︽ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢ ᠵᠠᠰᠠᠬᠤ ᠲᠣᠭᠲᠠᠭᠠᠯ︾ ᠤᠨ ᠬᠤᠯᠪᠣᠭᠳᠠᠯ ᠪᠦᠬᠦᠢ ᠠᠰᠠᠭᠤᠳᠠᠯ ᠤᠨ ᠲᠠᠯ᠎ᠠ ᠪᠠᠷ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2025/3/25
      ᠣᠶᠢᠷ᠎ᠠ ᠳᠤ ᠂ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠳᠣᠲᠣᠭᠠᠳᠤ ᠶᠢ ᠬᠠᠮᠠᠭᠠᠯᠠᠬᠤ ᠶᠠᠮᠤᠨ ᠂ ᠰᠣᠶᠣᠯ ᠪᠠ ᠵᠢᠭᠤᠯᠴᠢᠯᠠᠯ ᠤᠨ ᠶᠠᠮᠤᠨ ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠲᠠᠢ ᠬᠠᠮᠲᠤᠷᠠᠨ ︽ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢ ᠵᠠᠰᠠᠬᠤ ᠲᠣᠭᠲᠠᠭᠠᠯ ︾ ︵ᠠᠷᠤ ᠳᠤ ︽ ᠲᠣᠭᠲᠠᠭᠠᠯ ︾ ᠭᠡᠵᠦ ᠲᠣᠪᠴᠢᠯᠠᠨ᠎ᠠ ︶ ᠢ ᠨᠡᠶᠢᠲᠡᠯᠡᠪᠡ ᠃ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ︽ ᠲᠣᠭᠲᠠᠭᠠᠯ ︾ ᠤᠨ ᠬᠤᠯᠪᠣᠭᠳᠠᠯ ᠪᠦᠬᠦᠢ ᠠᠰᠠᠭᠤᠳᠠᠯ ᠤᠨ ᠲᠠᠯ᠎ᠠ ᠪᠠᠷ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ ᠃      ᠨᠢᠭᠡ ᠂ ᠠᠰᠠᠭᠤᠯᠲᠠ ᠄ ᠲᠠ ︽ ᠲᠣᠭᠲᠠᠭᠠᠯ ︾ ᠢ ᠨᠡᠶᠢᠲᠡᠯᠡᠭᠰᠡᠨ ᠠᠬᠤᠢ ᠪᠠᠶᠢᠳᠠᠯ ᠢ ᠳᠥᠭᠦᠮᠬᠡᠨ ᠲᠠᠨᠢᠯᠴᠠᠭᠤᠯᠬᠤ ᠪᠣᠯᠪᠠ ᠦᠦ ︖      ᠬᠠᠷᠢᠭᠤᠯᠲᠠ ᠄ ︽ ᠲᠣᠭᠲᠠᠭᠠᠯ ︾ ᠢ ᠲᠣᠭᠲᠠᠭᠠᠬᠤ ᠳᠤ ᠭᠤᠣᠯᠳᠠᠭᠤ ᠳᠣᠣᠷᠠᠬᠢ ᠬᠡᠳᠦᠨ ᠲᠠᠯ᠎ᠠ ᠶᠢᠨ ᠪᠣᠳᠣᠯᠬᠢᠯᠠᠯ ᠳᠤ ᠰᠠᠭᠤᠷᠢᠯᠠᠵᠠᠢ ᠄ ᠨᠢᠭᠡ ᠳᠤ ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ ᠃ ᠶᠡᠷᠦᠩᠬᠡᠢ ᠱᠦᠵᠢ ᠰᠢ ᠶᠢᠨ ᠫᠢᠩ ᠰᠦᠯᠵᠢᠶᠡᠨ ᠤ ᠠᠮᠢ ᠠᠬᠤᠢ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠂ ︽ᠰᠦᠯᠵᠢᠶᠡᠨ ᠤ ᠣᠷᠣᠨ ᠵᠠᠢ ᠪᠣᠯ ᠲᠦᠭ ᠲᠦᠮᠡᠨ ᠠᠷᠠᠳ ᠣᠯᠠᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠮᠥᠨ ︾ ᠂ ︽ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ ᠂ ᠰᠠᠶᠢᠨ ᠰᠠᠶᠢᠬᠠᠨ ᠰᠦᠯᠵᠢᠶᠡᠨ ᠤ ᠠᠮᠢ ᠠᠬᠤᠢ ᠶᠢ ᠪᠣᠶ ᠪᠣᠯᠭᠠᠬᠤ ᠶᠢ ᠠᠬᠢᠭᠤᠯᠤᠨ᠎ᠠ ︾ ᠭᠡᠵᠦ ᠴᠢᠬᠤᠯᠠᠴᠢᠯᠠᠪᠠ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︾ ᠳᠤ ︽ ᠰᠦᠯᠵᠢᠶᠡᠨ ᠤ ᠬᠦᠴᠦᠷᠬᠡᠭᠯᠡᠯ ᠤᠨ ᠦᠢᠯᠡ ᠠᠵᠢᠯᠯᠠᠭ᠎ᠠ ᠶᠢ ᠡᠰᠡᠷᠭᠦᠴᠡᠬᠦ ︾ ᠶᠢ ᠲᠣᠳᠣᠷᠬᠠᠶᠢᠯᠠᠪᠠ ᠃ ᠬᠤᠶᠠᠷ ᠲᠤ ᠂ ᠠᠷᠠᠳ ᠤᠯᠠᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤ ᠨᠢ ᠬᠠᠷᠢᠭᠤᠯᠲᠠ ᠥᠭᠪᠡ ᠃ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠂ ᠤᠯᠠᠨ ᠲᠣᠭᠠᠨ ᠤ ᠲᠥᠯᠥᠭᠡᠯᠡᠭᠴᠢ ᠭᠡᠰᠢᠭᠦᠨ ᠠᠴᠠ ᠰᠦᠯᠵᠢᠶᠡᠨ ᠤ ᠬᠦᠴᠦᠷᠬᠡᠭᠯᠡᠯ ᠢ ᠡᠰᠡᠷᠭᠦᠴᠡᠬᠦ ᠬᠠᠨᠳᠤᠯᠭᠠᠲᠤ ᠴᠢᠨᠠᠷᠲᠠᠢ ᠬᠠᠤᠯᠢ ᠲᠣᠭᠲᠠᠭᠠᠯᠲᠠ ᠶᠢ ᠲᠦᠷᠭᠡᠨ ᠲᠣᠭᠲᠠᠭᠠᠬᠤ ᠶᠢ ᠴᠢᠩᠭ᠎ᠠ ᠤᠷᠢᠶᠠᠯᠠᠵᠤ ᠂ ᠰᠦᠯᠵᠢᠶᠡᠨ ᠤ ᠬᠦᠴᠦᠷᠬᠡᠭᠯᠡᠯ ᠢ ᠴᠡᠭᠴᠡᠯᠡᠨ ᠵᠠᠰᠠᠬᠤ ᠲᠤᠬᠠᠢ ᠰᠠᠨᠠᠭᠤᠯᠭ᠎ᠠ ᠰᠠᠨᠠᠯ ᠳᠤᠷᠠᠳᠤᠯᠭ᠎ᠠ ᠨᠢ ᠠᠷᠠᠳ ᠤᠯᠠᠨ ᠤ ᠥᠷᠭᠡᠨ ᠳᠡᠯᠭᠡᠷ ᠬᠦᠷᠢᠶᠡᠯᠡᠯ ᠢ ᠣᠯᠪᠠ ᠃ ᠭᠤᠷᠪᠠ ᠳᠤ ᠂ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠵᠠᠰᠠᠯᠲᠠ ᠶᠢᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠪᠡ ᠃ ︽ ᠰᠦᠯᠵᠢᠶᠡᠨ ᠤ ᠠᠮᠤᠷ ᠲᠦᠪᠰᠢᠨ ᠤ ᠬᠠᠤᠯᠢ ︾ ︽ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠬᠠᠤᠯᠢ ︾ ︽ ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢᠨ ᠳᠦᠷᠢᠮ ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠷᠢᠳ ᠬᠤᠵᠢᠳ ᠨᠡᠶᠢᠲᠡᠯᠡᠭᠰᠡᠨ ᠪᠥᠭᠡᠳ ᠬᠤᠯᠪᠣᠭᠳᠠᠯ ᠪᠦᠬᠦᠢ ᠳᠦᠷᠢᠮ ᠢ ᠵᠢᠷᠤᠵᠤ ᠲᠥᠯᠥᠪᠯᠡᠭᠰᠡᠨ ᠰᠠᠭᠤᠷᠢᠨ ᠳᠡᠭᠡᠷ᠎ᠡ ᠂ ︽ ᠲᠣᠭᠲᠠᠭᠠᠯ ︾ ᠳᠤ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢ ᠵᠠᠰᠠᠬᠤ ᠳᠦᠷᠢᠮ ᠤᠨ ᠰᠢᠰᠲ᠋ᠧᠮ ᠢ ᠤᠯᠠᠮ ᠨᠢᠭᠡ ᠠᠯᠬᠤᠮ ᠪᠠᠶᠢᠭᠤᠯᠵᠤ ᠂ ᠵᠠᠰᠠᠬᠤ ᠦᠢᠯᠡᠳᠦᠯ ᠴᠢᠳᠠᠪᠤᠷᠢ ᠶᠢ ᠬᠦᠴᠦᠲᠡᠢ ᠳᠡᠭᠡᠭᠰᠢᠯᠡᠭᠦᠯᠪᠡ ᠃      ᠬᠤᠶᠠᠷ ᠂ ᠠᠰᠠᠭᠤᠯᠲᠠ ᠄ ︽ ᠲᠣᠭᠲᠠᠭᠠᠯ ︾ ᠳᠤ ᠬᠡᠯᠡᠵᠦ ᠪᠠᠶᠢᠭ᠎ᠠ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠭᠡᠳᠡᠭ ᠨᠢ ᠶᠠᠭᠤ ᠶᠢ ᠵᠢᠭᠠᠵᠤ ᠪᠠᠶᠢᠬᠤ ᠪᠤᠢ ︖      ᠬᠠᠷᠢᠭᠤᠯᠲᠠ ᠄ ︽ ᠲᠣᠭᠲᠠᠭᠠᠯ ︾ ᠳᠤ ᠬᠡᠯᠡᠵᠦ ᠪᠠᠶᠢᠭ᠎ᠠ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠭᠡᠳᠡᠭ ᠨᠢ ᠰᠦᠯᠵᠢᠶ᠎ᠡ ᠪᠠᠷ ᠳᠠᠮᠵᠢᠭᠤᠯᠤᠨ ᠲᠧᠺᠰᠲ ᠂ ᠵᠢᠷᠤᠭ ᠳᠦᠷᠰᠦ ᠂ ᠲᠠᠭᠤᠨ ᠳᠠᠪᠲᠠᠮᠵᠢ ᠂ ᠸᠢᠳᠢᠤ᠋ ᠵᠡᠷᠭᠡ ᠬᠡᠯᠪᠡᠷᠢ ᠪᠠᠷ ᠬᠤᠪᠢ ᠬᠥᠮᠥᠨ ᠳᠤ ᠲᠥᠪᠯᠡᠷᠡᠭᠦᠯᠦᠨ ᠨᠡᠶᠢᠲᠡᠯᠡᠭᠰᠡᠨ ᠂ ᠳᠣᠷᠣᠮᠵᠢᠯᠠᠨ ᠬᠠᠷᠢᠶᠠᠭᠰᠠᠨ ᠂ ᠴᠤᠤᠷᠬᠠᠯ ᠲᠠᠯᠪᠢᠨ ᠭᠦᠳᠬᠡᠭᠰᠡᠨ ᠂ ᠥᠰᠢᠶ᠎ᠡ ᠬᠤᠷᠣᠰᠤᠯ ᠢ ᠥᠳᠥᠭᠡᠭᠰᠡᠨ ᠂ ᠠᠶᠤᠯᠭᠠᠨ ᠰᠦᠷᠳᠡᠭᠦᠯᠦᠭᠰᠡᠨ ᠂ ᠬᠤᠪᠢ ᠶᠢᠨ ᠨᠢᠭᠤᠴᠠ ᠳᠤ ᠬᠠᠯᠳᠠᠭᠰᠠᠨ ᠵᠢᠴᠢ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠨᠥᠯᠥᠭᠡᠯᠡᠭᠰᠡᠨ ᠵᠢᠮᠡᠯᠡᠨ ᠶᠣᠵᠣᠯᠠᠭᠰᠠᠨ ᠂ ᠳᠣᠷᠣᠮᠵᠢᠯᠠᠨ ᠭᠠᠳᠠᠭᠤᠷᠴᠢᠯᠠᠭᠰᠠᠨ ᠵᠡᠷᠭᠡ ᠠᠭᠤᠯᠭ᠎ᠠ ᠲᠠᠢ ᠬᠠᠤᠯᠢ ᠶᠢ ᠵᠥᠷᠢᠴᠡᠭᠰᠡᠨ ᠪᠠ ᠡᠷᠡᠭᠦᠯ ᠪᠤᠰᠤ ᠮᠡᠳᠡᠭᠡ ᠵᠠᠩᠭᠢ ᠶᠢ ᠵᠢᠭᠠᠵᠤ ᠪᠠᠶᠢᠨ᠎ᠠ ᠃      ᠭᠤᠷᠪᠠ ᠂ ᠠᠰᠠᠭᠤᠯᠲᠠ ᠄ ︽ ᠲᠣᠭᠲᠠᠭᠠᠯ ︾ ᠳᠤ ᠲᠣᠳᠣᠷᠬᠠᠢ ᠲᠣᠭᠲᠠᠭᠠᠭᠰᠠᠨ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢ ᠵᠠᠰᠠᠬᠤ ᠵᠠᠷᠴᠢᠮ ᠨᠢ ᠶᠠᠭᠤ ᠪᠣᠶ ︖      ᠬᠠᠷᠢᠭᠤᠯᠲᠠ ᠄ ︽ ᠲᠣᠭᠲᠠᠭᠠᠯ ︾ ᠳᠤ ᠲᠣᠳᠣᠷᠬᠠᠢ ᠲᠣᠭᠲᠠᠭᠠᠭᠰᠠᠨ ᠨᠢ ᠂ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢ ᠵᠠᠰᠠᠬᠤ ᠳᠤ ᠡᠬᠢ ᠡᠭᠦᠰᠦᠯ ᠠᠴᠠ ᠨᠢ ᠰᠡᠷᠭᠡᠶᠢᠯᠡᠭ᠊ ‍ᠤ᠋᠂ ᠰᠡᠷᠭᠡᠶᠢᠯᠡᠨ ᠡᠵᠡᠮᠳᠡᠬᠦ ᠶᠢ ᠤᠶᠠᠯᠳᠤᠭᠤᠯᠬᠤ ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠂ ᠬᠠᠮᠵᠢᠯᠴᠠᠨ ᠬᠠᠮᠲᠤ ᠪᠠᠷ ᠵᠠᠰᠠᠬᠤ ᠵᠠᠷᠴᠢᠮ ᠢ ᠪᠠᠷᠢᠮᠲᠠᠯᠠᠨ᠎ᠠ ᠃      ᠳᠥᠷᠪᠡ ᠂ ᠠᠰᠠᠭᠤᠯᠲᠠ ᠄ ︽ ᠲᠣᠭᠲᠠᠭᠠᠯ ︾ ᠳᠤ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢ ᠤᠷᠢᠳᠴᠢᠯᠠᠨ ᠰᠡᠷᠭᠡᠶᠢᠯᠡᠬᠦ ᠪᠠ ᠰᠡᠷᠡᠮᠵᠢᠯᠡᠭᠦᠯᠬᠦ ᠳᠤ ᠶᠠᠮᠠᠷ ᠶᠠᠮᠠᠷ ᠱᠠᠭᠠᠷᠳᠠᠯᠭ᠎ᠠ ᠳᠤᠷᠠᠳᠤᠭᠰᠠᠨ ᠪᠣᠶ ︖             ᠬᠠᠷᠢᠭᠤᠯᠲᠠ ᠄ ︽ ᠲᠣᠭᠲᠠᠭᠠᠯ ︾ ᠳᠤ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢ ᠤᠷᠢᠳᠴᠢᠯᠠᠨ ᠰᠡᠷᠭᠡᠶᠢᠯᠡᠵᠦ ᠰᠡᠷᠡᠮᠵᠢᠯᠡᠭᠦᠯᠬᠦ ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ ᠃ ᠨᠢᠭᠡ ᠳᠤ ᠂ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠴᠢ ᠤᠯᠤᠰ ᠤᠨ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠪᠣᠯᠣᠨ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠣᠷ᠎ᠠ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠲᠦᠷᠦᠯ ᠬᠤᠪᠢᠶᠠᠬᠤ ᠪᠠᠷᠢᠮᠵᠢᠶ᠎ᠠ ᠶᠢᠨ ᠳᠦᠷᠢᠮ ᠢ ᠨᠠᠷᠢᠯᠢᠭᠵᠢᠭᠤᠯᠵᠤ ᠂ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠣᠨᠴᠠᠯᠢᠭ ᠤᠨ ᠬᠥᠮᠥᠷᠭᠡ ᠪᠣᠯᠣᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠦᠯᠢᠭᠡᠷ ᠬᠡᠪ ᠢ ᠪᠠᠶᠢᠭᠤᠯᠤᠨ ᠲᠡᠭᠦᠯᠳᠡᠷᠵᠢᠭᠦᠯᠵᠦ ᠂ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢ ᠢᠯᠭᠠᠨ ᠲᠠᠨᠢᠬᠤ ᠬᠢᠨᠠᠨ ᠬᠡᠮᠵᠢᠯᠲᠡ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ ᠃ ᠬᠤᠶᠠᠷ ᠲᠤ ᠂ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠴᠢ ᠶᠢ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠤᠷᠢᠳᠴᠢᠯᠠᠨ ᠰᠡᠷᠡᠮᠵᠢᠯᠡᠭᠦᠯᠬᠦ ᠵᠠᠭᠪᠤᠷ ᠢ ᠪᠠᠶᠢᠭᠤᠯᠤᠨ ᠪᠦᠷᠢᠨᠰᠢᠭᠦᠯᠵᠦ᠂ ᠬᠡᠷᠡᠭ ᠶᠠᠪᠤᠳᠠᠯ ᠤᠨ ᠲᠥᠷᠥᠯ ᠢᠯᠭᠠᠯ ᠢ ᠶᠡᠷᠦᠩᠬᠡᠶᠢᠯᠡᠨ ᠂ ᠪᠡᠶᠡᠴᠢ ᠴᠣᠭᠴᠠ ᠂ ᠣᠷᠣᠯᠴᠠᠭᠰᠠᠨ ᠬᠥᠮᠥᠨ ᠤ ᠲᠤᠭ᠎ᠠ᠂ ᠮᠡᠳᠡᠭᠡ ᠵᠠᠩᠭᠢ ᠶᠢᠨ ᠠᠭᠤᠯᠭ᠎ᠠ ᠂ ᠨᠡᠶᠢᠲᠡᠯᠡᠬᠦ ᠤᠳᠠᠭ᠎ᠠ ᠂ ᠭᠤᠭᠴᠤᠭ᠎ᠠ ᠶᠢᠨ ᠦᠵᠡᠭᠳᠡᠯ ᠂ ᠢᠯᠡᠴᠢᠯᠡᠨ ᠮᠡᠳᠡᠭᠦᠯᠵᠦ ᠵᠠᠭᠠᠯᠳᠤᠬᠤ ᠵᠡᠷᠭᠡ ᠬᠦᠴᠦᠨ ᠵᠦᠢᠯ ᠳᠤ ᠴᠢᠭᠯᠡᠭᠦᠯᠦᠨ ᠂ ᠤᠷᠢᠳᠴᠢᠯᠠᠨ ᠰᠡᠷᠡᠮᠵᠢᠯᠡᠭᠦᠯᠬᠦ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠲᠦᠭᠰᠢᠭᠦᠷᠢ ᠶᠢ ᠴᠠᠭ ᠲᠤᠬᠠᠢ ᠳᠤ ᠨᠢ ᠢᠯᠡᠷᠡᠭᠦᠯᠬᠦ ᠬᠡᠷᠡᠭᠲᠡᠢ ᠭᠡᠵᠦ ᠱᠠᠭᠠᠷᠳᠠᠪᠠ ᠃ ᠭᠤᠷᠪᠠ ᠳᠤ ᠂ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠴᠢ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠲᠦᠭᠰᠢᠭᠦᠷᠢ ᠣᠷᠣᠰᠢᠵᠤ ᠪᠠᠶᠢᠬᠤ ᠶᠢ ᠣᠯᠵᠤ ᠮᠡᠳᠡᠪᠡᠯ ᠂ ᠨᠡᠶᠢᠭᠡᠮ ᠤᠨ ᠠᠩᠬᠠᠷᠤᠯ ᠳᠤ ᠴᠠᠭ ᠲᠤᠬᠠᠢ ᠳᠤ ᠨᠢ ᠬᠠᠷᠢᠭᠤ ᠥᠭᠴᠦ ᠂ ᠬᠡᠷᠡᠭᠯᠡᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠪᠣᠯᠪᠠᠰᠤᠨ ᠢᠶᠠᠷ ᠬᠠᠷᠢᠯᠴᠠᠨ ᠦᠢᠯᠡᠳᠦᠯᠴᠡᠵᠦ ᠂ ᠣᠶᠤᠨᠴᠢ ᠪᠠᠷ ᠢᠯᠡᠳᠬᠡᠬᠦ ᠶᠢᠨ ᠬᠠᠮᠲᠤ ᠬᠡᠪ ᠤᠨ ᠪᠤᠰᠤ ᠲᠠᠩᠰᠠᠨ ᠨᠣᠮᠧᠷ ᠲᠤ ᠦᠨᠡᠨ ᠪᠡᠶ᠎ᠡ ᠬᠡᠮ ᠤᠨ ᠮᠡᠳᠡᠭᠡ ᠵᠠᠩᠭᠢ ᠶᠢ ᠬᠥᠳᠡᠯᠦᠩᠭᠦᠢ ᠪᠠᠷ ᠬᠠᠷᠭᠤᠭᠤᠯᠤᠨ ᠰᠢᠯᠭᠠᠬᠤ ᠂ ᠰᠠᠨᠠᠭᠤᠯᠬᠤ ᠂ ᠲᠣᠭᠲᠠᠭᠠᠯ ᠠᠴᠠ ᠵᠥᠷᠢᠴᠡᠭᠰᠡᠨ ᠢ ᠨᠢ ᠰᠡᠷᠡᠮᠵᠢᠯᠡᠭᠦᠯᠬᠦ ᠂ ᠰᠦᠯᠵᠢᠶᠡᠨ ᠳᠤ ᠭᠠᠷᠬᠤ ᠨᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ ᠴᠠᠭ ᠲᠤᠬᠠᠢ ᠳᠤ ᠨᠢ ᠠᠪᠬᠤ ᠬᠡᠷᠡᠭᠲᠡᠢ ︔ ᠬᠤᠯᠪᠣᠭᠳᠠᠯ ᠪᠦᠬᠦᠢ ᠮᠡᠳᠡᠭᠡ ᠵᠠᠩᠭᠢ ᠶᠢᠨ ᠠᠭᠤᠯᠭ᠎ᠠ ᠶᠢ ᠬᠠᠶᠢᠨ ᠦᠵᠡᠬᠦ ᠂ ᠡᠷᠢᠬᠦ ᠂ ᠦᠨᠡᠯᠡᠬᠦ ᠂ ᠢᠯᠡᠴᠢᠯᠡᠨ ᠮᠡᠳᠡᠭᠦᠯᠬᠦ ᠬᠡᠮᠵᠢᠶ᠎ᠡ ᠢᠯᠡᠳᠲᠡ ᠨᠡᠮᠡᠭᠳᠡᠭᠰᠡᠨ ᠵᠡᠷᠭᠡ ᠪᠠᠶᠢᠳᠠᠯ ᠢ ᠣᠯᠵᠤ ᠮᠡᠳᠡᠪᠡᠯ ᠂ ᠪᠠᠰᠠ ᠴᠠᠭ ᠲᠤᠬᠠᠢ ᠳᠤ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ ᠃ ᠳᠥᠷᠪᠡ ᠳᠤ ᠂ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠴᠢ ᠬᠡᠷᠡᠭᠯᠡᠭᠴᠢ ᠶᠢᠨ ᠲᠠᠩᠰᠠᠨ ᠨᠣᠮᠧᠷ ᠤᠨ ᠢᠲᠡᠭᠡᠮᠵᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ ᠂ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠳᠤ ᠬᠤᠯᠪᠣᠭᠳᠠᠭᠰᠠᠨ ᠬᠠᠤᠯᠢ ᠲᠣᠭᠲᠠᠭᠠᠯ ᠢ ᠵᠥᠷᠢᠴᠡᠭᠰᠡᠨ ᠪᠠᠶᠢᠳᠠᠯ ᠢ ᠬᠡᠷᠡᠭᠯᠡᠭᠴᠢ ᠶᠢᠨ ᠢᠲᠡᠭᠡᠮᠵᠢ ᠶᠢᠨ ᠲᠡᠮᠳᠡᠭᠯᠡᠯ ᠳᠤ ᠲᠡᠮᠳᠡᠭᠯᠡᠨ ᠣᠷᠣᠭᠤᠯᠵᠤ ᠂ ᠬᠠᠤᠯᠢ ᠲᠣᠭᠲᠠᠭᠠᠯ ᠶᠣᠰᠣᠭᠠᠷ ᠲᠠᠩᠰᠠᠨ ᠨᠣᠮᠧᠷ ᠤᠨ ᠢᠲᠡᠭᠡᠮᠵᠢ ᠶᠢᠨ ᠲᠠᠰ ᠢ ᠪᠠᠭᠤᠷᠠᠭᠤᠯᠬᠤ ᠪᠤᠶᠤ ᠬᠠᠷ᠎ᠠ ᠲᠠᠩᠰᠠᠨ ᠳᠤ ᠵᠢᠭᠰᠠᠭᠠᠨ ᠣᠷᠣᠭᠤᠯᠬᠤ ᠶᠢᠨ ᠬᠠᠮᠲᠤ ᠲᠠᠩᠰᠠᠨ ᠨᠣᠮᠧᠷ ᠤᠨ ᠴᠢᠳᠠᠮᠵᠢ ᠶᠢ ᠬᠢᠵᠠᠭᠠᠷᠯᠠᠬᠤ ᠪᠤᠶᠤ ᠬᠤᠯᠪᠣᠭᠳᠠᠯ ᠪᠦᠬᠦᠢ ᠦᠢᠯᠡᠴᠢᠯᠡᠭᠡ ᠬᠠᠩᠭᠠᠬᠤ ᠶᠢ ᠵᠣᠭᠰᠤᠭᠠᠬᠤ ᠬᠡᠷᠡᠭᠲᠡᠢ ᠭᠡᠵᠦ ᠲᠣᠭᠲᠠᠭᠠᠵᠠᠢ ᠃      ᠲᠠᠪᠤ ᠂ ᠠᠰᠠᠭᠤᠯᠲᠠ ᠄ ︽ ᠲᠣᠭᠲᠠᠭᠠᠯ ︾ ᠳᠤ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢ ᠰᠢᠢᠳᠪᠦᠷᠢᠯᠡᠬᠦ ᠳᠤ ᠶᠠᠮᠠᠷ ᠶᠠᠮᠠᠷ ᠱᠠᠭᠠᠷᠳᠠᠯᠭ᠎ᠠ ᠳᠤᠷᠠᠳᠤᠭᠰᠠᠨ ᠪᠣᠶ ︖      ᠬᠠᠷᠢᠭᠤᠯᠲᠠ ᠄ ︽ ᠲᠣᠭᠲᠠᠭᠠᠯ ︾ ᠳᠤ ᠲᠣᠳᠣᠷᠬᠠᠢ ᠲᠣᠭᠲᠠᠭᠠᠭᠰᠠᠨ ᠨᠢ ᠂ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠴᠢ ᠰᠦᠯᠵᠢᠶᠡᠨ ᠤ ᠬᠦᠴᠦᠷᠬᠡᠭᠯᠡᠯ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠮᠡᠳᠡᠭᠡ ᠵᠠᠩᠭᠢ ᠶᠢ ᠣᠯᠵᠤ ᠮᠡᠳᠡᠭᠰᠡᠨ ᠂ ᠡᠰᠡᠬᠦᠯ᠎ᠡ ᠲᠡᠭᠦᠨ ᠤ ᠦᠢᠯᠡᠴᠢᠯᠡᠭᠡᠨ ᠤ ᠢᠯᠡ ᠭᠠᠵᠠᠷ ᠂ ᠬᠡᠷᠡᠭᠯᠡᠭᠴᠢᠳ ᠤᠨ ᠠᠩᠬᠠᠷᠤᠯ ᠢ ᠠᠮᠠᠷᠬᠠᠨ ᠲᠠᠲᠠᠳᠠᠭ ᠭᠤᠣᠯᠳᠠᠯᠭ᠎ᠠ ᠲᠠᠢ ᠭᠤᠭᠴᠤᠭ᠎ᠠ ᠳᠤ ᠰᠦᠯᠵᠢᠶᠡᠨ ᠤ ᠬᠦᠴᠦᠷᠬᠡᠭᠯᠡᠯ ᠳᠤ ᠬᠤᠯᠪᠣᠭᠳᠠᠭᠰᠠᠨ ᠡᠷᠡᠭᠦᠯ ᠪᠤᠰᠤ ᠮᠡᠳᠡᠭᠡ ᠵᠠᠩᠭᠢ ᠶᠢ ᠣᠯᠵᠤ ᠮᠡᠳᠡᠭᠰᠡᠨ ᠪᠠᠶᠢᠪᠠᠯ ᠂ ᠲᠡᠷᠡ ᠳᠠᠷᠤᠢ ᠳᠤ ᠨᠢ ᠳᠠᠮᠵᠢᠭᠤᠯᠬᠤ ᠪᠠᠨ ᠵᠣᠭᠰᠣᠵᠤ ᠂ ᠪᠠᠯᠠᠯᠤᠨ ᠠᠷᠢᠯᠭᠠᠬᠤ ᠂ ᠬᠠᠯᠬᠠᠯᠠᠬᠤ ᠂ ᠴᠥᠷᠬᠡᠯᠡᠭᠡ ᠶᠢ ᠲᠠᠰᠤᠯᠬᠤ ᠵᠡᠷᠭᠡ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ ᠂ ᠬᠤᠯᠪᠣᠭᠳᠠᠯ ᠪᠦᠬᠦᠢ ᠲᠡᠮᠳᠡᠭᠯᠡᠯ ᠢ ᠬᠠᠳᠠᠭᠠᠯᠠᠵᠤ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ ᠃ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠪᠠᠶᠢᠬᠤ ᠶᠢ ᠣᠯᠵᠤ ᠮᠡᠳᠡᠪᠡᠯ ᠂ ᠴᠠᠭ ᠲᠤᠬᠠᠢ ᠳᠤ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠡᠷᠡᠭ ᠮᠡᠳᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠰᠦᠪᠡᠭᠴᠢ ᠶᠢ ᠬᠠᠩᠭᠠᠵᠤ ᠂ ᠲᠤᠷᠰᠢᠨ ᠪᠠᠶᠢᠴᠠᠭᠠᠬᠤ ᠂ ᠪᠠᠶᠢᠴᠠᠭᠠᠬᠤ ᠪᠠ ᠰᠢᠢᠳᠪᠦᠷᠢᠯᠡᠬᠦ ᠵᠡᠷᠭᠡ ᠠᠵᠢᠯ ᠢ ᠬᠠᠤᠯᠢ ᠶᠣᠰᠣᠭᠠᠷ ᠬᠠᠮᠵᠢᠯᠴᠠᠨ ᠥᠷᠨᠢᠭᠦᠯᠬᠦ ᠬᠡᠷᠡᠭᠲᠡᠢ ᠃      ᠵᠢᠷᠭᠤᠭ᠎ᠠ ᠂ ᠠᠰᠠᠭᠤᠯᠲᠠ ᠄ ︽ ᠲᠣᠭᠲᠠᠭᠠᠯ ︾ ᠳᠤ ᠢᠨᠲ᠋ᠧᠷ ᠰᠦᠯᠵᠢᠶᠡᠨ ᠤ ᠰᠣᠨᠢᠨ ᠮᠡᠳᠡᠭᠡ ᠰᠤᠷᠠᠭ ᠵᠠᠩᠭᠢ ᠶᠢᠨ ᠦᠢᠯᠡᠴᠢᠯᠡᠭᠡ ᠬᠠᠩᠭᠠᠭᠴᠢ ᠳᠤ ᠶᠠᠮᠠᠷ ᠶᠠᠮᠠᠷ ᠱᠠᠭᠠᠷᠳᠠᠯᠭ᠎ᠠ ᠳᠤᠷᠠᠳᠤᠭᠰᠠᠨ ᠪᠤᠢ ︖      ᠬᠠᠷᠢᠭᠤᠯᠲᠠ ᠄ ︽ ᠲᠣᠭᠲᠠᠭᠠᠯ ︾ ᠳᠤ ᠂ ᠢᠨᠲ᠋ᠧᠷ ᠰᠦᠯᠵᠢᠶᠡᠨ ᠤ ᠰᠣᠨᠢᠨ ᠮᠡᠳᠡᠭᠡ ᠰᠤᠷᠠᠭ ᠵᠠᠩᠭᠢ ᠶᠢᠨ ᠦᠢᠯᠡᠴᠢᠯᠡᠭᠡ ᠬᠠᠩᠭᠠᠭᠴᠢ ᠤᠯᠤᠰ ᠲᠥᠷᠥ ᠶᠢᠨ ᠵᠥᠪ ᠴᠢᠭᠯᠡᠯ ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠂ ᠥᠷᠲᠡᠭ ᠤᠨ ᠬᠠᠨᠳᠤᠰᠢ ᠶᠢ ᠪᠠᠷᠢᠮᠲᠠᠯᠠᠵᠤ ᠂ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠵᠠᠰᠠᠯᠲᠠ ᠶᠢᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ ᠭᠡᠵᠦ ᠲᠣᠳᠣᠷᠬᠠᠶᠢᠯᠠᠪᠠ ᠃ ᠢᠨᠲ᠋ᠧᠷ ᠰᠦᠯᠵᠢᠶᠡᠨ ᠤ ᠰᠣᠨᠢᠨ ᠮᠡᠳᠡᠭᠡ ᠰᠤᠷᠠᠭ ᠵᠠᠩᠭᠢ ᠶᠢᠨ ᠦᠢᠯᠡᠴᠢᠯᠡᠭᠡᠨ ᠬᠠᠩᠭᠠᠭᠴᠢᠳ ᠪᠣᠳᠠᠲᠤ ᠬᠡᠷᠡᠭ ᠢ ᠶᠡᠬᠡᠰᠬᠡᠬᠦ᠂ ᠬᠡᠲᠦᠷᠬᠡᠢ ᠥᠰᠬᠡᠬᠦ ᠂ ᠥᠷᠥᠭᠡᠰᠦᠭᠡᠯ ᠢᠶᠠᠷ ᠮᠡᠳᠡᠭᠡᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠢᠨᠲ᠋ᠧᠷ ᠰᠦᠯᠵᠢᠶᠡᠨ ᠳᠤ ᠬᠤᠯᠪᠣᠭᠳᠠᠬᠤ ᠬᠦᠴᠦᠷᠬᠡᠭᠯᠡᠯ ᠤᠨ ᠰᠣᠨᠢᠨ ᠮᠡᠳᠡᠭᠡᠨ ᠤ ᠮᠡᠳᠡᠭᠡ ᠵᠠᠩᠭᠢ ᠶᠢ ᠰᠤᠷᠪᠤᠯᠵᠢᠯᠠᠨ ᠨᠠᠶᠢᠷᠠᠭᠤᠯᠵᠤ ᠂ ᠰᠢᠯᠵᠢᠭᠦᠯᠦᠨ ᠨᠡᠶᠢᠲᠡᠯᠡᠵᠦ ᠪᠣᠯᠬᠤ ᠦᠭᠡᠢ ᠃ ᠢᠨᠲ᠋ᠧᠷ ᠰᠦᠯᠵᠢᠶᠡᠨ ᠤ ᠰᠣᠨᠢᠨ ᠮᠡᠳᠡᠭᠡ ᠰᠤᠷᠠᠭ ᠵᠠᠩᠭᠢ ᠳᠤ ᠪᠢᠴᠢᠭᠦᠯᠦᠨ ᠰᠢᠭᠦᠮᠵᠢᠯᠡᠬᠦ ᠦᠢᠯᠡᠴᠢᠯᠡᠭᠡᠨ ᠬᠠᠩᠭᠠᠪᠠᠯ ᠂ ᠤᠷᠢᠳᠠᠪᠠᠷ ᠬᠢᠨᠠᠵᠤ ᠳᠠᠷᠠᠭ᠎ᠠ ᠨᠢ ᠣᠯᠭᠤᠬᠤ ᠶᠢ ᠬᠡᠷᠡᠭᠵᠢᠭᠦᠯᠬᠦ ᠬᠡᠷᠡᠭᠲᠡᠢ ᠃ ᠢᠨᠲ᠋ᠧᠷ ᠰᠦᠯᠵᠢᠶ᠎ᠡ ᠶᠢᠨ ᠰᠣᠨᠢᠨ ᠮᠡᠳᠡᠭᠡ ᠰᠤᠷᠠᠭ ᠵᠠᠩᠭᠢ ᠶᠢᠨ ᠦᠢᠯᠡᠴᠢᠯᠡᠭᠡ ᠬᠠᠩᠭᠠᠭᠴᠢ ᠲᠣᠣᠷ ᠰᠦᠯᠵᠢᠶᠡᠨ ᠳᠤ ᠬᠤᠯᠪᠣᠭᠳᠠᠬᠤ ᠬᠦᠴᠦᠷᠬᠡᠭᠯᠡᠯ ᠤᠨ ᠰᠣᠨᠢᠨ ᠮᠡᠳᠡᠭᠡᠨ ᠰᠤᠷᠠᠭ ᠵᠠᠩᠭᠢ ᠶᠢ ᠰᠤᠷᠪᠤᠯᠵᠢᠯᠠᠨ ᠨᠠᠶᠢᠷᠠᠭᠤᠯᠵᠤ ᠂ ᠰᠢᠯᠵᠢᠭᠦᠯᠦᠨ ᠨᠡᠶᠢᠲᠡᠯᠡᠭᠰᠡᠨ ᠨᠢ ᠦᠨᠡᠨ ᠪᠣᠳᠠᠲᠠᠢ ᠪᠤᠰᠤ ᠪᠤᠶᠤ ᠭᠤᠤᠯᠴᠢ ᠪᠤᠰᠤ ᠪᠠᠶᠢᠪᠠᠯ ᠂ ᠳᠠᠷᠤᠢ ᠲᠦᠷᠭᠡᠨ ᠢᠯᠡ ᠪᠠᠷ ᠵᠠᠯᠠᠷᠠᠭᠤᠯᠵᠤ ᠂ ᠨᠥᠯᠥᠭᠡ ᠶᠢ ᠨᠢ ᠠᠷᠢᠯᠭᠠᠬᠤ ᠬᠡᠷᠡᠭᠲᠡᠢ ᠃      ᠳᠣᠯᠤᠭ᠎ᠠ ᠂ ᠠᠰᠠᠭᠤᠯᠲᠠ ᠄ ᠣᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠬᠡᠷᠡᠭᠯᠡᠭᠴᠢ ᠶᠢᠨ ᠡᠷᠬᠡ ᠠᠰᠢᠭ ᠢ ᠬᠠᠮᠠᠭᠠᠯᠠᠬᠤ ᠠᠰᠠᠭᠤᠳᠠᠯ ᠳᠤ ᠴᠢᠭᠯᠡᠭᠦᠯᠦᠨ ᠂ ︽ ᠲᠣᠭᠲᠠᠭᠠᠯ ︾ ᠳᠤ ᠶᠠᠮᠠᠷ ᠶᠠᠮᠠᠷ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠭᠰᠠᠨ ᠪᠣᠶ ︖      ᠬᠠᠷᠢᠭᠤᠯᠲᠠ ᠄ ︽ ᠲᠣᠭᠲᠠᠭᠠᠯ ︾ ᠳᠤ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠵᠠᠰᠠᠯᠲᠠ ᠳᠤᠮᠳᠠᠬᠢ ᠬᠡᠷᠡᠭᠯᠡᠭᠴᠢ ᠶᠢᠨ ᠡᠷᠬᠡ ᠠᠰᠢᠭ ᠢ ᠬᠠᠮᠠᠭᠠᠯᠠᠬᠤ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠵᠠᠢ ᠃ ᠨᠢᠭᠡ ᠳᠤ ᠂ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢ ᠰᠡᠷᠭᠡᠶᠢᠯᠡᠨ ᠬᠠᠮᠠᠭᠠᠯᠠᠬᠤ ᠴᠢᠳᠠᠮᠵᠢ ᠶᠢ ᠪᠠᠶᠢᠭᠤᠯᠤᠨ ᠲᠡᠭᠦᠯᠳᠡᠷᠵᠢᠭᠦᠯᠪᠡ ᠃ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠴᠢ ᠶᠢ ᠬᠡᠷᠡᠭᠯᠡᠭᠴᠢ ᠳᠤ ᠲᠥᠬᠦᠮ ᠦᠵᠡᠭᠦᠯᠵᠦ ᠲᠠᠨᠢᠯ ᠪᠤᠰᠤ ᠬᠡᠷᠡᠭᠯᠡᠭᠴᠢ ᠪᠤᠶᠤ ᠣᠨᠴᠠ ᠲᠣᠭᠲᠠᠭᠰᠠᠨ ᠬᠡᠷᠡᠭᠯᠡᠭᠴᠢ ᠶᠢ ᠬᠠᠯᠬᠠᠯᠠᠬᠤ ᠂ ᠲᠣᠰ ᠬᠥᠮᠥᠨ ᠤ ᠨᠡᠶᠢᠲᠡᠯᠡᠭᠰᠡᠨ ᠮᠡᠳᠡᠭᠡ ᠵᠠᠩᠭᠢ ᠶᠢᠨ ᠦᠵᠡᠭᠳᠡᠬᠦ ᠬᠡᠪᠴᠢᠶ᠎ᠡ ᠶᠢ ᠲᠣᠬᠢᠷᠠᠭᠤᠯᠬᠤ ᠂ ᠲᠣᠰ ᠬᠥᠮᠥᠨ ᠤ ᠨᠡᠶᠢᠲᠡᠯᠡᠭᠰᠡᠨ ᠮᠡᠳᠡᠭᠡ ᠵᠠᠩᠭᠢ ᠵᠡᠷᠭᠡ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠬᠠᠮᠠᠭᠠᠯᠠᠯᠲᠠ ᠶᠢᠨ ᠰᠣᠩᠭᠤᠯᠲᠠ ᠶᠢ ᠰᠢᠯᠵᠢᠭᠦᠯᠦᠨ ᠨᠡᠶᠢᠲᠡᠯᠡᠬᠦ ᠪᠤᠶᠤ ᠰᠢᠭᠦᠮᠵᠢᠯᠡᠬᠦ ᠶᠢ ᠴᠠᠭᠠᠵᠠᠯᠠᠬᠤ ᠶᠢ ᠱᠠᠭᠠᠷᠳᠠᠪᠠ ᠃ ᠬᠤᠶᠠᠷ ᠲᠤ ᠂ ᠳᠠᠩ ᠤᠲᠠᠰᠤ ᠪᠠᠷ ᠬᠠᠷᠢᠴᠠᠬᠤ ᠳᠦᠷᠢᠮ ᠢ ᠲᠡᠭᠦᠯᠳᠡᠷᠵᠢᠭᠦᠯᠪᠡ ᠃ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠴᠢ ᠶᠢ ᠰᠠᠶᠢᠨ ᠨᠠᠶᠢᠵᠠ ᠶᠢᠨ ᠳᠠᠩ ᠤᠲᠠᠰᠤ ᠶᠢᠨ ᠵᠠᠬᠢᠳᠠᠯ ᠢ ᠯᠠ ᠭᠥᠯᠢᠶᠡᠨ ᠠᠪᠬᠤ ᠪᠤᠶᠤ ᠪᠣᠶ ᠪᠦᠬᠦᠢ ᠳᠠᠩ ᠤᠲᠠᠰᠤ ᠶᠢᠨ ᠵᠠᠬᠢᠳᠠᠯ ᠢ ᠭᠥᠯᠢᠶᠡᠨ ᠠᠪᠬᠤ ᠶᠢ ᠲᠡᠪᠴᠢᠬᠦ ᠵᠡᠷᠭᠡ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠬᠠᠮᠠᠭᠠᠯᠠᠯᠲᠠ ᠶᠢᠨ ᠰᠣᠩᠭᠤᠯᠲᠠ ᠶᠢ ᠲᠥᠬᠦᠮ ᠦᠵᠡᠭᠦᠯᠵᠦ ᠂ ᠳᠠᠩ ᠤᠲᠠᠰᠤ ᠶᠢᠨ ᠵᠠᠬᠢᠳᠠᠯ ᠢ ᠣᠶᠤᠨᠴᠢ ᠪᠠᠷ ᠬᠠᠯᠬᠠᠯᠠᠬᠤ ᠪᠤᠶᠤ ᠳᠠᠩ ᠤᠲᠠᠰᠤ ᠶᠢᠨ ᠵᠠᠬᠢᠳᠠᠯ ᠤᠨ ᠬᠠᠯᠬᠠᠯᠠᠬᠤ ᠦᠭᠡ ᠶᠢ ᠥᠪᠡᠰᠦᠪᠡᠨ ᠲᠣᠳᠣᠷᠬᠠᠶᠢᠯᠠᠬᠤ ᠵᠡᠷᠭᠡ ᠴᠢᠳᠠᠮᠵᠢ ᠬᠠᠩᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠱᠠᠭᠠᠷᠳᠠᠪᠠ ᠃ ᠭᠤᠷᠪᠠ ᠳᠤ ᠂ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠶᠢ ᠬᠡᠷᠡᠭᠯᠡᠭᠴᠢᠳ ᠲᠤ ᠮᠡᠳᠡᠭᠳᠡᠪᠡ ᠃ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠴᠢ ᠨᠢ ᠬᠡᠷᠡᠭᠯᠡᠭᠴᠢ ᠶᠢᠨ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠠᠶᠤᠯ ᠲᠦᠭᠰᠢᠭᠦᠷᠢ ᠳᠤ ᠲᠤᠯᠭᠠᠷᠠᠵᠤ ᠪᠠᠶᠢᠬᠤ ᠶᠢ ᠣᠯᠵᠤ ᠮᠡᠳᠡᠪᠡᠯ ᠂ ᠴᠠᠭ ᠲᠤᠬᠠᠢ ᠳᠤ ᠨᠢ ᠢᠯᠡᠷᠬᠡᠢ ᠠᠷᠭ᠎ᠠ ᠮᠠᠶ᠋ᠢᠭ ᠢᠶᠠᠷ ᠬᠡᠷᠡᠭᠯᠡᠭᠴᠢ ᠳᠤ ᠰᠠᠨᠠᠭᠤᠯᠵᠤ ᠂ ᠬᠡᠷᠡᠭᠯᠡᠭᠴᠢ ᠳᠤ ᠠᠪᠴᠤ ᠪᠣᠯᠬᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠮᠡᠳᠡᠭᠳᠡᠬᠦ ᠬᠡᠷᠡᠭᠲᠡᠢ ᠭᠡᠳᠡᠭ ᠢ ᠲᠣᠳᠣᠷᠬᠠᠢ ᠲᠣᠭᠲᠠᠭᠠᠪᠠ ᠃ ᠳᠥᠷᠪᠡ ᠳᠤ ᠂ ᠭᠡᠷᠡᠴᠢ ᠪᠠᠷᠢᠮᠲᠠ ᠶᠢ ᠴᠠᠭ ᠲᠤᠬᠠᠢ ᠳᠤ ᠨᠢ ᠬᠠᠳᠠᠭᠠᠯᠠᠬᠤ ᠬᠡᠷᠡᠭᠲᠡᠢ ᠃ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠴᠢ ᠨᠢ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢ ᠢᠯᠡᠷᠡᠭᠦᠯᠵᠦ ᠰᠢᠢᠳᠪᠦᠷᠢᠯᠡᠭᠰᠡᠨ ᠪᠠᠶᠢᠪᠠᠯ ᠂ ᠮᠡᠳᠡᠭᠡ ᠵᠠᠩᠭᠢ ᠶᠢᠨ ᠠᠭᠤᠯᠭ᠎ᠠ ᠂ ᠰᠢᠭᠦᠮᠵᠢ ᠶᠢ ᠳᠠᠮᠵᠢᠭᠤᠯᠤᠨ ᠲᠠᠷᠬᠠᠭᠠᠭᠰᠠᠨ ᠲᠤᠭ᠎ᠠ ᠬᠡᠮᠵᠢᠶ᠎ᠡ ᠵᠡᠷᠭᠡ ᠲᠤᠭ᠎ᠠ ᠪᠠᠷᠢᠮᠲᠠ ᠶᠢ ᠶᠢ ᠴᠠᠭ ᠲᠤᠬᠠᠢ ᠳᠤ ᠨᠢ ᠬᠠᠳᠠᠭᠠᠯᠠᠬᠤ ᠬᠡᠷᠡᠭᠲᠡᠢ ︔ ᠬᠡᠷᠡᠭᠯᠡᠭᠴᠢᠳ ᠲᠤ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠲᠦᠷᠭᠡᠨ ᠭᠡᠷᠡᠴᠢ ᠠᠪᠬᠤ ᠵᠡᠷᠭᠡ ᠴᠢᠳᠠᠮᠵᠢ ᠶᠢ ᠬᠠᠩᠭᠠᠵᠤ ᠂ ᠬᠠᠤᠯᠢ ᠲᠣᠭᠲᠠᠭᠠᠯ ᠶᠣᠰᠣᠭᠠᠷ ᠬᠡᠷᠡᠭᠯᠡᠭᠴᠢᠳ ᠤᠨ ᠡᠷᠬᠡ ᠪᠠᠨ ᠬᠠᠮᠠᠭᠠᠯᠠᠬᠤ ᠳᠤ ᠲᠦᠬᠦᠮ ᠦᠵᠡᠭᠦᠯᠬᠦ ᠬᠡᠷᠡᠭᠲᠡᠢ ᠃ ᠲᠠᠪᠤ ᠳᠤ ᠂ ᠵᠠᠭᠠᠯᠳᠤᠯᠭ᠎ᠠ᠂ ᠢᠯᠡᠴᠢᠯᠡᠯᠲᠡ ᠶᠢ ᠴᠠᠭ ᠲᠤᠬᠠᠢ ᠳᠤ ᠨᠢ ᠬᠦᠯᠢᠶᠡᠨ ᠠᠪᠴᠤ ᠰᠢᠢᠳᠪᠦᠷᠢᠯᠡᠪᠡ ᠃ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠴᠢ ᠶᠢ ᠦᠢᠯᠡᠴᠢᠯᠡᠭᠡᠨ ᠤ ᠢᠯᠡᠷᠬᠡᠢ ᠪᠠᠶᠢᠷᠢᠨ ᠳᠤ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠲᠦᠷᠭᠡᠨ ᠵᠠᠭᠠᠯᠳᠤᠬᠤ ᠂ ᠢᠯᠡᠴᠢᠯᠡᠨ ᠮᠡᠳᠡᠭᠦᠯᠬᠦ ᠲᠤᠰᠬᠠᠢ ᠴᠣᠩᠬᠤᠪᠴᠢ ᠭᠠᠷᠭᠠᠵᠤ ᠂ ᠰᠢᠢᠳᠪᠦᠷᠢᠯᠡᠬᠦ ᠶᠠᠪᠤᠴᠠ ᠶᠢ ᠨᠡᠶᠢᠲᠡᠯᠡᠨ ᠂ ᠣᠯᠠᠨ ᠨᠡᠶᠢᠲᠡ ᠶᠢᠨ ᠵᠠᠭᠠᠯᠳᠤᠬᠤ ᠂ ᠢᠯᠡᠴᠢᠯᠡᠨ ᠮᠡᠳᠡᠭᠦᠯᠬᠦ ᠶᠢ ᠴᠠᠭ ᠲᠤᠬᠠᠢ ᠳᠤ ᠨᠢ ᠭᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠰᠢᠢᠳᠪᠦᠷᠢᠯᠡᠭᠰᠡᠨ ᠦᠷ᠎ᠡ ᠳ᠋ᠦᠩ ᠢ ᠬᠠᠷᠢᠭᠤ ᠲᠤᠰᠬᠠᠬᠤ ᠬᠡᠷᠡᠭᠲᠡᠢ ︔ ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠳᠤ ᠬᠤᠯᠪᠣᠭᠳᠠᠭᠰᠠᠨ ᠵᠠᠭᠠᠯᠳᠤᠯᠭ᠎ᠠ ᠂ ᠢᠯᠡᠴᠢᠯᠡᠨ ᠮᠡᠳᠡᠭᠦᠯᠦᠯᠲᠡ ᠶᠢ ᠡᠩ ᠲᠡᠷᠢᠭᠦᠨ ᠳᠤ ᠰᠢᠢᠳᠪᠦᠷᠢᠯᠡᠵᠦ ᠂ ᠨᠠᠰᠤᠨ ᠳᠤ ᠥᠯᠥ ᠭᠦᠷᠦᠭᠰᠡᠳ ᠤᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠲᠦᠭᠰᠢᠭᠦᠷᠢ ᠶᠢ ᠣᠯᠵᠤ ᠮᠡᠳᠡᠪᠡᠯ ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠲᠣᠰ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠴᠠᠭ ᠲᠤᠬᠠᠢ ᠳᠤ ᠨᠢ ᠠᠷᠭ᠎ᠠ ᠬᠡᠮᠵᠢᠶ᠎ᠡ ᠠᠪᠴᠤ᠂ ᠵᠣᠬᠢᠴᠠᠩᠭᠤᠢ ᠬᠠᠮᠠᠭᠠᠯᠠᠵᠤ ᠠᠪᠤᠷᠠᠨ ᠲᠤᠰᠠᠯᠠᠬᠤ ᠦᠢᠯᠡᠴᠢᠯᠡᠭᠡ ᠬᠠᠩᠭᠠᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ ᠃      ᠨᠠᠢᠮᠠ ᠂ ᠠᠰᠠᠭᠤᠯᠲᠠ ᠄ ︽ ᠲᠣᠭᠲᠠᠭᠠᠯ ︾ ᠳᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢᠨ ᠲᠤᠬᠠᠢ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠤᠢ ︖      ᠬᠠᠷᠢᠭᠤᠯᠲᠠ ᠄ ︽ ᠲᠣᠭᠲᠠᠭᠠᠯ ︾ ᠳᠤ ᠲᠣᠳᠣᠷᠬᠠᠢ ᠲᠣᠭᠲᠠᠭᠠᠭᠰᠠᠨ ᠨᠢ᠂ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠨᠢ ᠳᠣᠲᠣᠭᠠᠳᠤ ᠶᠢ ᠬᠠᠮᠠᠭᠠᠯᠠᠬᠤ ᠂ ᠰᠣᠶᠣᠯ ᠪᠠ ᠵᠢᠭᠤᠯᠴᠢᠯᠠᠯ ᠂ ᠷᠠᠳᠢᠣ᠋ ᠲᠧᠯᠸᠢᠰ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠴᠢ ᠶᠢᠨ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠵᠠᠰᠠᠯᠲᠠ ᠶᠢᠨ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠪᠠᠶᠢᠴᠠᠭᠠᠯᠲᠠ ᠬᠢᠵᠦ ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠂ ᠵᠥᠪᠳᠡᠯᠴᠡᠨ ᠮᠡᠳᠡᠭᠳᠡᠬᠦ ᠂ ᠭᠡᠷᠡᠴᠢ ᠠᠪᠴᠤ ᠭᠡᠷᠡᠴᠢ ᠰᠢᠯᠵᠢᠭᠦᠯᠬᠦ ᠂ ᠬᠡᠷᠡᠭ ᠢ ᠰᠢᠪᠠᠳᠠᠨ ᠰᠢᠢᠳᠪᠦᠷᠢᠯᠡᠭᠦᠯᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢ ᠬᠠᠮᠵᠢᠯᠴᠠᠨ ᠵᠠᠰᠠᠨ᠎ᠠ ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠦᠯᠵᠢᠶᠡᠨ ᠤ ᠮᠡᠳᠡᠭᠡ ᠵᠠᠩᠭᠢ᠂ ᠰᠣᠶᠣᠯ ᠪᠠ ᠵᠢᠭᠤᠯᠴᠢᠯᠠᠯ ᠂ ᠷᠠᠳᠢᠣ᠋ ᠲᠧᠯᠸᠢᠰ ᠵᠡᠷᠭᠡ ᠰᠠᠯᠠᠭ᠎ᠠ ᠮᠥᠴᠢᠷ ᠤᠨ ᠰᠢᠯᠵᠢᠭᠦᠯᠦᠨ ᠬᠦᠷᠭᠡᠭᠰᠡᠨ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠳᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠴᠠᠭ ᠲᠤᠬᠠᠢ ᠳᠤ ᠨᠢ ᠬᠢᠨᠠᠨ ᠪᠠᠶᠢᠴᠠᠭᠠᠬᠤ ᠶᠢᠨ ᠬᠠᠮᠲᠤ ᠬᠡᠷᠡᠭ ᠪᠣᠯᠭᠠᠨ ᠳᠠᠩᠰᠠᠯᠠᠬᠤ ᠨᠥᠬᠦᠴᠡᠯ ᠳᠤ ᠨᠡᠶᠢᠴᠡᠭᠰᠡᠨ ᠢ ᠨᠢ ᠴᠠᠭ ᠲᠤᠬᠠᠢ ᠳᠤ ᠨᠢ ᠬᠡᠷᠡᠭ ᠪᠣᠯᠭᠠᠨ ᠲᠠᠩᠰᠠᠯᠠᠵᠤ ᠲᠤᠷᠰᠢᠨ ᠪᠠᠶᠢᠴᠠᠭᠠᠵᠤ᠂ ᠪᠠᠶᠢᠴᠠᠭᠠᠬᠤ ᠬᠡᠷᠡᠭᠲᠡᠢ ᠃
 
ᠢᠷᠡᠯᠲᠡ᠄ ᠥᠪᠥᠷ ᠮᠣᠩᠭᠤᠯ ᠤᠨ ᠳᠣᠲᠣᠭᠠᠳᠤ ᠶᠢᠨ ᠬᠠᠮᠠᠭᠠᠯᠠᠬᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号