ᠴᠡᠪᠡᠷᠯᠡᠬᠦ᠄ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ ᠲᠠᠷᠢᠶᠠᠯᠠᠩ ᠤᠨ ᠮᠠᠰᠢᠨ ᠢ ᠲᠦᠢᠯᠪᠤᠷᠢᠲᠠᠢ ᠴᠡᠪᠡᠷᠯᠡᠵᠦ᠂ | ᠮᠠᠰᠢᠨ ᠤ ᠬᠤᠭ ᠲᠣᠭᠤᠰᠣ᠂ ᠰᠢᠪᠠᠷ ᠰᠢᠷᠣᠢ᠂ ᠲᠣᠰᠣᠨ ᠪᠣᠬᠢᠷ ᠵᠢᠴᠢ ᠬᠤᠷᠢᠶᠠᠯᠲᠠ ᠶᠢᠨ ᠤᠯᠠᠷᠢᠯ ᠤᠨ ᠦᠯᠡᠳᠡᠭᠳᠡᠯ | ᠲᠠᠷᠢᠮᠠᠯ ᠤᠨ ᠰᠢᠭᠠᠷᠤ ᠵᠡᠷᠭᠡ ᠶᠢ ᠠᠷᠢᠯᠭᠠᠵᠤ᠂ ᠢᠳᠡᠭᠳᠡᠬᠦ ᠶᠢ ᠰᠡᠷᠭᠡᠶᠢᠯᠡᠨ᠂ ᠢᠯᠴᠢ ᠲᠠᠷᠬᠠᠭᠠᠬᠤ ᠪᠠ ᠠᠵᠢᠯᠯᠠᠬᠤ ᠶᠢ | ᠪᠠᠲᠤᠯᠠᠨ᠎ᠠ᠃ | ᠤᠭᠰᠠᠷᠠᠭ᠎ᠠ ᠲᠣᠨᠤᠭ ᠢ ᠪᠠᠶᠢᠴᠠᠭᠠᠬᠤ᠄ ᠡᠯ᠎ᠡ ᠤᠭᠰᠠᠷᠠᠭ᠎ᠠ ᠲᠣᠨᠤᠭ ᠢ ᠪᠦᠬᠦ ᠲᠠᠯ᠎ᠠ ᠪᠠᠷ ᠪᠠᠶᠢᠴᠠᠭᠠᠨ᠎ᠠ᠂ | ᠵᠢᠱᠢᠶᠡᠯᠡᠪᠡᠯ ᠳᠤᠭᠤᠶᠢᠯᠠᠪᠤᠷᠢ ᠶᠢᠨ ᠡᠯᠡᠭᠳᠡᠯ᠂ ᠠᠭᠠᠷ ᠤᠨ ᠳᠠᠷᠤᠯᠲᠠ ᠨᠢ ᠬᠡᠪ ᠤᠨ ᠪᠠᠶᠢᠬᠤ ᠡᠰᠡᠬᠦ᠂ ᠡᠷᠭᠢ ᠱᠤᠷᠠᠭ ᠨᠢ | ᠰᠤᠯᠠᠷᠠᠭᠰᠠᠨ ᠡᠰᠡᠬᠦ᠂ ᠳᠠᠮᠵᠢᠯᠭ᠎ᠠ ᠶᠢᠨ ᠪᠦᠰᠡ ᠶᠢᠨ ᠰᠤᠯᠠ ᠴᠢᠩᠭ᠎ᠠ ᠬᠡᠮᠵᠢᠶ᠎ᠡ ᠨᠢ ᠲᠣᠬᠢᠷᠠᠮᠵᠢᠲᠠᠢ ᠡᠰᠡᠬᠦ᠂ | ᠬᠡᠯᠬᠢᠶ᠎ᠡ ᠶᠢᠨ ᠡᠯᠡᠭᠳᠡᠯ ᠤᠨ ᠪᠠᠶᠢᠳᠠᠯ ᠵᠡᠷᠭᠡ ᠶᠢ ᠴᠠᠭ ᠲᠤᠬᠠᠢ ᠳᠤᠨᠢ ᠰᠠᠶᠢᠳᠤᠷ ᠪᠠᠶᠢᠴᠠᠭᠠᠵᠤ᠂ ᠡᠯᠡᠭᠳᠡᠭᠰᠡᠨ ᠢ ᠨᠢ | ᠰᠣᠯᠢᠨ᠎ᠠ᠃ | ᠬᠥᠳᠡᠯᠭᠡᠭᠦᠷ ᠮᠠᠰᠢᠨ ᠢ ᠠᠷᠠᠴᠢᠯᠠᠨ ᠬᠠᠮᠠᠭᠠᠯᠠᠬᠤ᠄ ᠮᠠᠰᠢᠨ ᠤ ᠲᠣᠰᠣ᠂ ᠬᠥᠷᠥᠭᠡᠬᠦ ᠰᠢᠩᠭᠡᠨ ᠤ ᠪᠠᠶᠢᠷᠢ ᠪᠠ | ᠶᠠᠰᠤ ᠴᠢᠨᠠᠷ ᠢ ᠪᠠᠶᠢᠴᠠᠭᠠᠵᠤ᠂ ᠴᠢᠬᠤᠯᠠ ᠲᠠᠢ ᠦᠶ᠎ᠡ ᠳᠤ ᠰᠣᠯᠢᠬᠤ ᠬᠡᠷᠡᠭᠲᠡᠢ᠃ ᠠᠭᠠᠷ ᠤᠨ ᠱᠦᠭᠦᠭᠦᠷ ᠢ ᠴᠡᠪᠡᠷᠯᠡᠵᠦ᠂ | ᠬᠡᠢ ᠣᠷᠣᠭᠤᠯᠬᠤ ᠶᠢᠨ ᠰᠠᠭᠠᠳ ᠦᠭᠡᠢ ᠪᠠᠶᠢᠬᠤ ᠶᠢ ᠦᠨᠡᠨᠬᠦ ᠪᠠᠲᠤᠯᠠᠬᠤ ᠪᠥᠭᠡᠳ ᠭᠠᠯ ᠤᠨ ᠪᠥᠭᠯᠡᠭᠡ᠂ ᠲᠣᠰᠣ | ᠰᠦᠷᠴᠢᠬᠦ ᠠᠮᠠ ᠶᠢ ᠪᠠᠶᠢᠴᠠᠭᠠᠵᠤ᠂ ᠬᠥᠳᠡᠯᠭᠡᠭᠦᠷ ᠮᠠᠰᠢᠨ ᠢ ᠬᠡᠪ ᠢᠶᠠᠷ ᠨᠢ ᠡᠬᠢᠯᠡᠭᠦᠯᠬᠦ ᠪᠠ ᠠᠵᠢᠯᠯᠠᠭᠤᠯᠬᠤ ᠶᠢ | ᠪᠠᠲᠤᠯᠠᠨ᠎ᠠ᠃ |