ᠪᠦᠭᠦ ᠣᠷᠣᠨ ᠤ ᠤᠰᠤᠨ ᠠᠰᠢᠭᠯᠠᠯᠲᠠ ᠶᠢᠨ ᠠᠵᠢᠯ ᠤᠨ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ | ᠮᠠᠨ ᠤ ᠣᠷᠣᠨ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠳᠦᠷᠢᠮ ᠤᠨ ᠲᠥᠷᠥ ᠶᠢᠨ | ᠪᠣᠳᠣᠯᠭ᠎ᠠ ᠶᠢ ᠲᠦᠷᠭᠡᠳᠬᠡᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠤᠰᠤᠯᠠᠯᠲᠠ ᠶᠢᠨ ᠳᠦᠷᠢᠮ ᠤᠨ | ᠰᠢᠰᠲ᠋ᠧᠮ᠂ ᠬᠡᠷᠡᠭᠯᠡᠬᠦ ᠤᠰᠤᠨ ᠤ ᠬᠢᠨᠠᠨ ᠬᠡᠮᠵᠢᠯᠲᠡ ᠶᠢᠨ ᠰᠢᠰᠲ᠋ᠧᠮ᠂ ᠲᠠᠷᠢᠶᠠᠯᠠᠩ ᠤᠨ ᠤᠰᠤᠨ ᠤ ᠦᠨ᠎ᠡ ᠬᠠᠩᠰᠢ | ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ᠂ ᠤᠰᠤ ᠠᠷᠪᠢᠯᠠᠬᠤ ᠵᠠᠬ᠎ᠠ ᠳᠡᠯᠭᠡᠭᠦᠷ ᠤᠨ ᠳᠦᠷᠢᠮ ᠤᠨ ᠰᠢᠰᠲ᠋ᠧᠮ᠂ | ᠤᠰᠤ ᠠᠷᠪᠢᠯᠠᠬᠤ ᠮᠡᠷᠭᠡᠵᠢᠯ ᠬᠢᠭᠡᠳ ᠦᠢᠯᠡᠴᠢᠯᠡᠭᠡᠨ ᠤ ᠰᠢᠰᠲ᠋ᠧᠮ ᠵᠡᠷᠭᠡ ︽ᠲᠠᠪᠤᠨ ᠰᠢᠰᠲ᠋ᠧᠮ︾ ᠢ ᠪᠠᠶᠢᠭᠤᠯᠤᠨ | ᠪᠦᠷᠢᠨᠰᠢᠭᠦᠯᠬᠦ ᠪᠠᠷ ᠪᠤᠢ᠃ | ᠡᠨᠡ ᠵᠢᠯ ᠮᠠᠨ ᠤ ᠣᠷᠣᠨ ᠰᠢᠨᠵᠢᠯᠡᠬᠦ ᠤᠬᠠᠭᠠᠨᠴᠢ ᠤᠰᠤᠯᠠᠯᠲᠠ ᠶᠢᠨ ᠳᠦᠷᠢᠮ ᠤᠨ ᠰᠢᠰᠲ᠋ᠧᠮ ᠢ | ᠪᠦᠷᠢᠨᠰᠢᠭᠦᠯᠵᠦ᠂ ᠲᠤᠬᠠᠢ ᠶᠢᠨ ᠭᠠᠵᠠᠷ ᠣᠷᠣᠨ ᠤ ᠲᠠᠷᠢᠶᠠᠯᠠᠩ ᠳᠤ ᠬᠡᠷᠡᠭᠯᠡᠬᠦ ᠤᠰᠤᠨ ᠤ ᠲᠣᠭᠲᠠᠭᠰᠠᠨ ᠨᠣᠷᠮ᠎ᠠ ᠶᠢᠨ | ᠲᠣᠬᠢᠷᠠᠮᠵᠢᠲᠠᠢ ᠪᠠᠷᠢᠮᠵᠢᠶ᠎ᠠ ᠶᠢ ᠲᠣᠭᠲᠠᠭᠠᠨ᠂ ᠤᠰᠤᠯᠠᠯᠲᠠ ᠳᠤ ᠬᠡᠷᠡᠭᠯᠡᠬᠦ ᠤᠰᠤᠨ ᠤ ᠲᠣᠭᠲᠠᠭᠰᠠᠨ ᠨᠣᠷᠮ᠎ᠠ ᠶᠢ | ᠦᠨᠡᠯᠡᠨ ᠵᠢᠱᠢᠬᠦ ᠪᠠ ᠵᠠᠰᠠᠪᠤᠷᠢ ᠣᠷᠣᠭᠤᠯᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠤᠨ᠎ᠠ︔ ᠤᠰᠤ | ᠬᠡᠷᠡᠭᠯᠡᠬᠦ ᠬᠡᠮᠵᠢᠯᠲᠡ ᠶᠢᠨ ᠬᠢᠨᠠᠨ ᠬᠡᠮᠵᠢᠬᠦ ᠰᠢᠰᠲ᠋ᠧᠮ ᠢ ᠪᠦᠷᠢᠨᠰᠢᠭᠦᠯᠵᠦ᠂ ︽ᠤᠰᠤ ᠶᠢ ᠠᠷᠪᠢᠯᠠᠨ ᠬᠡᠷᠡᠭᠯᠡᠬᠦ ᠳᠦᠷᠢᠮ︾ | ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠰᠤᠯᠠᠯᠲᠠ ᠶᠢᠨ ᠣᠷᠣᠨ ᠤ ᠤᠰᠤ ᠬᠡᠷᠡᠭᠯᠡᠬᠦ ᠬᠡᠮᠵᠢᠯᠲᠡ ᠶᠢᠨ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠭᠢᠭᠤᠯᠤᠨ᠎ᠠ︔ ᠲᠠᠷᠢᠶᠠᠯᠠᠩ ᠤᠨ ᠤᠰᠤᠨ ᠤ | ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠲᠠᠷᠢᠶᠠᠯᠠᠩ ᠤᠨ ᠤᠰᠤᠨ ᠤ | ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠨᠢᠭᠡᠨᠲᠡ ᠪᠡᠶᠡᠯᠡᠭᠦᠯᠦᠭᠰᠡᠨ | 4969 ᠲᠦᠮᠡᠨ ᠮᠦ ᠲᠠᠷᠢᠶᠠᠨ ᠭᠠᠵᠠᠷ ᠤᠨ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠡᠭᠦᠷᠭᠡ ᠶᠢ ︽ᠡᠭᠡᠭᠦᠯᠦᠨ ᠪᠠᠶᠢᠴᠠᠭᠠᠬᠤ︾ ᠠᠵᠢᠯ ᠥᠷᠨᠢᠭᠦᠯᠵᠦ᠂ ᠲᠠᠷᠢᠶᠠᠯᠠᠩ ᠤᠨ ᠤᠰᠤᠨ ᠤ | ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠠᠯᠠᠪᠠᠢ ᠶᠢ 1000 ᠲᠦᠮᠡᠨ ᠮᠦ ᠠᠴᠠ ᠳᠡᠭᠡᠭᠰᠢ | ᠰᠢᠨ᠎ᠡ ᠪᠠᠷ ᠨᠡᠮᠡᠭᠳᠡᠭᠦᠯᠦᠨ᠎ᠡ᠃ | ᠡᠨᠡ ᠵᠢᠯ ᠮᠠᠨ ᠤ ᠣᠷᠣᠨ ᠪᠠᠰᠠ ᠤᠰᠤ ᠠᠷᠪᠢᠯᠠᠬᠤ ᠵᠠᠬ᠎ᠠ ᠳᠡᠯᠭᠡᠭᠦᠷ ᠤᠨ ᠳᠦᠷᠢᠮ ᠤᠨ ᠰᠢᠰᠲ᠋ᠧᠮ ᠢ | ᠪᠦᠷᠢᠨᠰᠢᠭᠦᠯᠵᠦ᠂ ᠤᠰᠤ ᠬᠡᠷᠡᠭᠯᠡᠬᠦ ᠡᠷᠬᠡ ᠶᠢ ᠵᠦᠢ ᠵᠣᠬᠢᠰᠲᠠᠢ ᠬᠤᠪᠢᠶᠠᠷᠢᠯᠠᠨ᠂ ᠲᠤᠬᠠᠢ ᠶᠢᠨ ᠭᠠᠵᠠᠷ ᠣᠷᠣᠨ ᠤ | ᠪᠠᠶᠢᠳᠠᠯ ᠳᠤ ᠲᠣᠬᠢᠷᠠᠭᠤᠯᠤᠨ ᠣᠯᠠᠨ ᠭᠡᠯᠪᠡᠷᠢ ᠶᠢᠨ ᠲᠠᠷᠢᠶᠠᠯᠠᠩ ᠤᠨ ᠤᠰᠤ ᠬᠡᠷᠡᠭᠯᠡᠬᠦ ᠡᠷᠬᠡ ᠶᠢ ᠵᠠᠬ᠎ᠠ | ᠳᠡᠯᠭᠡᠭᠦᠷᠴᠢᠯᠡᠨ ᠠᠷᠠᠯᠵᠢᠶᠠᠯᠠᠬᠤ ᠶᠢ ᠠᠬᠢᠭᠤᠯᠵᠤ᠂ ᠤᠰᠤ ᠠᠷᠪᠢᠯᠠᠬᠤ ᠶᠢ ᠱᠠᠩᠨᠠᠬᠤ ᠪᠠᠷ ᠲᠠᠮᠵᠢᠨ ᠲᠠᠷᠢᠶᠠᠯᠠᠩ ᠤᠨ | ᠤᠰᠤ ᠬᠡᠷᠡᠭᠯᠡᠬᠦ ᠡᠷᠦᠭᠡ ᠶᠢᠨ ᠤᠰᠤ ᠠᠷᠪᠢᠯᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠠᠶᠢᠴᠢᠯᠠᠨ᠎ᠠ︔ | ᠤᠰᠤ ᠠᠷᠪᠢᠯᠠᠬᠤ ᠮᠡᠷᠭᠡᠵᠢᠯ ᠬᠢᠭᠡᠳ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠂ ᠥᠨᠳᠥᠷ | ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ | ᠶᠢ ᠴᠢᠩᠭᠠᠳᠬᠠᠵᠤ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠣᠨ | ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ ᠵᠡᠷᠭᠡ ᠶᠢᠨ ᠲᠠᠷᠢᠶᠠᠯᠠᠩ ᠤᠨ ᠤᠰᠤ ᠠᠷᠪᠢᠯᠠᠬᠤ ᠦᠢᠯᠡᠴᠢᠯᠡᠭᠡ ᠳᠤ | ᠣᠷᠤᠯᠴᠠᠬᠤ ᠶᠢ ᠵᠣᠷᠢᠭᠵᠢᠭᠤᠯᠵᠤ᠂ ᠪᠦᠷᠢᠨ ᠲᠡᠭᠦᠯᠳᠡᠷ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ | ᠦᠢᠯᠡᠴᠢᠯᠡᠭᠡᠨ ᠤ ᠲᠣᠣᠷ ᠢ ᠪᠠᠶᠢᠭᠤᠯᠬᠤ ᠪᠠᠷ ᠪᠤᠢ᠃ | |