ᠣᠭᠲᠣᠯᠣᠭᠠᠰᠤ ᠶᠢᠨ ᠥᠯᠢᠭᠡᠷ ᠴᠡᠭ ᠤᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠪᠦᠬᠦᠯᠢ ᠬᠡᠰᠡᠭ ᠤᠨ | ᠥᠯᠢᠭᠡᠷ ᠦᠢᠯᠡᠳᠬᠦ ᠪᠠ ᠬᠥᠷᠥᠰᠥᠨ ᠤ ᠲᠥᠷᠥᠯ ᠬᠡᠯᠪᠡᠷᠢ ᠶᠢᠨ ᠵᠢᠷᠤᠭ ᠦᠢᠯᠡᠳᠬᠦ ᠵᠡᠷᠭᠡ ᠠᠵᠢᠯ ᠢ ᠴᠢᠨᠠᠷ ᠰᠠᠶᠢᠲᠠᠢ | ᠪᠡᠶᠡᠯᠡᠭᠦᠯᠬᠦ ᠶᠢᠨ ᠲᠥᠯᠥᠭᠡ᠂ 2025 ᠣᠨ ᠤ 3 ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ︵︽ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ | ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ︾ ᠭᠡᠵᠦ ᠲᠣᠪᠴᠢᠯᠠᠨ᠎ᠠ︶ ᠠᠴᠠ ᠪᠥᠬᠦ ᠣᠷᠣᠨ ᠤ ᠭᠤᠷᠪᠠᠳᠤᠭᠠᠷ | ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠬᠥᠷᠥᠰᠥ ᠰᠢᠷᠣᠢ ᠶᠢᠨ ᠲᠥᠷᠥᠯ | ᠬᠡᠯᠪᠡᠷᠢ ᠶᠢᠨ ᠪᠠᠶᠢᠴᠠᠭᠠᠯᠲᠠ ᠶᠢᠨ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ | ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠤᠨ | ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ | ᠲᠥᠪ ᠤᠨ ᠨᠠᠮ ᠤᠨ ᠬᠤᠷᠢᠶ᠎ᠠ ᠶᠢᠨ ᠱᠦᠵᠢ᠂ ᠡᠷᠬᠢᠯᠡᠭᠴᠢ ᠬᠤ᠋ ᠶᠢᠦ ᠯᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ | ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠤᠨ | ᠲᠤᠰᠬᠠᠢ ᠠᠩᠭᠢ ᠶᠢᠨ ᠪᠥᠬᠦ ᠭᠡᠰᠢᠭᠦᠨ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ | ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠯ᠎ᠠ ᠨᠤᠲᠤᠭ ᠤᠨ | ᠰᠤᠳᠤᠯᠭᠠᠨ ᠤ ᠭᠠᠵᠠᠷ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠭᠤᠣᠯ | ᠬᠠᠷᠢᠭᠤᠴᠠᠯᠭᠠᠲᠠᠨ ᠵᠢᠴᠢ ᠮᠡᠷᠭᠡᠵᠢᠯᠲᠡᠳ ᠬᠤᠷᠠᠯ ᠳᠤ ᠣᠷᠣᠯᠴᠠᠵᠠᠢ᠃ | | | | ᠬᠤᠷᠠᠯ ᠳᠡᠭᠡᠷ᠎ᠡ᠂ ᠣᠭᠲᠣᠯᠣᠭᠠᠰᠤ ᠶᠢᠨ ᠪᠠᠶᠢᠴᠠᠭᠠᠯᠲᠠ ᠶᠢᠨ ᠦᠯᠢᠭᠡᠷ ᠠᠪᠬᠤ ᠠᠵᠢᠯ ᠢ ᠬᠠᠷᠢᠭᠤᠴᠠᠵᠤ | ᠪᠠᠶᠢᠭ᠎ᠠ ᠭᠤᠷᠪᠠᠨ ᠨᠢᠭᠡᠴᠡ᠂ ᠲᠤᠬᠠᠶᠢᠯᠠᠪᠠᠯ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ | ᠬᠦᠷᠢᠶᠡᠯᠡᠩ ᠪᠣᠯᠣᠨ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠯ᠎ᠠ | ᠨᠤᠲᠤᠭ ᠤᠨ ᠰᠤᠳᠤᠯᠭᠠᠨ ᠤ ᠭᠠᠵᠠᠷ ᠲᠣᠰ ᠲᠣᠰ ᠠᠵᠢᠯ ᠤᠨ ᠠᠬᠢᠴᠠ ᠪᠠᠨ ᠬᠠᠷᠢᠭᠤ ᠮᠡᠳᠡᠭᠦᠯᠵᠦ᠂ ᠲᠤᠭ᠎ᠠ | ᠪᠠᠷᠢᠮᠲᠠ ᠶᠢ ᠬᠢᠨᠠᠨ ᠬᠠᠷᠭᠤᠭᠤᠯᠬᠤ᠂ ᠪᠦᠬᠦᠯᠢ ᠬᠡᠰᠡᠭ ᠤᠨ ᠦᠯᠢᠭᠡᠷ ᠦᠢᠯᠡᠳᠬᠦ᠂ ᠬᠥᠷᠥᠰᠥ ᠰᠢᠷᠣᠢ ᠶᠢᠨ ᠲᠥᠷᠥᠯ | ᠬᠡᠯᠪᠡᠷᠢ ᠶᠢᠨ ᠵᠢᠷᠤᠭ ᠦᠢᠯᠡᠳᠬᠦ ᠳᠤ ᠣᠷᠣᠰᠢᠵᠤ ᠪᠠᠶᠢᠭ᠎ᠠ ᠠᠵᠢᠯᠲᠠᠨ ᠤ ᠠᠰᠠᠭᠤᠳᠠᠯ᠂ ᠮᠡᠷᠭᠡᠵᠢᠯ ᠤᠨ ᠠᠰᠠᠭᠤᠳᠠᠯ᠂ | ᠴᠠᠭ ᠤᠨ ᠠᠰᠠᠭᠤᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠯᠴᠠᠪᠠ᠃ | ᠬᠤᠷᠠᠯ ᠠᠴᠠ᠂ ᠦᠷ᠎ᠡ ᠪᠦᠲᠦᠭᠡᠯ ᠢ ᠬᠤᠷᠢᠶᠠᠩᠭᠤᠶᠢᠯᠠᠬᠤ ᠡᠭᠦᠷᠭᠡ ᠬᠦᠨᠳᠦ᠂ ᠴᠠᠭ ᠪᠠᠴᠢᠮ ᠲᠤᠯᠭᠠᠮ᠎ᠠ ᠪᠠᠶᠢᠵᠤ᠂ | ᠠᠵᠢᠯ ᠢᠶᠠᠨ ᠤᠷᠢᠳ ᠢᠶᠠᠷ ᠪᠣᠳᠣᠯᠬᠢᠯᠠᠵᠤ ᠤᠷᠢᠳ ᠢᠶᠠᠷ ᠬᠢᠬᠦ ᠬᠡᠷᠡᠭᠲᠡᠢ᠃ ᠨᠢᠭᠡ ᠳᠤ ᠲᠤᠭ᠎ᠠ ᠪᠠᠷᠢᠮᠲᠠ ᠶᠢ ᠬᠢᠨᠠᠨ | ᠬᠠᠷᠭᠤᠭᠤᠯᠬᠤ ᠠᠵᠢᠯ ᠢ ᠲᠦᠷᠭᠡᠬᠡᠨ ᠪᠡᠶᠡᠯᠡᠭᠦᠯᠬᠦ ᠬᠡᠷᠡᠭᠲᠡᠢ᠃ ᠣᠭᠲᠣᠯᠣᠭᠠᠰᠤ ᠶᠢᠨ ᠬᠡᠭᠡᠷ᠎ᠡ ᠶᠢᠨ ᠦᠢᠯᠡᠰ ᠤᠨ | ᠪᠠᠶᠢᠴᠠᠭᠠᠯᠲᠠ᠂ ᠳᠣᠲᠣᠭᠠᠳᠤ ᠦᠢᠯᠡᠰ ᠤᠨ ᠬᠡᠮᠵᠢᠯᠲᠡ ᠶᠢᠨ ᠲᠤᠭ᠎ᠠ ᠪᠠᠷᠢᠮᠲᠠ ᠪᠣᠯ ᠬᠥᠷᠥᠰᠥ ᠰᠢᠷᠣᠢ ᠶᠢᠨ ᠲᠦᠷᠦᠯ | ᠵᠦᠢᠯ ᠤᠨ ᠵᠢᠷᠤᠭ ᠢ ᠲᠡᠭᠦᠯᠳᠡᠷᠵᠢᠭᠦᠯᠬᠦ ᠶᠢᠨ ᠰᠠᠭᠤᠷᠢ ᠪᠣᠯᠣᠨ᠎ᠠ᠃ ᠡᠯ᠎ᠡ ᠨᠢᠭᠡᠴᠡ ᠨᠦᠭᠦᠳ ᠴᠠᠭ ᠢ ᠠᠮᠵᠢᠨ᠂ 3 | ᠰᠠᠷ᠎ᠠ ᠶᠢᠨ ᠰᠡᠭᠦᠯᠴᠢ ᠠᠴᠠ ᠡᠮᠦᠨ᠎ᠡ ᠬᠡᠭᠡᠷ᠎ᠡ ᠶᠢᠨ ᠦᠢᠯᠡᠰ ᠤᠨ ᠪᠠᠶᠢᠴᠠᠭᠠᠯᠲᠠ ᠶᠢᠨ ᠥᠯᠢᠭᠡᠷ ᠠᠪᠬᠤ ᠲᠤᠭ᠎ᠠ | ᠪᠠᠷᠢᠮᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ 4 ᠰᠠᠷ᠎ᠠ ᠶᠢᠨ 5 ᠤ ᠡᠳᠦᠷ ᠠᠴᠠ ᠡᠮᠦᠨ᠎ᠡ ᠳᠣᠲᠣᠭᠠᠳᠤ | ᠦᠢᠯᠡᠰ ᠤᠨ ᠰᠢᠯᠭᠠᠯᠲᠠ ᠶᠢᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠪᠠ ᠬᠢᠨᠠᠨ ᠬᠠᠷᠭᠤᠭᠤᠯᠤᠭᠰᠠᠨ | ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ᠬᠥᠷᠥᠰᠥ ᠰᠢᠷᠣᠢ ᠶᠢᠨ ᠲᠥᠷᠥᠯ ᠬᠡᠯᠪᠡᠷᠢ ᠶᠢᠨ | ᠵᠢᠷᠤᠭ ᠦᠢᠯᠡᠳᠬᠦ᠂ ᠬᠥᠷᠥᠰᠥ ᠰᠢᠷᠣᠢ ᠶᠢᠨ ᠲᠥᠷᠥᠯ ᠤᠨ ᠣᠶᠢᠯᠠᠯᠭ᠎ᠠ ᠶᠢ ᠨᠠᠶᠢᠷᠠᠭᠤᠯᠤᠨ ᠵᠣᠬᠢᠶᠠᠬᠤ ᠳᠤ ᠪᠠᠲᠤ ᠪᠠᠬᠢ | ᠰᠠᠭᠤᠷᠢ ᠲᠠᠯᠪᠢᠬᠤ ᠬᠡᠷᠡᠭᠲᠡᠢ᠃ ᠬᠤᠶᠠᠷ ᠲᠤ ᠪᠦᠬᠦᠯᠢ ᠬᠡᠰᠡᠭ ᠤᠨ ᠦᠯᠢᠭᠡᠷ ᠦᠢᠯᠡᠳᠬᠦ ᠠᠵᠢᠯ ᠢ ᠲᠦᠷᠭᠡᠳᠬᠡᠬᠦ | ᠬᠡᠷᠡᠭᠲᠡᠢ᠃ ᠪᠦᠬᠦ᠋ᠢᠯᠡ ᠦᠯᠢᠭᠡᠷ ᠢ ᠵᠣᠬᠢᠶᠠᠬᠤ ᠪᠣᠯ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ | ᠴᠢᠬᠤᠯᠠ ᠦᠷ᠎ᠡ ᠪᠦᠲᠦᠭᠡᠯ ᠤᠨ ᠨᠢᠭᠡ ᠪᠣᠯᠬᠤ ᠪᠥᠭᠡᠳ ᠬᠥᠷᠥᠰᠥ ᠰᠢᠷᠣᠢ ᠶᠢᠨ ᠲᠥᠷᠥᠯ ᠬᠡᠯᠪᠡᠷᠢ ᠶᠢᠨ ᠴᠠᠭ ᠤᠨ | ᠬᠡᠮᠵᠢᠶᠡᠨ ᠤ ᠲᠠᠯ᠎ᠠ ᠪᠠᠷ ᠬᠢ ᠬᠤᠪᠢᠷᠠᠯᠲᠠ ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠬᠤ ᠶᠢᠨ ᠴᠢᠬᠤᠯᠠ | ᠦᠨᠳᠦᠰᠦ ᠪᠠᠷᠢᠮᠲᠠ ᠮᠥᠨ᠃ ᠦᠢᠯᠡᠳᠬᠦ ᠨᠢᠭᠡᠴᠡ ᠨᠦᠭᠦᠳ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ | ᠪᠠᠶᠢᠴᠠᠭᠠᠯᠲᠠ ᠶᠢᠨ ᠠᠯᠪᠠᠨ ᠭᠡᠷ ᠤᠨ ᠦᠯᠢᠭᠡᠷ ᠦᠢᠯᠡᠳᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠴᠠᠭ | ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠡᠵᠡᠮᠳᠡᠵᠦ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ | ᠵᠢᠭᠰᠠᠭᠠᠵᠤ᠂ ᠪᠥᠬᠦ ᠬᠡᠰᠡᠭ ᠤᠨ ᠦᠯᠢᠭᠡᠷ ᠦᠢᠯᠡᠳᠬᠦ ᠶᠢ ᠴᠠᠭ ᠲᠤᠬᠠᠢ ᠳᠤᠨᠢ ᠴᠢᠨᠠᠷ ᠪᠠ ᠲᠤᠭ᠎ᠠ ᠬᠡᠮᠵᠢᠶ᠎ᠡ ᠶᠢ | ᠪᠠᠲᠤᠯᠠᠨ ᠪᠡᠶᠡᠯᠡᠭᠦᠯᠬᠦ ᠬᠡᠷᠡᠭᠲᠡᠢ᠃ ᠭᠤᠷᠪᠠ ᠳᠤ ᠣᠭᠲᠣᠯᠣᠭᠠᠰᠤ ᠶᠢ ᠰᠢᠯᠭᠠᠨ ᠠᠪᠬᠤ ᠠᠵᠢᠯ ᠢ ᠡᠷᠲᠡᠬᠡᠨ ᠬᠢᠬᠦ | ᠬᠡᠷᠡᠭᠲᠡᠢ᠃ ᠣᠭᠲᠣᠯᠣᠭᠠᠰᠤ ᠶᠢᠨ ᠪᠠᠶᠢᠴᠠᠭᠠᠯᠲᠠ ᠶᠢᠨ ᠮᠡᠳᠡᠭᠡ ᠵᠠᠩᠭᠢ ᠶᠢ ᠪᠠᠶᠢᠴᠠᠭᠠᠨ ᠳᠠᠭᠠᠭᠠᠵᠤ ᠠᠪᠤᠭᠰᠠᠨ | ᠪᠠᠶᠢᠭᠤᠯᠤᠮᠵᠢ ᠶᠢᠨ ᠥᠪᠡᠰᠦᠪᠡᠨ ᠰᠢᠯᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠰᠠᠭᠤᠷᠢᠨ ᠳᠡᠭᠡᠷ᠎ᠡ | ᠮᠤᠵᠢ ᠶᠢᠨ ᠱᠠᠲᠤᠨ ᠤ ᠰᠢᠯᠭᠠᠨ ᠬᠤᠷᠢᠶᠠᠯᠲᠠ ᠬᠢᠵᠦ᠂ ᠴᠡᠭ ᠢᠶᠠᠷ ᠨᠡᠶᠢᠳᠡᠮ ᠢ ᠳᠠᠶᠢᠴᠢᠯᠠᠨ ᠪᠥᠬᠦ ᠥᠯᠢᠭᠡᠷ ᠴᠡᠭ ᠢ | ᠪᠠᠶᠢᠴᠠᠭᠠᠨ ᠴᠡᠭᠴᠡᠯᠡᠨ ᠰᠠᠶᠢᠵᠢᠷᠠᠭᠤᠯᠵᠤ᠂ ᠰᠢᠯᠭᠠᠨ ᠬᠤᠷᠢᠶᠠᠬᠤ ᠱᠠᠭᠠᠷᠳᠠᠯᠭ᠎ᠠ ᠪᠠ ᠴᠠᠭ ᠬᠤᠭᠤᠴᠠᠭᠠᠨ ᠤ | ᠵᠠᠩᠭᠢᠯᠠᠭ᠎ᠠ ᠶᠢᠨ ᠴᠡᠭ ᠶᠣᠰᠣᠭᠠᠷ᠂ ᠬᠠᠮᠢᠶ᠎ᠠ ᠪᠦᠬᠦᠢ ᠮᠠᠲ᠋ᠧᠷᠢᠶᠠᠯ ᠢ ᠪᠡᠯᠡᠳᠬᠡᠵᠦ᠂ ᠥᠪᠡᠰᠦᠪᠡᠨ ᠰᠢᠯᠭᠠᠨ | ᠪᠠᠶᠢᠴᠠᠭᠠᠭᠰᠠᠨ ᠮᠡᠳᠡᠭᠦᠯᠦᠯᠲᠡ ᠪᠠ ᠴᠡᠭᠴᠡᠯᠡᠨ ᠰᠠᠶᠢᠵᠢᠷᠠᠭᠤᠯᠤᠭᠰᠠᠨ ᠮᠡᠳᠡᠭᠦᠯᠦᠯᠲᠡ ᠪᠠᠨ ᠲᠤᠰᠢᠶᠠᠬᠤ ᠶᠢᠨ ᠬᠠᠮᠲᠤ | ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠲᠤ | ᠰᠢᠯᠭᠠᠨ ᠠᠪᠬᠤ ᠪᠠᠷ ᠭᠤᠶᠤᠴᠢᠯᠠᠬᠤ ᠬᠡᠷᠡᠭᠲᠡᠢ᠃ ᠳᠥᠷᠪᠡ ᠳᠤ ᠬᠥᠷᠥᠰᠥ ᠰᠢᠷᠣᠢ ᠶᠢᠨ ᠲᠥᠷᠥᠯ ᠵᠦᠢᠯ ᠤᠨ | ᠵᠢᠷᠤᠭ ᠢ ᠰᠠᠶᠢᠲᠤᠷ ᠦᠢᠯᠡᠳᠬᠦ ᠬᠡᠷᠡᠭᠲᠡᠢ᠃ ᠬᠥᠷᠥᠰᠥ ᠰᠢᠷᠣᠢ ᠶᠢᠨ ᠲᠥᠷᠥᠯ ᠬᠡᠯᠪᠡᠷᠢ ᠶᠢᠨ ᠵᠢᠷᠤᠭ ᠪᠣᠯ ᠡᠯ᠎ᠡ | ᠲᠥᠷᠥᠯ ᠤᠨ ᠦᠷ᠎ᠡ ᠪᠦᠲᠦᠭᠡᠯ ᠢ ᠪᠣᠶ ᠪᠣᠯᠭᠠᠬᠤ ᠶᠢᠨ ᠰᠠᠭᠤᠷᠢ ᠮᠥᠨ᠂ ᠡᠯ᠎ᠡ ᠨᠢᠭᠡᠴᠡ ᠨᠦᠭᠦᠳ ᠨᠠᠷᠢᠨ ᠨᠢᠮᠪᠠᠢ | ᠵᠣᠬᠢᠶᠠᠨ ᠪᠠᠶᠢᠭᠤᠯᠵᠤ᠂ ᠬᠥᠷᠥᠰᠥ ᠰᠢᠷᠣᠢ ᠶᠢᠨ ᠲᠥᠷᠥᠯ ᠬᠡᠯᠪᠡᠷᠢ ᠶᠢᠨ ᠵᠢᠷᠤᠭ ᠢ ᠦᠢᠯᠡᠳᠬᠦ ᠶᠢ ᠴᠢᠨᠠᠷ ᠰᠠᠶᠢᠲᠠᠢ | ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠦᠢᠯᠡᠳᠦᠭᠰᠡᠨ ᠬᠥᠷᠥᠰᠥ ᠰᠢᠷᠣᠢ ᠶᠢᠨ ᠲᠥᠷᠥᠯ ᠬᠡᠯᠪᠡᠷᠢ ᠶᠢᠨ ᠵᠢᠷᠤᠭ ᠢ | ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠪᠠ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ | ᠵᠥᠪᠰᠢᠶᠡᠷᠡᠯ ᠢ ᠣᠯᠬᠤ ᠬᠡᠷᠡᠭᠲᠡᠢ᠃ ᠲᠠᠪᠤ ᠳᠤ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠢ᠃ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ | ᠪᠠᠶᠢᠴᠠᠭᠠᠯᠲᠠ ᠶᠢᠨ ᠲᠤᠭ᠎ᠠ ᠪᠠᠷᠢᠮᠲᠠ ᠨᠢ ᠠᠵᠢᠯ ᠤᠨ ᠰᠡᠷᠭᠡᠭ ᠲᠤᠭ᠎ᠠ ᠪᠠᠷᠢᠮᠲᠠ ᠳᠤ ᠲᠣᠭᠠᠴᠠᠭᠳᠠᠨ᠎ᠠ᠂ ᠭᠤᠷᠪᠠᠳᠤᠭᠠᠷ | ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠡᠭᠦᠷᠭᠡᠯᠡᠵᠦ ᠪᠠᠶᠢᠭ᠎ᠠ ᠨᠢᠭᠡᠴᠡ ᠵᠢᠴᠢ ᠲᠤᠰᠬᠠᠢ | ᠮᠡᠷᠭᠡᠵᠢᠯᠲᠡᠳ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠱᠠᠲᠤ ᠦᠶ᠎ᠡ ᠶᠢᠨ ᠰᠢᠯᠭᠠᠨ ᠠᠪᠬᠤ᠂ ᠦᠷ᠎ᠡ | ᠪᠦᠲᠦᠭᠡᠯ ᠢ ᠬᠤᠷᠢᠶᠠᠩᠭᠤᠶᠢᠯᠠᠬᠤ ᠶᠠᠪᠤᠴᠠ ᠳᠤ ᠴᠥᠮ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ | ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠡᠷᠡᠭᠵᠢᠭᠦᠯᠵᠦ᠂ ︽ᠨᠢᠭᠤᠴᠠ ᠶᠢ | ᠬᠠᠮᠠᠭᠠᠯᠠᠬᠤ ᠪᠣᠭᠤᠮᠲᠠ︾ ᠶᠢ ᠴᠠᠭ ᠢᠮᠠᠭᠲᠠ ᠰᠠᠶᠢᠲᠤᠷ ᠰᠠᠬᠢᠵᠤ᠂ ︽ᠠᠮᠤᠷ ᠲᠦᠪᠰᠢᠨ ᠤ ᠬᠥᠪᠴᠢ︾ ᠶᠢ | ᠴᠢᠩᠭᠠᠷᠠᠭᠤᠯᠤᠨ᠂ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠠᠮᠤᠷ | ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠤ ᠱᠠᠭᠠᠷᠳᠠᠪᠠ᠃ | | | | ᠬᠤᠷᠠᠯ ᠠᠴᠠ᠂ ᠪᠦᠬᠦ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ | ᠭᠤᠣᠯᠳᠠᠯᠭ᠎ᠠ ᠶᠢ ᠨᠢᠭᠡᠨᠲᠡ ᠬᠡᠭᠡᠷ᠎ᠡ ᠶᠢᠨ ᠦᠢᠯᠡᠰ ᠤᠨ ᠪᠠᠶᠢᠴᠠᠭᠠᠯᠲᠠ ᠶᠢᠨ ᠦᠯᠢᠭᠡᠷ ᠠᠪᠬᠤ᠂ ᠳᠣᠲᠣᠭᠠᠳᠤ | ᠦᠢᠯᠡᠰ ᠤᠨ ᠰᠢᠯᠭᠠᠨ ᠪᠠᠶᠢᠴᠠᠭᠠᠯᠲᠠ ᠶᠢᠨ ᠰᠢᠨᠵᠢᠯᠡᠨ ᠰᠢᠯᠭᠠᠯᠲᠠ ᠠᠴᠠ ᠦᠷ᠎ᠡ ᠪᠦᠲᠦᠭᠡᠯ ᠤᠨ ᠬᠤᠷᠢᠶᠠᠩᠭᠤᠶᠢᠯᠠᠨ | ᠲᠤᠰᠢᠶᠠᠬᠤ ᠶᠡᠷᠦᠩᠬᠡᠢ ᠱᠠᠲᠤᠨ ᠳᠤ ᠰᠢᠯᠵᠢᠭᠦᠯᠪᠡ᠂ ᠪᠦᠬᠦ ᠬᠥᠮᠥᠰ ᠡᠴᠦᠰ ᠤᠨ ᠰᠢᠪᠲᠤᠯᠤᠯᠲᠠ ᠶᠢ ᠰᠠᠶᠢᠲᠤᠷ ᠬᠢᠬᠦ | ᠬᠡᠷᠡᠭᠲᠡᠢ᠃ ᠨᠢᠭᠡ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠬᠥᠷᠥᠰᠥ ᠰᠢᠷᠣᠢ ᠶᠢᠨ ᠲᠥᠷᠥᠯ | ᠬᠡᠯᠪᠡᠷᠢ ᠶᠢᠨ ᠪᠠᠶᠢᠴᠠᠭᠠᠯᠲᠠ ᠶᠢᠨ ᠬᠠᠮᠢᠶ᠎ᠠ ᠪᠦᠬᠦᠢ ᠠᠵᠢᠯ ᠤᠨ ᠮᠡᠷᠭᠡᠵᠢᠯ ᠤᠨ ᠴᠢᠨᠠᠷ ᠢᠶᠠᠷ ᠲᠤᠶᠢᠯ ᠤᠨ ᠴᠢᠩᠭ᠎ᠠ | ᠪᠠᠶᠢᠳᠠᠭ᠂ ᠡᠯ᠎ᠡ ᠨᠢᠭᠡᠴᠡ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ | ᠡᠭᠦᠷᠭᠡᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠷ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ | ᠬᠥᠷᠥᠰᠥ ᠰᠢᠷᠣᠢ ᠶᠢᠨ ᠲᠥᠷᠥᠯ ᠬᠡᠯᠪᠡᠷᠢ ᠶᠢᠨ ᠵᠢᠷᠤᠭ ᠦᠢᠯᠡᠳᠬᠦ᠂ ᠪᠦᠬᠦᠯᠢ ᠬᠡᠰᠡᠭ ᠤᠨ ᠦᠯᠢᠭᠡᠷ ᠦᠢᠯᠡᠳᠬᠦ ᠵᠢᠴᠢ | ᠰᠢᠯᠭᠠᠨ ᠠᠪᠬᠤ ᠵᠡᠷᠭᠡ ᠬᠥᠷᠥᠰᠥ ᠰᠢᠷᠣᠢ ᠶᠢᠨ ᠲᠥᠷᠥᠯ ᠬᠡᠯᠪᠡᠷᠢ ᠶᠢᠨ ᠪᠠᠶᠢᠴᠠᠭᠠᠯᠲᠠ ᠶᠢᠨ ᠡᠯ᠎ᠡ ᠵᠦᠢᠯ ᠤᠨ | ᠠᠵᠢᠯ ᠢ ᠨᠢᠭᠡᠳᠦᠯᠲᠡᠢ ᠲᠥᠯᠥᠪᠯᠡᠬᠦ ᠬᠡᠷᠡᠭᠲᠡᠢ᠃ ᠬᠤᠶᠠᠷ ᠲᠤ ᠴᠠᠭ ᠬᠤᠭᠤᠴᠠᠭ᠎ᠠ ᠶᠢ ᠡᠵᠡᠮᠳᠡᠬᠦ ᠬᠡᠷᠡᠭᠲᠡᠢ᠃ | ᠨᠡᠶᠢᠳᠡᠮ ᠤᠨ ᠪᠠᠶᠢᠴᠠᠭᠠᠯᠲᠠ ᠶᠢᠨ ᠴᠠᠭ ᠤᠨ ᠵᠠᠩᠭᠢᠯᠠᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠪᠢᠳᠡ ᠡᠷᠬᠡᠪᠰᠢ | ᠦᠵᠡᠯ ᠰᠠᠨᠠᠭᠠᠨ ᠤ ᠲᠠᠯ᠎ᠠ ᠪᠠᠷ ᠪᠠᠴᠢᠮ ᠲᠤᠯᠭᠠᠮ᠎ᠠ ᠰᠡᠳᠬᠢᠯᠭᠡ ᠲᠠᠢ ᠪᠠᠶᠢᠵᠤ᠂ ᠠᠬᠢᠴᠠ ᠶᠢ ᠪᠠᠲᠤᠯᠠᠬᠤ ᠮᠥᠷᠲᠡᠭᠡᠨ | ᠶᠠᠰᠤ ᠴᠢᠨᠠᠷ ᠢ ᠨᠠᠩ ᠪᠠᠲᠤᠯᠠᠬᠤ ᠬᠡᠷᠡᠭᠲᠡᠢ᠃ ᠭᠤᠷᠪᠠ ᠳᠤ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠬᠤ | ᠬᠡᠷᠡᠭᠲᠡᠢ᠃ ᠡᠯ᠎ᠡ ᠨᠢᠭᠡᠴᠡ ᠪᠣᠯᠣᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ | ᠪᠠᠶᠢᠴᠠᠭᠠᠯᠲᠠ ᠶᠢᠨ ᠠᠯᠪᠠᠨ ᠭᠡᠷ ᠣᠷᠣᠰᠢᠵᠤ ᠪᠠᠶᠢᠭ᠎ᠠ ᠠᠰᠠᠭᠤᠳᠠᠯ ᠵᠢᠴᠢ ᠠᠵᠢᠯ ᠤᠨ ᠠᠬᠢᠴᠠ ᠪᠠᠨ ᠴᠠᠭ ᠲᠤᠬᠠᠢ | ᠳᠤᠨᠢ ᠨᠡᠪᠲᠡᠷᠡᠯᠴᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠨᠢᠭᠲᠠ ᠬᠠᠮᠵᠢᠯᠴᠠᠨ᠂ ᠬᠥᠷᠥᠰᠥ ᠰᠢᠷᠣᠢ ᠶᠢᠨ | ᠲᠥᠷᠥᠯ ᠬᠡᠯᠪᠡᠷᠢ ᠶᠢᠨ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠮᠡᠳᠡᠭᠡ ᠵᠠᠩᠭᠢ ᠶᠢᠨ ᠢᠷᠡᠯᠲᠡ᠄ ᠥᠪᠥᠷ ᠮᠣᠩᠭᠤᠯ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ | ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ |