ᠣᠶᠢᠷ᠎ᠠ ᠳᠤ᠂ ᠰᠤᠷᠪᠤᠯᠵᠢᠯᠠᠬᠴᠢ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ | ᠠᠬᠤᠢ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ ᠬᠤᠭᠤᠴᠠᠭ᠎ᠠ ᠪᠤᠯᠬᠤ ᠲᠠᠢ ᠵᠡᠷᠭᠡ᠂ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠴᠠᠬᠠᠷ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠲᠣᠪᠴᠢᠶ᠎ᠠ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠤᠨ ᠦᠢᠯᠡᠳᠪᠦᠷᠢᠯᠡᠯ ᠳᠤ ᠬᠡᠷᠡᠭᠰᠡᠬᠦ ᠡᠳ᠋ | ᠪᠣᠳᠠᠰ ᠢ ᠭᠦᠢᠴᠡᠳ ᠪᠡᠯᠡᠳᠬᠡᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠤᠷᠤᠭᠰᠢᠲᠠᠢ | ᠶᠠᠪᠤᠭᠳᠠᠬᠤ ᠶᠢ ᠦᠨᠡᠨ ᠬᠦ ᠪᠠᠲᠤᠯᠠᠵᠤ ᠪᠠᠶᠢᠨ᠎ᠠ᠃ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ | ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠵᠠᠩ ᠴᠤᠤ᠄ ︽2025 ᠣᠨ ᠤ ᠬᠠᠪᠤᠷ ᠤᠨ ᠲᠠᠷᠢᠶᠠᠯᠠᠭ᠎ᠠ ᠤᠳᠠᠯ | ᠦᠭᠡᠢ ᠡᠬᠢᠯᠡᠬᠦ ᠪᠠᠷ ᠪᠤᠢ᠂ ᠤᠯᠠᠨ ᠲᠦᠮᠡᠨ ᠴᠥᠮ ᠬᠠᠪᠤᠷ ᠤᠨ ᠲᠠᠷᠢᠶᠠᠯᠠᠭ᠎ᠠ ᠳᠤ ᠪᠡᠯᠡᠳᠬᠡᠯ ᠬᠢᠵᠦ ᠪᠠᠶᠢᠨ᠎ᠠ᠃ ᠪᠢᠳᠡ | ᠬᠢᠮᠢ ᠶᠢᠨ ᠪᠣᠷᠳᠣᠭᠤᠷ᠂ ᠦᠷ᠎ᠡ ᠶᠢ ᠪᠦᠷ ᠪᠡᠯᠡᠳᠬᠡᠴᠢᠬᠡᠪᠡ᠂ ᠡᠭᠦᠨ ᠤ ᠵᠣᠷᠢᠯᠭ᠎ᠠ ᠨᠢ ᠤᠯᠠᠨ ᠲᠦᠮᠡᠨ ᠤ ᠬᠤᠳᠠᠯᠳᠤᠨ | ᠠᠪᠬᠤ ᠳᠤ ᠲᠦᠭᠦᠮ ᠦᠵᠡᠭᠦᠯᠭᠦ ᠶᠢᠨ ᠲᠥᠯᠥᠭᠡ ᠶᠤᠮ︾ ᠭᠡᠵᠦ ᠲᠠᠨᠢᠯᠴᠠᠭᠤᠯᠤᠨ᠎ᠠ᠃ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ᠲᠣᠪᠴᠢᠶ᠎ᠠ ᠶᠢᠨ ᠲᠠᠷᠢᠶᠠᠯᠠᠩ ᠤᠨ ᠶᠡᠷᠦᠩᠬᠡᠶᠢᠯᠡᠭᠰᠡᠨ ᠲᠠᠰᠤᠭ ᠤᠨ ᠳᠠᠷᠤᠭ᠎ᠠ ᠬᠠᠨ | ᡁᠢ ᠭᠠᠩ᠄ ︽ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠬᠡᠪ ᠢᠶᠠᠷ ᠶᠠᠪᠤᠭᠳᠠᠬᠤ ᠶᠢ ᠦᠨᠡᠨ ᠬᠦ | ᠪᠠᠲᠤᠯᠠᠬᠤ ᠶᠢᠨ ᠲᠥᠯᠥᠭᠡ᠂ ᠮᠠᠨ ᠤ ᠬᠤᠰᠢᠭᠤᠨ ᠤ ᠲᠠᠷᠢᠶᠠᠯᠠᠩ ᠲᠠᠢ ᠬᠤᠯᠪᠣᠭᠳᠠᠬᠤ ᠡᠯ᠎ᠡ ᠰᠠᠯᠠᠭ᠎ᠠ ᠮᠥᠴᠢᠷ | ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠦᠷ᠎ᠡ᠂ ᠬᠢᠮᠢ ᠶᠢᠨ ᠪᠣᠷᠳᠣᠭᠤᠷ᠂ ᠲᠠᠷᠢᠶᠠᠯᠠᠩ ᠤᠨ ᠰᠦᠯᠢᠶᠥᠦ | ᠪᠦᠷᠬᠦᠪᠴᠢ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠦᠭᠦ ᠬᠦᠴᠦᠨ ᠢᠶᠠᠷ ᠢᠶᠠᠨ | ᠪᠠᠲᠤᠯᠠᠵᠤ᠂ ᠡᠯ᠎ᠡ ᠵᠦᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠵᠠᠯᠭᠠᠭ᠎ᠠ ᠪᠠᠷ ᠪᠡᠯᠡᠳᠬᠡᠵᠦ᠂ | ᠬᠠᠩᠭᠠᠯᠭ᠎ᠠ ᠭᠦᠢᠴᠡᠳ ᠪᠣᠯᠪᠠ᠃ ᠪᠦᠭᠦ ᠬᠤᠰᠢᠭᠤ ᠡᠯ᠎ᠡ ᠲᠥᠷᠥᠯ ᠤᠨ ᠦᠷ᠎ᠡ ᠶᠢ 30000 ᠲᠣᠨ ᠣᠷᠴᠢᠮ᠂ | ᠠᠳᠠᠯᠢ ᠪᠤᠰᠤ ᠲᠥᠷᠥᠯ ᠵᠦᠢᠯ ᠤᠨ ᠪᠣᠷᠳᠣᠭᠤᠷ ᠢ ᠪᠠᠷᠤᠭ 4800 ᠲᠣᠨ᠂ ᠲᠠᠷᠢᠶᠠᠯᠠᠩ ᠤᠨ ᠰᠦᠯᠢᠶᠥᠦ | ᠪᠦᠷᠬᠦᠪᠴᠢ ᠶᠢ ᠪᠠᠷᠤᠭ 350 ᠲᠣᠨ᠂ ᠲᠠᠷᠢᠶᠠᠨ ᠡᠮ ᠢ 8 ᠲᠣᠨ ᠰᠢᠯᠵᠢᠭᠦᠯᠦᠨ ᠠᠪᠴᠢᠷᠠᠪᠠ᠂ ᠡᠨᠡ ᠨᠢ ᠬᠠᠪᠤᠷ ᠤᠨ | ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠬᠡᠷᠡᠭᠴᠡᠭᠡ ᠶᠢ ᠬᠠᠩᠭᠠᠵᠤ ᠴᠢᠳᠠᠨ᠎ᠠ︾ ᠭᠡᠵᠦ ᠶᠠᠷᠢᠵᠠᠢ᠃ | ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠠᠩᠬᠠᠨ ᠤ ᠳᠠᠶᠢᠯᠠᠯᠳᠤᠭᠠᠨ ᠢ ᠰᠠᠶᠢᠲᠤᠷ ᠬᠢᠵᠦ᠂ ᠡᠨᠡ | ᠵᠢᠯ ᠤᠨ ᠲᠠᠷᠢᠶᠠᠯᠠᠩ ᠦᠢᠯᠡᠳᠪᠦᠷᠢᠯᠡᠯ ᠤᠨ ᠰᠠᠶᠢᠨ ᠡᠭᠢᠯᠡᠯᠲᠡ ᠲᠠᠢ ᠪᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠢᠳᠡᠪᠬᠢᠲᠡᠢ ᠬᠥᠳᠡᠯᠦᠯᠴᠡᠵᠦ᠂ ᠲᠠᠷᠢᠶᠠᠨ ᠦᠷ᠎ᠡ᠂ ᠬᠢᠮᠢ ᠶᠢᠨ | ᠪᠣᠷᠳᠣᠭᠤᠷ᠂ ᠲᠠᠷᠢᠶᠠᠨ ᠡᠮ᠂ ᠲᠠᠷᠢᠶᠠᠯᠠᠩ ᠳᠤ ᠬᠡᠷᠡᠭᠯᠡᠬᠦ ᠰᠦᠯᠢᠶᠥᠦ ᠪᠦᠷᠬᠦᠪᠴᠢ ᠵᠡᠷᠭᠡ ᠭᠤᠣᠯ ᠪᠤᠯᠬᠤ | ᠲᠠᠷᠢᠶᠠᠯᠠᠩ ᠤᠨ ᠬᠡᠷᠡᠭᠰᠡᠯ ᠤᠨ ᠰᠢᠯᠵᠢᠭᠦᠯᠦᠨ ᠲᠡᠭᠡᠭᠡᠪᠦᠷᠢᠯᠡᠬᠦ ᠪᠠ ᠨᠥᠭᠡᠴᠡᠯᠡᠬᠦ ᠠᠵᠢᠯ ᠢ ᠴᠢᠩᠭᠠᠳᠬᠠᠵᠤ᠂ ᠡᠯ᠎ᠡ | ᠲᠥᠷᠥᠯ ᠤᠨ ᠲᠠᠷᠢᠶᠠᠯᠠᠩ ᠤᠨ ᠬᠡᠷᠡᠭᠰᠡᠯ ᠤᠨ ᠬᠠᠩᠭᠠᠯᠭ᠎ᠠ ᠭᠦᠢᠴᠡᠳ ᠪᠠᠶᠢᠬᠤ ᠶᠢ ᠦᠨᠡᠨ ᠬᠦ ᠪᠠᠲᠤᠯᠠᠬᠤ ᠶᠢᠨ ᠬᠠᠮᠲᠤ | ᠱᠠᠭᠠᠷᠳᠠᠯᠭ᠎ᠠ ᠶᠣᠰᠣᠭᠠᠷ ᠪᠠᠷᠠᠭ᠎ᠠ ᠣᠷᠣᠭᠤᠯᠬᠤ ᠪᠣᠭᠤᠮᠲᠠ᠂ ᠬᠠᠳᠠᠭᠠᠯᠠᠬᠤ ᠪᠣᠭᠤᠮᠲᠠ᠂ ᠪᠣᠷᠣᠯᠠᠭᠤᠯᠬᠤ ᠪᠣᠭᠤᠮᠲᠠ ᠶᠢ | ᠴᠢᠩᠭ᠎ᠠ ᠠᠳᠬᠤᠵᠤ᠂ ᠬᠠᠭᠤᠷᠮᠠᠭ ᠮᠠᠭᠤ ᠲᠠᠷᠢᠶᠠᠯᠠᠩ ᠤᠨ ᠬᠡᠷᠡᠭᠰᠡᠯ ᠤᠨ ᠵᠠᠬ᠎ᠠ ᠳᠡᠯᠭᠡᠭᠦᠷ ᠲᠤ ᠣᠷᠣᠬᠤ ᠶᠢ ᠡᠷᠡᠰ | ᠬᠤᠷᠢᠭᠯᠠᠵᠤ᠂ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠠᠬᠢ ᠲᠠᠷᠢᠶᠠᠯᠠᠩ ᠤᠨ ᠬᠡᠷᠡᠭᠰᠡᠯ ᠤᠨ ᠬᠠᠩᠭᠠᠯᠭ᠎ᠠ | ᠭᠦᠢᠴᠡᠳ᠂ ᠶᠠᠰᠤ ᠴᠢᠨᠠᠷ ᠰᠠᠶᠢᠨ ᠪᠠᠶᠢᠬᠤ ᠶᠢ ᠪᠠᠲᠤᠯᠠᠵᠤ ᠪᠤᠢ᠃ | |