠠ ᠶᠢᠨ ᠦᠵᠡᠭᠦᠯᠭᠡ ᠶᠢᠨ ᠲᠥᠪ ᠲᠤ ᠡᠬᠢᠯᠡᠪᠡ᠃      ᠲᠤᠰ ᠬᠤᠭᠤᠴᠠᠭᠠᠨ ᠤ ᠦᠵᠡᠭᠦᠯᠭᠡ ᠶᠢᠨ ᠴᠤᠭᠯᠠᠭᠠᠨ ᠨᠢ 3 ᠡᠳᠦᠷ ᠶᠠᠪᠤᠭᠳᠠᠵᠤ᠂ ︽ᠲᠠᠷᠢᠶᠠᠯᠠᠩ ᠤᠨ ᠮᠠᠰᠢᠨ ᠲᠣᠨᠣᠭᠯᠠᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠬᠤ︾  ᠪᠠᠷ ᠭᠤᠣᠯ ᠰᠡᠳᠦᠪ ᠪᠣᠯᠭᠠᠵᠤ᠂ 100 ᠭᠠᠷᠤᠢ ᠲᠠᠷᠢᠶᠠᠯᠠᠩ ᠤᠨ ᠮᠠᠰᠢᠨ ᠦᠢᠯᠡᠳᠪᠦᠷᠢᠯᠡᠨ ᠪᠣᠷᠣᠯᠠᠭᠤᠯᠬᠤ ᠠᠵᠤ ᠠᠬᠤᠶᠢᠯᠠᠯ ᠦᠵᠡᠭᠦᠯᠭᠡ ᠳᠤ ᠣᠷᠣᠯᠴᠠᠪᠠ᠂ ᠦᠵᠡᠭᠦᠯᠭᠡ ᠳᠤ ᠣᠷᠣᠯᠴᠠᠬᠤ ᠮᠠᠰᠢᠨ ᠪᠠᠭᠠᠵᠢ ᠳᠤ ᠣᠶᠤᠨᠴᠢ ᠵᠠᠮᠴᠢᠯᠠᠭ᠎ᠠ ᠶᠢᠨ ᠵᠢᠯᠣᠭᠤᠴᠢ ᠦᠭᠡᠢ ᠮᠠᠰᠢᠨ ᠮᠧᠬᠠᠨᠢᠭ᠂ ᠬᠠᠭᠠᠯᠪᠤᠷᠢᠯᠠᠨ ᠭᠠᠵᠠᠷ ᠲᠡᠭᠰᠢᠯᠡᠬᠦ ᠮᠠᠰᠢᠨ ᠮᠧᠬᠠᠨᠢᠭ᠂ ᠨᠠᠷᠢᠯᠢᠭ ᠬᠡᠮᠵᠢᠬᠦ ᠣᠶᠤᠨᠴᠢ ᠲᠠᠷᠢᠬᠤ ᠮᠠᠰᠢᠨ ᠮᠧᠬᠠᠨᠢᠭ᠂ ᠢᠳᠡᠰᠢᠨ ᠨᠣᠭᠤᠭ᠎ᠠ ᠰᠢᠯᠵᠢᠭᠦᠯᠦᠨ ᠵᠠᠶᠢᠯᠠᠬᠤ ᠮᠠᠰᠢᠨ ᠮᠧᠬᠠᠨᠢᠭ ᠵᠡᠷᠭᠡ 14 ᠶᠡᠭᠡ ᠲᠦᠷᠦᠯ ᠤᠨ 2000 ᠭᠠᠷᠤᠢ ᠰᠠᠤᠷᠢ ︵ᠢᠵᠢ︶ ᠪᠠᠶᠢᠨ᠎ᠠ᠃      ᠦᠵᠡᠭᠦᠯᠭᠡ ᠶᠢᠨ ᠲᠤᠬᠠᠢ ᠶᠢᠨ ᠲᠠᠯᠠᠪᠠᠢ ᠳᠤ᠂ ᠣᠶᠤᠨᠴᠢ ᠵᠠᠮᠴᠢᠯᠠᠭ᠎ᠠ ᠶᠢᠨ ᠵᠢᠯᠣᠭᠤᠴᠢ ᠦᠭᠡᠢ ᠮᠠᠰᠢᠨ ᠮᠧᠬᠠᠨᠢᠭ᠂ ᠨᠠᠷᠢᠯᠢᠭ ᠬᠡᠮᠵᠢᠬᠦ ᠣᠶᠤᠨᠴᠢ ᠲᠠᠷᠢᠬᠤ ᠮᠠᠰᠢᠨ ᠮᠧᠬᠠᠨᠢᠭ᠂ ᠤᠷᠭᠤᠮᠠᠯ ᠤᠨ ᠬᠠᠮᠠᠭᠠᠯᠠᠯᠲᠠ ᠶᠢᠨ ᠵᠢᠯᠣᠭᠤᠴᠢ ᠦᠭᠡᠢ ᠨᠢᠰᠬᠡᠯ ᠵᠡᠷᠭᠡ ᠣᠶᠤᠨᠴᠢᠯᠠᠭᠰᠠᠨ ᠲᠠᠷᠢᠶᠠᠯᠠᠩ ᠤᠨ ᠮᠠᠰᠢᠨ ᠲᠣᠨᠣᠭᠯᠠᠯ ᠨᠢ ᠰᠢᠨ᠎ᠡ ᠬᠢᠯᠠᠰ ᠴᠡᠭ ᠪᠣᠯᠪᠠ᠃ ᠦᠵᠡᠭᠦᠯᠭᠡ ᠳᠤ ᠣᠷᠣᠯᠴᠠᠭᠰᠠᠨ ᠣᠯᠠᠨ ᠮᠠᠯᠴᠢᠨ ᠲᠠᠷᠢᠶᠠᠴᠢᠨ ᠲᠤᠬᠠᠢ ᠶᠢᠨ ᠲᠠᠯᠠᠪᠤᠷ ᠲᠤ ᠲᠠᠷᠢᠶᠠᠯᠠᠩ ᠤᠨ ᠮᠠᠰᠢᠨ ᠤ ᠵᠠᠮᠴᠢᠯᠠᠭ᠎ᠠ ᠶᠢᠨ ᠠᠦ᠋ᠲ᠋ᠣ᠋ ᠵᠢᠯᠣᠭᠤᠳᠤᠯᠭ᠎ᠠ ᠶᠢᠨ ᠰᠢᠰᠲ᠋ᠧᠮ᠂ ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠬᠦ ᠵᠢᠯᠣᠭᠤᠴᠢ ᠦᠭᠡᠢ ᠨᠢᠰᠬᠡᠯ ᠵᠡᠷᠭᠡ ᠣᠶᠤᠨᠴᠢ ᠲᠠᠷᠢᠶᠠᠯᠠᠩ ᠤᠨ ᠮᠠᠰᠢᠨ ᠢ ᠲᠤᠷᠰᠢᠵᠤ ᠦᠵᠡᠪᠡ᠃      ᠣᠶᠢᠷ᠎ᠠ ᠶᠢᠨ ᠵᠢᠯ ᠤᠳ ᠲᠤ᠂ ᠪᠠᠶᠠᠨᠨᠠᠭᠤᠷ ᠬᠤᠲᠠ ᠮᠠᠰᠢᠨᠴᠢᠯᠠᠯᠲᠠ ᠬᠢᠭᠡᠳ ᠲᠠᠷᠢᠶᠠᠯᠠᠩ ᠤᠨ ᠮᠡᠷᠭᠡᠵᠢᠯ ᠤᠨ ᠳᠦᠷᠢᠮ᠂ ᠣᠶᠤᠨᠴᠢ ᠮᠡᠳᠡᠭᠡ ᠵᠠᠩᠭᠢ ᠶᠢᠨ ᠮᠡᠷᠭᠡᠵᠢᠯ᠂ ᠲᠠᠷᠢᠶᠠᠯᠠᠩ ᠤᠨ ᠡᠵᠡᠩᠨᠡᠯᠲᠡ ᠶᠢᠨ ᠠᠷᠭ᠎ᠠ ᠮᠠᠶ᠋ᠢᠭ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠠᠷᠢᠯᠴᠠᠨ ᠠᠭᠤᠰᠤᠯᠴᠠᠭᠤᠯᠤᠨ ᠵᠣᠬᠢᠴᠠᠭᠤᠯᠬᠤ ᠶᠢ ᠶᠡᠭᠡ ᠪᠠᠷ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠡᠨᠡ ᠵᠢᠯ᠂ ᠵᠢᠱᠢᠯᠲᠡ ᠪᠠᠷ ᠪᠥᠬᠦ ᠬᠤᠲᠠ ᠶᠢᠨ ᠲᠠᠷᠢᠶᠠᠯᠠᠩ ᠤᠨ ᠮᠠᠰᠢᠨ ᠤ ᠶᠡᠷᠦᠩᠬᠡᠢ ᠬᠥᠳᠡᠯᠭᠡᠬᠦ ᠬᠦᠴᠦᠨ 720 ᠲᠦᠮᠡᠨ ᠺᠢᠯᠣᠸᠠᠲ ᠠᠴᠠ ᠳᠡᠭᠡᠭᠰᠢ ᠳᠤ ᠬᠦᠷᠴᠦ᠂ ᠲᠠᠷᠢᠮᠠᠯ ᠤᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ 88.2% ᠲᠤ ᠬᠦᠷᠬᠦ ᠪᠣᠯᠣᠨ᠎ᠠ᠃
 
ᠢᠷᠡᠯᠲᠡ᠄ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号