2025 ᠣᠨ ᠤ 3 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠲᠢᠩᠬᠢᠮ ᠤᠨ | ᠰᠢᠰᠲ᠋ᠧᠮ ᠤᠨ ᠲᠠᠷᠢᠶᠠᠯᠠᠩ ᠮᠠᠯ ᠠᠵᠤ ᠠᠬᠤᠢ ᠶᠢᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ | ᠠᠬᠢᠭᠤᠯᠬᠤ ᠠᠵᠢᠯ ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠳᠤᠭᠤᠶᠢᠯᠠᠩ ᠤᠨ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠪᠥᠬᠦ ᠣᠷᠣᠨ ᠤ | ᠣᠶᠤᠨᠲᠤ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠠᠷᠢᠶᠠᠯᠠᠩ | ᠮᠠᠯ ᠠᠵᠤ ᠠᠬᠤᠢ ᠶᠢᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠨ᠂ ᠲᠠᠷᠢᠶᠠᠯᠠᠩ ᠮᠠᠯ ᠠᠵᠤ | ᠠᠬᠤᠢ ᠶᠢᠨ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠪᠤᠳᠠᠳᠠᠢ ᠠᠷᠭ᠎ᠠ | ᠭᠡᠮᠵᠢᠶ᠎ᠡ ᠶᠢ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠢᠩᠬᠢᠮ ᠤᠨ | ᠳᠠᠷᠤᠭ᠎ᠠ ᠬᠠᠢ ᠱᠠᠨ ᠨᠥᠬᠦᠷ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠢᠩᠬᠢᠮ ᠤᠨ ᠰᠢᠰᠲ᠋ᠧᠮ ᠤᠨ ᠡᠯ᠎ᠡ | ᠭᠠᠵᠠᠷ ᠠᠯᠪᠠᠨ ᠭᠡᠷ ᠲᠣᠪᠴᠢᠶ᠎ᠠ᠂ ᠲᠢᠩᠬᠢᠮ ᠤᠨ ᠬᠠᠷᠢᠶ᠎ᠠ ᠠᠵᠢᠯ ᠦᠢᠯᠡᠰ ᠤᠨ ᠨᠢᠭᠡᠴᠡ᠂ ᠲᠠᠷᠢᠶᠠᠯᠠᠩ ᠮᠠᠯ ᠠᠵᠤ | ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | | ᠬᠤᠷᠠᠯ ᠠᠴᠠ᠂ ᠣᠶᠤᠨᠲᠤ ᠲᠠᠷᠢᠶᠠᠯᠠᠩ ᠮᠠᠯ ᠠᠵᠤ ᠠᠬᠤᠢ ᠪᠣᠯ ᠲᠣᠭᠠᠴᠢᠯᠠᠭᠰᠠᠨ ᠠᠵᠤ ᠠᠬᠤᠢ ᠶᠢᠨ | ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠮᠥᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠪᠣᠶᠢᠵᠢᠭᠤᠯᠬᠤ ᠭᠤᠣᠯ ᠬᠥᠳᠡᠯᠭᠡᠭᠦᠷ ᠮᠥᠨ᠂ ᠲᠦᠷᠦ ᠶᠢᠨ ᠪᠣᠳᠣᠯᠭ᠎ᠠ ᠶᠢᠨ ᠪᠠᠶᠢᠳᠠᠯ᠂ ᠪᠠᠶᠢᠯᠳᠤᠬᠤ ᠪᠣᠳᠣᠯᠭ᠎ᠠ ᠶᠢᠨ | ᠠᠵᠠ ᠲᠣᠬᠢᠶᠠᠯ᠂ ᠪᠣᠳᠠᠲᠤ ᠬᠡᠷᠡᠭᠴᠡᠭᠡ ᠵᠡᠷᠭᠡ 3 ᠲᠠᠯ᠎ᠠ ᠠᠴᠠ ᠣᠶᠢᠯᠠᠭᠠᠯᠴᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ | ᠣᠶᠤᠨᠲᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠰᠠᠨᠠᠭᠠᠴᠢᠯᠠᠭᠠᠲᠤ ᠴᠢᠨᠠᠷ᠂ ᠪᠦᠲᠦᠭᠡᠯᠴᠢ | ᠴᠢᠨᠠᠷ ᠪᠣᠯᠣᠨ ᠬᠡᠷᠡᠭᠵᠢᠭᠦᠯᠬᠦ ᠬᠦᠴᠦᠨ ᠢ ᠦᠨᠡᠨᠬᠦ ᠴᠢᠩᠭᠠᠳᠬᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠣᠪᠣᠷ | ᠲᠥᠪ᠂ ᠠᠵᠢᠯᠯᠠᠭ᠎ᠠ ᠦᠨᠡᠨ ᠪᠣᠳᠠᠲᠠᠢ ᠪᠠᠶᠢᠵᠤ᠂ ᠣᠶᠤᠨᠲᠤ ᠲᠠᠷᠢᠶᠠᠯᠠᠩ ᠮᠠᠯ ᠠᠵᠤ ᠠᠬᠤᠢ ᠶᠢ ᠶᠡᠭᠡ ᠶᠠᠪᠤᠳᠠᠯ | ᠴᠢᠬᠤᠯᠠ ᠶᠠᠪᠤᠳᠠᠯ ᠪᠣᠯᠭᠠᠨ ᠠᠳᠬᠤᠵᠤ᠂ ᠲᠥᠷᠥ ᠶᠢᠨ ᠪᠣᠳᠣᠯᠭ᠎ᠠ ᠪᠠᠷ ᠳᠠᠶᠢᠴᠢᠯᠠᠬᠤ᠂ ᠨᠡᠶᠢᠲᠡᠯᠢᠭ ᠵᠢᠱᠢᠶ᠎ᠡ ᠪᠠᠷ | ᠳᠠᠶᠢᠴᠢᠯᠠᠬᠤ᠂ ᠮᠡᠷᠭᠡᠵᠢᠯ ᠢᠶᠠᠷ ᠳᠠᠶᠢᠴᠢᠯᠠᠬᠤ᠂ ᠦᠢᠯᠡᠴᠢᠯᠡᠭᠡ ᠪᠠᠷ ᠠᠬᠢᠭᠤᠯᠬᠤ ᠪᠠᠷ ᠳᠡᠮᠵᠢᠨ᠂ ᠪᠥᠬᠦ ᠣᠷᠣᠨ ᠤ | ᠣᠶᠤᠨᠲᠤ ᠲᠠᠷᠢᠶᠠᠯᠠᠩ ᠮᠠᠯ ᠠᠵᠤ ᠠᠬᠤᠢ ᠶᠢᠨ ︽ᠮᠤᠷᠤᠢ ᠵᠠᠮ ᠢᠶᠠᠷ ᠲᠡᠷᠭᠡ ᠳᠠᠪᠠᠭ᠋ᠤ︾ ᠶᠢ ᠪᠡᠶᠡᠯᠡᠭᠦᠯᠬᠦ ᠶᠢ ᠬᠦᠴᠦᠯᠡᠨ | ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠡᠢ | ᠲᠤᠯᠭᠠᠭᠤᠷᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠣᠳᠣᠬᠠᠨ ᠳᠤ 3 ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ | ᠬᠡᠷᠡᠭᠲᠡᠢ᠂ ᠨᠢᠭᠡ ᠳᠤ ᠭᠤᠣᠯᠳᠠᠯᠭ᠎ᠠ ᠲᠠᠢ ᠠᠵᠤ ᠦᠢᠯᠡᠰ ᠤᠨ ᠲᠣᠭᠠᠴᠢᠯᠠᠭᠰᠠᠨ ᠬᠡᠯᠪᠡᠷᠢ ᠶᠢ ᠤᠷᠢᠳᠠᠪᠠᠷ | ᠬᠤᠪᠢᠷᠠᠭᠤᠯᠬᠤ ᠶᠢ ᠠᠬᠢᠭᠤᠯᠵᠤ᠂ ᠡᠯ᠎ᠡ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠨᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠲᠥᠮᠥᠰᠥ᠂ | ᠡᠷᠳᠡᠨᠢ ᠰᠢᠰᠢ᠂ ᠡᠪᠡᠰᠦᠨ ᠤ ᠦᠢᠯᠡᠰ᠂ ᠰᠦ ᠶᠢᠨ ᠦᠢᠯᠡᠰ᠂ ᠠᠯᠠᠰᠢᠨ ᠦᠬᠡᠷ᠂ ᠠᠯᠠᠰᠢᠨ ᠬᠤᠨᠢ ᠵᠡᠷᠭᠡ | ᠭᠤᠣᠯᠳᠠᠯᠭ᠎ᠠ ᠲᠠᠢ ᠳᠠᠪᠠᠭᠤᠯᠢᠭ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠲᠣᠭᠠᠴᠢᠯᠠᠭᠰᠠᠨ | ᠥᠭᠡᠷᠡᠴᠢᠯᠡᠯᠲᠡ ᠶᠢᠨ ᠲᠥᠰᠥᠯ ᠢ ᠱᠠᠯᠠᠪᠳᠠᠨ ᠲᠣᠭᠲᠠᠭᠠᠵᠤ᠂ ᠠᠵᠤ ᠦᠢᠯᠡᠰ ᠤᠨ ᠬᠡᠯᠬᠢᠶᠡᠵᠢᠭᠰᠡᠨ ᠮᠠᠶ᠋ᠢᠭ ᠤᠨ | ᠲᠤᠭᠠᠴᠢᠯᠠᠯᠳᠠ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠬᠤᠶᠠᠷ ᠲᠤ ᠲᠠᠷᠢᠶᠠᠯᠠᠩ ᠮᠠᠯ ᠠᠵᠤ | ᠠᠬᠤᠢ ᠶᠢᠨ ᠲᠣᠮᠣ ᠳ᠋ᠠᠶᠢᠲ᠋ᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠬᠢᠨᠠᠯᠲᠠ ᠲᠠᠯᠪᠢᠵᠤ | ᠪᠠᠶᠢᠴᠠᠭᠠᠬᠤ ᠭᠠᠵᠠᠷ ᠠᠴᠠ ᠪᠥᠬᠦ ᠲᠢᠩᠬᠢᠮ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠴᠤᠭᠯᠠᠭᠤᠯᠤᠨ | ᠬᠠᠮᠲᠤ ᠪᠠᠷ ᠡᠳ᠋ᠯᠡᠬᠦ ᠬᠠᠮᠢᠶᠠᠷᠤᠯᠲᠠ ᠶᠢᠨ ᠠᠷᠭ᠎ᠠ ᠶᠢ ᠰᠤᠳᠤᠯᠤᠨ ᠲᠣᠭᠲᠠᠭᠠᠵᠤ᠂ ᠪᠥᠬᠦ ᠲᠢᠩᠬᠢᠮ ᠤᠨ ᠲᠤᠭ᠎ᠠ | ᠪᠠᠷᠢᠮᠲᠠ ᠶᠢᠨ ᠡᠬᠢ ᠪᠠᠶᠠᠯᠢᠭ ᠢ ᠲᠥᠪᠯᠡᠷᠡᠭᠦᠯᠦᠨ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠶᠢ ᠲᠦᠷᠭᠡᠳᠬᠡᠨ ᠠᠬᠢᠭᠤᠯᠬᠤ | ᠬᠡᠷᠡᠭᠲᠡᠢ᠃ ᠭᠤᠷᠪᠠ ᠳᠤ ᠣᠶᠤᠨᠲᠤ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ | ᠪᠠᠶᠢᠭᠤᠯᠵᠤ᠂ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠶᠡᠭᠡ ᠬᠡᠮᠵᠢᠶᠡᠨ ᠤ ᠲᠤᠭ᠎ᠠ ᠪᠠᠷᠢᠮᠲᠠ ᠶᠢᠨ ᠡᠬᠢ | ᠪᠠᠶᠠᠯᠢᠭ ᠤᠨ ᠳᠠᠯᠳᠠ ᠬᠦᠴᠦᠨ ᠢ ᠭᠦᠢᠴᠡᠳ ᠠᠭᠤᠳᠠᠯᠵᠤ᠂ ᠲᠤᠭ᠎ᠠ ᠪᠠᠷᠢᠮᠲᠠ ᠶᠢᠨ ᠡᠯᠧᠮᠧᠨ᠋ᠲ ᠤᠨ ᠦᠷᠲᠡᠭ ᠢ | ᠭᠦᠢᠴᠡᠳ ᠬᠥᠭᠵᠢᠭᠡᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠥᠳᠡᠭᠡ ᠲᠣᠰᠬᠤᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠠᠵᠢᠯ ᠢᠶᠠᠷ ᠭᠠᠷᠳᠠᠴᠠ ᠪᠣᠯᠭᠠᠵᠤ᠂ ︽ᠲᠤᠭ᠎ᠠ ᠪᠠᠷᠢᠮᠲᠠ + | ᠢᠲᠡᠭᠡᠮᠵᠢᠲᠦ ᠵᠢᠭᠡᠯᠡᠯᠭᠡ + ᠳᠠᠭᠠᠳᠬᠠᠯ︾ ᠤᠨ ᠠᠭᠤᠰᠤᠯᠴᠠᠭᠰᠠᠨ ᠲᠤᠭ᠎ᠠ ᠪᠠᠷᠢᠮᠲᠠ ᠶᠢᠨ ᠦᠢᠯᠡᠴᠢᠯᠡᠭᠡᠨ ᠤ | ᠲᠠᠪᠴᠠᠩ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠢᠭᠡ ᠳᠤ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠶᠢ ᠰᠠᠶᠢᠲᠤᠷ ᠠᠳᠬᠤᠵᠤ᠂ | ︽ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠲᠣᠭᠠᠴᠢᠯᠠᠭᠰᠠᠨ | ᠵᠠᠰᠠᠭ ᠤᠨ ᠣᠷᠳᠣᠨ ᠤ ᠵᠣᠬᠢᠴᠠᠭᠤᠯᠬᠤ ᠠᠵᠢᠯ ᠤᠨ ᠳᠤᠭᠤᠶᠢᠯᠠᠩ︾ ᠤᠨ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠲᠣᠭᠲᠠᠴᠠ ᠶᠢ ᠰᠠᠶᠢᠲᠤᠷ ᠪᠠᠳᠠᠷᠠᠭᠤᠯᠵᠤ ᠂ ᠪᠣᠳᠠᠲᠠᠢ ᠳᠤ ᠰᠠᠭᠤᠷᠢᠯᠠᠵᠤ᠂ ᠡᠯ᠎ᠡ ᠲᠠᠯ᠎ᠠ ᠶᠢᠨ ᠡᠬᠢ | ᠪᠠᠶᠠᠯᠢᠭ ᠪᠣᠯᠣᠨ ᠬᠦᠴᠦᠨ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠡᠯ᠎ᠡ ᠵᠦᠢᠯ ᠤᠨ ᠠᠵᠢᠯ ᠢ ᠰᠢᠰᠲ᠋ᠧᠮ | ᠲᠠᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠬᠤᠶᠠᠷ ᠲᠤ ᠠᠵᠢᠯ ᠬᠤᠪᠢᠶᠠᠷᠢᠯᠠᠨ ᠬᠠᠮᠵᠢᠯᠴᠠᠬᠤ ᠶᠢ | ᠴᠢᠩᠭᠠᠳᠬᠠᠵᠤ᠂ ᠬᠢᠨᠠᠯᠲᠠ ᠲᠠᠯᠪᠢᠵᠤ ᠪᠠᠶᠢᠴᠠᠭᠠᠬᠤ ᠭᠠᠵᠠᠷ ᠠᠴᠠ ᠤᠶᠤᠨᠲᠦ ᠲᠠᠷᠢᠶᠠᠯᠠᠩ ᠮᠠᠯ ᠠᠵᠤ ᠠᠬᠤᠢ ᠶᠢᠨ | ᠲᠥᠯᠦᠪᠵᠢᠭᠦᠯᠭᠡ ᠶᠢᠨ ᠵᠢᠷᠤᠭ ᠲᠥᠯᠥᠪᠯᠡᠭᠡ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠮᠥᠷᠳᠡᠨ | ᠲᠣᠬᠢᠷᠠᠭᠤᠯᠬᠤ ᠶᠢ ᠰᠠᠶᠢᠲᠤᠷ ᠬᠢᠵᠦ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ | ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠶᠢ ᠰᠠᠶᠢᠲᠤᠷ ᠬᠢᠵᠦ᠂ ᠠᠵᠢᠯ ᠢᠶᠠᠨ ᠥᠷᠨᠢᠭᠦᠯᠬᠦ ᠳᠤ ᠰᠠᠶᠢᠨ ᠰᠠᠶᠢᠬᠠᠨ | ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ᠃ ᠡᠯ᠎ᠡ ᠭᠠᠵᠠᠷ ᠠᠯᠪᠠᠨ ᠭᠡᠷ᠂ ᠲᠥᠪ ᠨᠢ ︽ᠨᠢᠭᠡ ᠬᠥᠯᠭᠡ ᠰᠢᠲᠠᠷ᠎ᠠ︾ | ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠤ | ᠦᠢᠯᠡᠰ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠡᠳᠦᠷ ᠲᠤᠲᠤᠮ ᠤᠨ ᠠᠵᠢᠯ ᠤᠨ ᠨᠢᠭᠡᠳᠦᠯᠲᠡᠢ | ᠲᠥᠯᠥᠪᠵᠢᠭᠦᠯᠦᠨ ᠠᠬᠢᠭᠤᠯᠬᠤ ᠳᠤ ᠣᠷᠣᠭᠤᠯᠬᠤ ᠪᠠᠷ ᠪᠠᠷᠠᠬᠤ ᠦᠭᠡᠢ᠂ ᠪᠠᠰᠠ ᠬᠠᠮᠵᠢᠯᠴᠠᠭ᠎ᠠ ᠪᠠᠨ ᠴᠢᠩᠭᠠᠳᠬᠠᠵᠤ᠂ | ᠳᠠᠭᠠᠭᠤᠯᠤᠨ ᠬᠢᠬᠦ ᠭᠠᠵᠠᠷ ᠠᠯᠪᠠᠨ ᠭᠡᠷ ᠲᠠᠢ ᠢᠳᠡᠪᠬᠢᠲᠡᠢ ᠬᠠᠮᠵᠢᠯᠴᠠᠨ ᠲᠣᠭᠠᠴᠢᠯᠠᠭᠰᠠᠨ ᠪᠦᠲᠦᠭᠡᠨ | ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠭᠤᠷᠪᠠ ᠳᠤ ᠬᠢᠨᠠᠨ ᠬᠡᠮᠵᠢᠵᠦ ᠦᠨᠡᠯᠡᠨ | ᠵᠢᠱᠢᠬᠦ ᠶᠢ ᠰᠠᠶᠢᠲᠤᠷ ᠬᠢᠵᠦ᠂ ᠬᠢᠨᠠᠯᠲᠠ ᠲᠠᠯᠪᠢᠵᠤ ᠪᠠᠶᠢᠴᠠᠭᠠᠬᠤ ᠭᠠᠵᠠᠷ ᠤᠨ ᠬᠢᠨ ᠣᠶᠤᠨᠲᠤ ᠲᠠᠷᠢᠶᠠᠯᠠᠩ ᠮᠠᠯ ᠠᠵᠤ | ᠠᠬᠤᠢ ᠶᠢᠨ ᠮᠥᠷᠳᠡᠨ ᠬᠢᠨᠠᠨ ᠬᠡᠮᠵᠢᠬᠦ ᠪᠠ ᠦᠷ᠎ᠡ ᠪᠦᠲᠦᠮᠵᠢ ᠶᠢ ᠦᠨᠡᠯᠡᠨ ᠵᠢᠱᠢᠬᠦ ᠠᠵᠢᠯ ᠥᠷᠨᠢᠭᠦᠯᠬᠦ ᠶᠢ | ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠶᠤᠨᠲᠤ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ | ᠮᠡᠷᠭᠡᠵᠢᠯᠲᠡᠨ ᠤ ᠬᠥᠮᠥᠷᠭᠡ ᠶᠢ ᠵᠣᠬᠢᠶᠠᠨ ᠪᠠᠶᠢᠭᠤᠯᠵᠤ᠂ ︽ᠬᠢᠨᠠᠨ ᠬᠡᠮᠵᠢᠬᠦ᠂ ᠦᠨᠡᠯᠡᠨ ᠵᠢᠱᠢᠬᠦ᠂ ᠬᠡᠷᠡᠭᠯᠡᠬᠦ︾ ᠪᠦᠬᠦ | ᠬᠡᠯᠬᠢᠶ᠎ᠡ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠣᠶᠤᠨᠲᠤ ᠲᠠᠷᠢᠶᠠᠯᠠᠩ ᠮᠠᠯ | ᠠᠵᠤ ᠠᠬᠤᠢ ᠶᠢᠨ ᠪᠦᠬᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠴᠢᠩᠭᠠᠳᠬᠠᠬᠤ | ᠬᠡᠷᠡᠭᠲᠡᠢ᠃ ᠳᠥᠷᠪᠡ ᠳᠤ ᠤᠷᠳᠤ ᠬᠤᠭᠤᠴᠠᠭ᠎ᠠ ᠪᠠᠷ ᠴᠢᠷᠮᠠᠶᠢᠬᠤ ᠶᠢ ᠪᠠᠷᠢᠮᠲᠠᠯᠠᠵᠤ᠂ ᠡᠯ᠎ᠡ ᠭᠠᠵᠠᠷ ᠠᠯᠪᠠᠨ ᠭᠡᠷ᠂ ᠲᠥᠪ | ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠠᠢ ᠤᠶᠠᠯᠳᠤᠭᠤᠯᠵᠤ᠂ | ᠲᠦᠷᠦᠯ ᠵᠦᠢᠯᠴᠢᠯᠡᠭᠰᠡᠨ ᠠᠷᠭ᠎ᠠ ᠬᠡᠯᠪᠡᠷᠢ ᠪᠠᠷ ᠡᠯ᠎ᠡ ᠵᠦᠢᠯ ᠤᠨ ᠠᠵᠢᠯ ᠢ ᠠᠬᠢᠭᠤᠯᠵᠤ᠂ ᠣᠶᠤᠨᠲᠤ ᠲᠠᠷᠢᠶᠠᠯᠠᠩ ᠮᠠᠯ | ᠠᠵᠤ ᠠᠬᠤᠢ ᠶᠢᠨ ᠬᠥᠭᠵᠢᠯᠲᠡ ᠶᠢ ᠭᠤᠣᠯᠳᠠᠯᠭ᠎ᠠ ᠲᠠᠢ ᠲᠤᠰᠬᠠᠢ ᠲᠦᠷᠦᠯ ᠤᠨ ᠲᠥᠯᠦᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠰᠢᠰᠲ᠋ᠧᠮ ᠳᠤ ᠣᠷᠣᠭᠤᠯᠬᠤ ᠪᠠᠷ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦᠨ ᠤ | ᠳᠡᠮᠵᠢᠯᠭᠡ ᠶᠢ ᠣᠯᠬᠤ ᠪᠠᠷ ᠴᠢᠷᠮᠠᠶᠢᠬᠤ ᠬᠡᠷᠡᠭᠲᠡᠢ᠃ ᠣᠶᠤᠨᠲᠤ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ | ᠲᠣᠭᠲᠠᠴᠠ ᠶᠢ ᠲᠠᠰᠤᠷᠠᠯᠲᠠ ᠦᠭᠡᠢ ᠰᠦᠪᠡᠭᠴᠢᠯᠡᠨ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠪᠠᠷ ᠳᠠᠮᠵᠢᠨ | ᠠᠮᠢᠵᠢᠷᠠᠯ ᠤᠨ ᠬᠦᠴᠦᠨ ᠢ ᠬᠥᠭᠵᠢᠭᠡᠵᠦ᠂ ᠬᠥᠳᠡᠯᠭᠡᠬᠦ ᠬᠦᠴᠦᠨ ᠢ ᠪᠤᠢ ᠪᠣᠯᠭᠠᠵᠤ᠂ ᠰᠢᠨ᠎ᠡ ᠪᠠᠶᠢᠳᠠᠯ ᠢ ᠨᠡᠭᠡᠭᠡᠬᠦ | ᠬᠡᠷᠡᠭᠲᠡᠢ ᠭᠡᠵᠦ ᠱᠠᠭᠠᠷᠳᠠᠪᠠ᠃ | ᠬᠤᠷᠠᠯ ᠳᠡᠭᠡᠷ᠎ᠡ᠂ ᠬᠢᠨᠠᠯᠲᠠ ᠲᠠᠯᠪᠢᠵᠤ ᠪᠠᠶᠢᠴᠠᠭᠠᠬᠤ ᠭᠠᠵᠠᠷ ᠠᠴᠠ ᠪᠥᠬᠦ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠶᠡᠷᠦᠩᠬᠡᠢ ᠪᠠᠶᠢᠳᠠᠯ ᠢ ᠬᠠᠷᠢᠭᠤ ᠮᠡᠳᠡᠭᠦᠯᠵᠦ᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨᠲᠤ ᠲᠠᠷᠢᠶᠠᠯᠠᠩ ᠮᠠᠯ ᠠᠵᠤ ᠠᠬᠤᠢ ᠶᠢ ᠲᠦᠯᠬᠢᠨ | ᠠᠬᠢᠭᠤᠯᠬᠤ ᠶᠢᠨ ᠬᠡᠷᠡᠭᠵᠢᠭᠦᠯᠬᠦ ᠲᠥᠰᠥᠯ ︵2025︱2027︶︾ ᠳᠤ ᠲᠣᠳᠣᠷᠬᠠᠶᠢᠯᠠᠯᠲᠠ ᠬᠢᠭᠰᠡᠨ ᠪᠥᠭᠡᠳ ᠡᠯ᠎ᠡ | ᠭᠠᠵᠠᠷ ᠠᠯᠪᠠᠨ ᠭᠡᠷ᠂ ᠲᠥᠪ ᠤᠨ ᠰᠠᠨᠠᠯ ᠢ ᠬᠤᠷᠢᠶᠠᠪᠠ᠃ |