ᠦᠷ᠎ᠡ ᠶᠢᠨ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2025/3/25
      ᠦᠷ᠎ᠡ ᠶᠢᠨ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠵᠤ᠂ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ ᠳᠤ ᠠᠮᠢᠵᠢᠷᠠᠯ ᠤᠨ ᠬᠦᠴᠦᠨ ᠲᠠᠢ᠂ ᠬᠥᠭᠵᠢᠯᠲᠡ ᠳᠤ ᠬᠥᠳᠡᠯᠭᠡᠬᠦ ᠬᠦᠴᠦᠨ ᠲᠠᠢ᠂ ᠵᠠᠬ᠎ᠠ ᠳᠡᠯᠭᠡᠭᠦᠷ ᠲᠤ ᠡᠮᠬᠢ ᠵᠢᠷᠤᠮ ᠲᠠᠢ ᠪᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠠᠴᠢ ᠳᠤ ᠲᠠᠯᠠᠷᠬᠠᠨ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠣᠯᠠᠨ ᠲᠦᠮᠡᠨ ᠤ ᠰᠤᠷᠭᠠᠨ ᠬᠥᠮᠦᠵᠢᠯ ᠤᠨ ︽1257︾ ᠠᠵᠢᠯᠯᠠᠭ᠎ᠠ ᠶᠢ ᠦᠨᠡᠨᠬᠦ ᠨᠠᠶᠢᠳᠠᠪᠤᠷᠢᠵᠢᠭᠤᠯᠬᠤ ᠶᠢᠨ ᠲᠤᠰᠠᠳᠠ᠂ ᠡᠳᠦᠭᠡ ᠪᠥᠬᠦ ᠣᠷᠣᠨ ᠤ ᠦᠷ᠎ᠡ ᠶᠢᠨ ᠠᠵᠤ ᠠᠬᠤᠶᠢᠯᠠᠯ ᠵᠢᠴᠢ ᠥᠷᠭᠡᠨ ᠣᠯᠠᠨ ᠮᠠᠯᠴᠢᠨ ᠲᠠᠷᠢᠶᠠᠴᠢᠨ ᠳᠤ ᠳᠣᠣᠷᠠᠬᠢ ᠮᠡᠲᠦ ᠰᠠᠨᠠᠭᠠᠴᠢᠯᠠᠭ᠎ᠠ ᠶᠢ ᠭᠠᠷᠭᠠᠪᠠ᠄          ᠨᠢᠭᠡ᠂ ᠬᠠᠮᠠᠭᠠᠯᠠᠬᠤ ᠦᠵᠡᠯ ᠤᠬᠠᠮᠰᠠᠷ ᠢ ᠪᠣᠶ ᠪᠣᠯᠭᠠᠬᠤ ᠬᠡᠷᠡᠭᠲᠡᠢ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠦᠷ᠎ᠡ ᠶᠢᠨ ᠳᠦᠷᠢᠮ︾᠂ ︽ᠲᠠᠷᠢᠮᠠᠯ ᠤᠨ ᠦᠷ᠎ᠡ ᠶᠢᠨ ᠱᠣᠰᠢᠭ᠎ᠠ ᠲᠡᠮᠳᠡᠭ ᠪᠠ ᠬᠡᠷᠡᠭᠯᠡᠬᠦ ᠲᠣᠳᠣᠷᠬᠠᠶᠢᠯᠠᠯᠲᠠ ᠶᠢᠨ ᠬᠠᠮᠢᠶᠠᠷᠤᠯᠲᠠ ᠶᠢᠨ ᠠᠷᠭ᠎ᠠ︾᠂ ︽ᠲᠤᠰᠬᠠᠢ ᠠᠰᠢᠭ ᠤᠨ ᠬᠠᠤᠯᠢ︾᠂ ︽ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠦᠵᠡᠯ ᠤᠬᠠᠮᠰᠠᠷ ᠢᠶᠠᠨ ᠤᠬᠠᠮᠰᠠᠷ  ᠠᠴᠠ ᠪᠠᠨ ᠳᠡᠭᠡᠭᠰᠢᠯᠡᠭᠦᠯᠬᠦ ᠬᠡᠷᠡᠭᠲᠡᠢ᠃       ᠬᠤᠶᠠᠷ᠂ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ  ᠠᠴᠠ ᠪᠠᠨ ᠵᠢᠷᠤᠮᠯᠠᠨ ᠰᠠᠬᠢᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠬᠢᠨᠠᠯᠲᠠ ᠬᠠᠮᠢᠶᠠᠷᠤᠯᠲᠠ ᠶᠢ ᠤᠬᠠᠮᠰᠠᠷ  ᠠᠴᠠ ᠪᠠᠨ ᠬᠦᠯᠢᠶᠡᠵᠦ᠂ ᠦᠷ᠎ᠡ ᠶᠢᠨ ᠦᠢᠯᠡᠰ ᠤᠨ ᠠᠵᠤ ᠠᠬᠤᠶᠢᠯᠠᠯ᠂ ᠦᠷ᠎ᠡ ᠦᠢᠯᠡᠳᠪᠦᠷᠢᠯᠡᠬᠦ ᠰᠠᠭᠤᠷᠢᠨ ᠭᠠᠵᠠᠷ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠭᠲᠠᠭᠠᠯ ᠳᠤ ᠨᠡᠶᠢᠴᠡᠭᠰᠡᠨ ᠬᠠᠮᠢᠶᠠᠷᠤᠯᠲᠠ ᠶᠢ ᠤᠬᠠᠮᠰᠠᠷ ᠠᠴᠠ ᠪᠠᠨ ᠴᠢᠩᠭᠠᠳᠬᠠᠬᠤ ᠬᠡᠷᠡᠭᠲᠡᠢ᠃       ᠭᠤᠷᠪᠠ᠂ ᠡᠷᠬᠡ ᠳᠤ ᠬᠠᠯᠳᠠᠭᠰᠠᠨ ᠠᠵᠢᠯᠯᠠᠭ᠎ᠠ ᠶᠢ ᠡᠰᠡᠷᠭᠦᠴᠡᠬᠦ ᠬᠡᠷᠡᠭᠲᠡᠢ᠃ ᠮᠡᠳᠡᠯᠭᠡ ᠶᠢᠨ ᠥᠮᠴᠢᠯᠡᠯ ᠤᠨ ᠡᠷᠬᠡ ᠶᠢ ᠤᠬᠠᠮᠰᠠᠷ  ᠠᠴᠠ ᠪᠠᠨ ᠬᠦᠨᠳᠦᠳᠬᠡᠨ ᠬᠠᠮᠠᠭᠠᠯᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠳᠤ ᠬᠠᠯᠳᠠᠬᠤ ᠦᠶᠯᠡ ᠠᠵᠢᠯᠯᠠᠭ᠎ᠠ ᠶᠢ ᠤᠬᠠᠮᠰᠠᠷ  ᠠᠴᠠ ᠪᠠᠨ ᠡᠰᠡᠷᠭᠦᠴᠡᠨ ᠬᠤᠷᠢᠭᠯᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠳᠤ ᠬᠠᠯᠳᠠᠭᠰᠠᠨ ᠦᠢᠯᠡᠳᠬᠦᠨ ᠪᠤᠶᠤ ᠦᠢᠯᠡᠴᠢᠯᠡᠭᠡ ᠶᠢ ᠶᠠᠮᠠᠷᠪᠠ ᠬᠡᠯᠪᠡᠷᠢ ᠪᠠᠷ ᠦᠢᠯᠡᠳᠪᠦᠷᠢᠯᠡᠬᠦ᠂ ᠪᠣᠷᠣᠯᠠᠭᠤᠯᠬᠤ᠂ ᠪᠣᠷᠣᠯᠠᠭᠤᠯᠬᠤ ᠪᠠᠷ ᠠᠮᠠᠯᠠᠬᠤ᠂ ᠬᠤᠳᠠᠯᠳᠤᠨ ᠠᠪᠬᠤ᠂ ᠤᠯᠠᠮᠵᠢᠯᠠᠬᠤ ᠪᠤᠶᠤ ᠬᠡᠷᠡᠭᠯᠡᠬᠦ ᠦᠭᠡᠢ ᠪᠠᠶᠢᠬᠤ ᠬᠡᠷᠡᠭᠲᠡᠢ᠃ ᠡᠷᠬᠡ ᠳᠤ ᠬᠠᠯᠳᠠᠭᠰᠠᠨ ᠠᠵᠢᠯᠯᠠᠭ᠎ᠠ ᠶᠢ ᠣᠯᠵᠤ ᠮᠡᠳᠡᠭᠰᠡᠨ ᠪᠠᠶᠢᠪᠠᠯ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠲᠠᠷᠢᠶᠠᠯᠠᠩ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠢᠳᠡᠪᠬᠢᠲᠡᠢ ᠪᠠᠷ ᠢᠯᠡᠴᠢᠯᠡᠨ ᠮᠡᠳᠡᠭᠦᠯᠬᠦ ᠬᠡᠷᠡᠭᠲᠡᠢ᠃ ᠳᠥᠷᠪᠡ᠂ ᠤᠬᠠᠭᠤᠯᠭ᠎ᠠ ᠬᠥᠮᠦᠵᠢᠯ ᠳᠤ ᠣᠷᠣᠯᠴᠠᠬᠤ ᠬᠡᠷᠡᠭᠲᠡᠢ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ︽ᠮᠡᠳᠡᠯᠭᠡ ᠶᠢ ᠬᠦᠨᠳᠦᠳᠬᠡᠬᠦ᠂ ᠰᠢᠨ᠎ᠡ ᠶᠢ ᠡᠭᠦᠳᠬᠦ ᠶᠢ ᠡᠷᠬᠢᠮᠯᠡᠬᠦ᠂ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠬᠤ᠂ ᠭᠤᠥᠯᠴᠢ ᠪᠠᠷ ᠥᠷᠢᠰᠦᠯᠳᠦᠬᠦ︾ ᠣᠨᠣᠯᠵᠢᠬᠤᠨ ᠢ ᠶᠡᠬᠡᠪᠡᠷ ᠪᠠᠳᠠᠷᠠᠭᠤᠯᠤᠨ᠂ ︽ᠬᠥᠮᠥᠨ ᠪᠦᠬᠦᠨ ᠬᠦᠨᠳᠦᠳᠬᠡᠬᠦ᠂ ᠬᠥᠮᠥᠨ ᠪᠦᠬᠦᠨ ᠬᠠᠮᠠᠭᠠᠯᠠᠬᠤ᠂ ᠬᠥᠮᠥᠨ ᠪᠦᠬᠦᠨ ᠠᠰᠢᠭ ᠭᠥᠷᠳᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢ ᠠᠬᠢᠭᠤᠯᠵᠤ᠂ ᠪᠥᠬᠦ ᠣᠷᠣᠨ ᠤ ᠦᠷ᠎ᠡ ᠶᠢᠨ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠰᠠᠶᠢᠨ ᠰᠠᠶᠢᠬᠠᠨ ᠳᠦᠷᠢ ᠲᠥᠷᠬᠦ ᠶᠢ ᠬᠠᠮᠲᠤᠪᠠᠷ ᠬᠠᠮᠠᠭᠠᠯᠠᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号