ᡂᠢ ᠺᠦᠢ 2 ᠨᠣᠮᠧᠷᠲᠤ ᠨᠡᠷᠡᠨ ᠬᠤᠸᠠᠷ ᠤᠨ ᠡᠭᠦᠯᠳᠡᠷ
ᠨᠡᠶᠢᠲᠡᠯᠡᠭᠰᠡᠨ ᠴᠠᠭ᠄
2025/3/27
      ᡂᠢ ᠺᠦᠢ 2 ᠨᠣᠮᠧᠷᠲᠤ ᠨᠡᠷᠡᠨ ᠬᠤᠸᠠᠷ ᠤᠨ ᠡᠭᠦᠯᠳᠡᠷ ᠢ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠬᠢᠨ ᠤ ᠪᠦᠯᠦᠭᠯᠡᠯ ᠤᠨ ᠰᠣᠩᠭᠤᠯᠲᠠ ᠶᠢᠨ ᠠᠷᠭ᠎ᠠ ᠶᠢ ᠠᠰᠢᠭᠯᠠᠨ ᠲᠠᠷᠢᠶᠠᠴᠢᠨ ᠠᠶᠢᠯ ᠤᠨ ᠡᠭᠦᠯᠳᠡᠷ ᠤᠨ ᠽᠦᠨ ᠺᠧ ᠲᠠᠷᠢᠶᠠᠨ ᠳᠤ ᠰᠣᠩᠭᠤᠨ ᠪᠣᠶᠢᠵᠢᠭᠤᠯᠤᠭᠰᠠᠨ ᠡᠩ ᠤᠨ ᠢᠳᠡᠭᠡᠨ ᠤ ᠬᠡᠯᠪᠡᠷᠢ ᠶᠢᠨ ᠨᠡᠷᠡᠨ ᠬᠤᠸᠠᠷ ᠪᠣᠯᠣᠨ᠎ᠠ᠂ 2003 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠭᠦᠯᠳᠡᠷ ᠢ ᠬᠢᠨᠠᠨ ᠲᠣᠭᠲᠠᠭᠠᠬᠤ ᠵᠥᠪᠯᠡᠯ ᠤᠨ ᠬᠢᠨᠠᠨ ᠲᠣᠭᠲᠠᠭᠠᠯᠲᠠ ᠳᠤ ᠬᠢᠷᠢ ᠲᠡᠩᠴᠡᠪᠡ᠃      ᡂᠢ ᠺᠦᠢ 2 ᠨᠣᠮᠧᠷᠲᠤ ᠨᠡᠷᠡᠨ ᠬᠤᠸᠠᠷ ᠤᠨ ᠡᠭᠦᠯᠳᠡᠷ ᠤᠨ ᠦᠷᠡᠵᠢᠯ ᠤᠨ ᠬᠤᠭᠤᠴᠠᠭ᠎ᠠ ᠨᠢ 125 ᠡᠳᠦᠷ ᠣᠷᠴᠢᠮ ᠪᠣᠯᠤᠨ᠎ᠠ᠃ ᠨᠢᠯᠬ᠎ᠠ ᠴᠢᠬᠢ ᠨᠢ ᠨᠣᠭᠤᠭᠠᠨ᠂ ᠲᠠᠷᠢᠶᠠᠨ ᠤ ᠤᠷᠭᠤᠴᠠ ᠴᠢᠩᠭ᠎ᠠ᠂ ᠤᠷᠭᠤᠮᠠᠯ ᠤᠨ ᠥᠨᠳᠥᠷ ᠨᠢ 280 ᠰᠠᠨᠲ᠋ᠢᠮᠧᠲᠷ᠂ ᠰᠠᠯᠠᠭ᠎ᠠ ᠦᠭᠡᠢ᠂ ᠡᠰᠢ ᠨᠢ 5 ᠰᠠᠨᠲ᠋ᠢᠮᠧᠲᠷ᠂ ᠴᠡᠴᠡᠭ ᠤᠨ ᠲᠠᠪᠠᠭ ᠤᠨ ᠳ᠋ᠢᠶᠠᠮᠧᠲᠷ ᠨᠢ 25-30 ᠰᠠᠨᠲ᠋ᠢᠮᠧᠲᠷ᠂ ᠲᠡᠭᠰᠢ ᠲᠠᠪᠠᠭ ᠲᠠᠢ︔ ᠮᠦᠬᠦᠯᠢᠭ ᠨᠢ ᠬᠠᠷ᠎ᠠ ᠴᠠᠭᠠᠨ ᠡᠷᠢᠶᠡᠨ ᠰᠢᠷ᠎ᠠ ᠴᠠᠭᠠᠨ ᠬᠥᠪᠡᠭᠡ ᠲᠠᠢ᠂ ᠢᠭ ᠬᠡᠯᠪᠡᠷᠢᠲᠡᠢ᠂ ᠮᠥᠬᠦᠯᠢᠭ ᠤᠨ ᠤᠷᠳᠤ ᠨᠢ 2.5 ᠰᠠᠨᠲ᠋ᠢᠮᠧᠲᠷ ᠠᠴᠠ ᠳᠡᠭᠡᠭᠰᠢ ᠪᠠᠶᠢᠬᠤ ᠨᠢ 80% ᠶᠢ ᠡᠵᠡᠯᠡᠵᠦ᠂ ᠠᠶᠠᠨᠳᠠᠭᠠᠨ ᠪᠦᠲᠦᠭᠰᠡᠨ ᠨᠤᠷᠮ᠎ᠠ ᠨᠢ 70%᠂ ᠵᠠᠭᠤᠨ ᠮᠥᠬᠦᠯᠢᠭ ᠪᠦᠷᠢ ᠶᠢᠨ ᠬᠦᠨᠳᠦ ᠨᠢ 23 ᠭᠷᠡᠮ ᠣᠷᠴᠢᠮ᠂ ᠦᠷ᠎ᠡ ᠶᠢᠨ ᠴᠦᠮ᠎ᠡ ᠶᠢᠨ ᠨᠤᠷᠮ᠎ᠠ ᠨᠢ 51% ᠶᠢ ᠡᠵᠡᠯᠡᠨ᠎ᠡ᠃ ᠦᠷ᠎ᠡ ᠶᠢᠨ ᠴᠥᠮ᠎ᠡ ᠶᠢᠨ ᠪᠦᠳᠦᠭᠦᠯᠢᠭ ᠥᠭᠡᠬᠦ ᠶᠢᠨ ᠠᠭᠤᠯᠤᠭᠳᠠᠴᠠ 55.09%᠂ ᠪᠦᠳᠦᠭᠦᠯᠢᠭ ᠤᠭᠤᠷᠠᠭ ᠤᠨ ᠠᠭᠤᠯᠤᠭᠳᠠᠴᠠ 26.42% ᠪᠠᠶᠢᠵᠤ᠂ ᠬᠠᠭᠤᠷᠤᠭᠠᠳ ᠢᠳᠡᠬᠦ ᠳᠤ ᠠᠮᠳᠠ ᠲᠠᠢ᠂ ᠬᠡᠦᠷᠡᠭ᠂ ᠮᠥᠬᠦᠯᠢᠭ ᠲᠣᠮᠣ᠂ ᠢᠳᠡᠬᠦ ᠳᠤ ᠬᠢᠯᠪᠠᠷ ᠵᠡᠷᠭᠡ ᠣᠨᠴᠠᠭᠠᠶ ᠴᠢᠨᠠᠷ  ᠲᠠᠢ ᠪᠦᠭᠡᠳ ᠪᠠᠺᠲ᠋ᠧᠷᠢ ᠶᠢᠨ ᠴᠥᠮ᠎ᠡ ᠶᠢᠨ ᠡᠪᠡᠳᠴᠢᠨ ᠳᠤ ᠲᠡᠰᠪᠦᠷᠢᠲᠡᠢ᠂ ᠵᠢᠪᠡᠷᠡᠬᠦ ᠡᠪᠡᠳᠴᠢᠨ ᠢ ᠡᠰᠡᠷᠭᠦᠴᠡᠬᠦ ᠵᠡᠷᠭᠡ ᠣᠨᠴᠠᠭᠠᠶ ᠴᠢᠨᠠᠷ ᠲᠠᠢ ᠪᠠᠶᠢᠳᠠᠭ᠃      ᡂᠢ ᠺᠦᠢ 2 ᠨᠣᠮᠧᠷᠲᠤ ᠨᠡᠷᠡᠨ ᠬᠤᠸᠠᠷ ᠤᠨ ᠡᠭᠦᠯᠳᠡᠷ ᠤᠨ ᠮᠦ ᠪᠦᠷᠢ ᠶᠢᠨ ᠳᠤᠮᠳᠠᠴᠢ ᠤᠨᠠᠯᠲᠠ ᠨᠢ 200 ᠺᠢᠯᠣᠭ᠍ᠷᠠᠮ ᠣᠷᠴᠢᠮ ᠪᠠᠶᠢᠳᠠᠭ᠃      ᡂᠢ ᠺᠦᠢ 2 ᠨᠣᠮᠧᠷᠲᠤ ᠨᠡᠷᠡᠨ ᠬᠤᠸᠠᠷ ᠤᠨ ᠡᠭᠦᠯᠳᠡᠷ ᠢ > 10℃ ᠤᠨ ᠬᠥᠳᠡᠯᠭᠡᠭᠡᠨ ᠤ ᠬᠤᠷᠠᠮᠳᠤᠭᠰᠠᠨ ᠳᠤᠯᠠᠭᠠᠨ ᠤ ᠬᠡᠮᠵᠢᠶ᠎ᠡ 2700℃ ᠠᠴᠠ ᠳᠡᠭᠡᠭᠰᠢᠬᠢ ᠭᠠᠵᠠᠷ ᠣᠷᠣᠨ ᠳᠤ ᠲᠠᠷᠢᠬᠤ ᠳᠤ ᠲᠣᠬᠢᠷᠠᠮᠵᠢᠲᠠᠢ᠃ ᠮᠦ ᠪᠦᠷᠢ ᠶᠢᠨ ᠲᠠᠷᠢᠶᠠᠨ ᠴᠢᠬᠢ ᠶᠢᠨ ᠬᠠᠮᠠᠭᠠᠯᠠᠯᠲᠠ ᠨᠢ 1000 ᠰᠠᠭᠤᠷᠢ ᠣᠷᠴᠢᠮ ᠪᠠᠶᠢᠳᠠᠭ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号