ᠲᠡᠷᠢᠭᠦᠨ ᠤ ᠦᠢᠯᠡᠴᠢᠯᠡᠭᠡᠨ ᠳᠤ ᠲᠦᠰᠢᠭᠯᠡᠨ ᠨᠠᠷᠢᠯᠢᠭ ᠣᠷᠤᠭᠤᠯᠵᠤ ᠢᠩᠲᠣᠣᠷ ᠤᠨ ᠪᠠᠶᠠᠷ ᠤᠨ ᠶᠠᠰᠤ ᠴᠢᠨᠠᠷ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2025/3/28
      ᠤᠳᠠᠯ ᠦᠭᠡᠢ ᠬᠦᠷᠴᠦ ᠢᠷᠡᠬᠦ ᠢᠩᠲᠣᠣᠷ ᠤᠨ ᠪᠠᠶᠠᠷ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠵᠤᠭᠠᠴᠠᠭᠰᠠᠳ ᠤᠨ ᠠᠮᠤᠷ ᠲᠦᠪᠰᠢᠨ᠂ ᠴᠢᠨᠠᠷ ᠰᠠᠶᠢᠲᠠᠢ ᠢᠩᠲᠣᠣᠷ ᠢ ᠠᠮᠲᠠᠯᠠᠬᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠦᠳᠲᠡᠷ ᠲᠦᠷᠭᠡᠨ ᠬᠥᠳᠡᠯᠦᠯᠴᠡᠵᠦ᠂ ᠢᠩᠲᠣᠣᠷ ᠲᠤ ᠴᠢᠭᠯᠡᠭᠦᠯᠦᠨ ᠲᠤᠰᠬᠠᠢ ᠲᠦᠷᠦᠯ ᠤᠨ ᠰᠤᠭᠤᠴᠢᠨ ᠪᠠᠶᠢᠴᠠᠭᠠᠯᠳᠠ ᠬᠢᠪᠡ᠃      ᠰᠤᠭᠤᠯᠤᠨ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠲᠠᠷᠢᠶᠠᠯᠠᠩ ᠤᠨ ᠪᠦᠲᠦᠭᠡᠭᠳᠡᠬᠦᠨ ᠳᠤ ᠬᠢᠨᠠᠯᠲᠠ ᠲᠠᠯᠪᠢᠬᠤ ᠥᠯᠢᠭᠡᠷ ᠠᠪᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠬᠤᠷᠰᠢᠶᠠᠨ ᠤ ᠳᠣᠲᠣᠷᠠᠬᠢ ᠬᠦᠯᠡᠮᠵᠢ ᠶᠢᠨ ᠪᠣᠯᠪᠠᠰᠤᠷᠠᠭᠰᠠᠨ ᠢᠩᠲᠣᠣᠷ ᠵᠢᠴᠢ ᠭᠦᠵᠡᠯᠵᠡᠭᠡᠨ᠎ᠡ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠠᠴᠠ ᠲᠣᠬᠢᠶᠠᠯᠳᠤᠯ ᠤᠨ ᠥᠯᠢᠭᠡᠷ ᠠᠪᠤᠭᠰᠠᠨ ᠪᠠᠶᠢᠨ᠎ᠠ᠃ ᠥᠯᠢᠭᠡᠷ ᠡᠳ᠋ ᠢ ᠨᠠᠷᠢᠨ ᠨᠢᠮᠪᠠᠢ ᠳ᠋ᠤᠭᠠᠷᠯᠠᠵᠤ᠂ ᠬᠠᠮᠢᠶ᠎ᠠ ᠪᠦᠬᠦᠢ ᠢᠷᠡᠯᠲᠡ ᠶᠢᠨ ᠮᠡᠳᠡᠭᠡ ᠵᠠᠩᠭᠢ ᠶᠢ ᠲᠡᠮᠳᠡᠭᠯᠡᠨ᠂ ᠨᠡᠬᠡᠮᠵᠢᠯᠡᠵᠦ ᠪᠣᠯᠬᠤ ᠶᠢ ᠦᠨᠡᠨᠬᠦ ᠪᠠᠲᠤᠯᠠᠪᠠ᠃ ᠭᠤᠣᠯᠳᠠᠯᠭ᠎ᠠ ᠲᠠᠢ ᠪᠠᠶᠢᠴᠠᠭᠠᠨ ᠰᠢᠯᠭᠠᠬᠤ ᠲᠥᠷᠥᠯ ᠵᠦᠢᠯ ᠳᠤ ᠲᠠᠷᠢᠶᠠᠨ ᠡᠮ ᠤᠨ ᠦᠯᠡᠳᠡᠭᠳᠡᠯ᠂ ᠬᠦᠨᠳᠦ ᠲᠡᠮᠦᠷᠯᠢᠭ ᠤᠨ ᠠᠭᠤᠯᠤᠭᠳᠠᠴᠠ ᠵᠡᠷᠭᠡ ᠢᠳᠡᠭᠡᠨ ᠤ ᠠᠮᠤᠷ ᠲᠦᠪᠰᠢᠨ ᠳᠤ ᠬᠤᠯᠪᠣᠭᠳᠠᠬᠤ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠶᠢ ᠪᠠᠭᠲᠠᠭᠠᠨ᠎ᠠ᠃ ᠰᠠᠯᠪᠤᠷᠢ ᠠᠩᠭᠢ ᠶᠢᠨ ᠬᠢᠨ ᠪᠤᠭᠤᠲᠤ ᠬᠤᠳᠠ ᠶᠢᠨ ᠠᠮᠤᠷ ᠲᠦᠪᠰᠢᠨ ᠤ ᠲᠥᠪ ᠲᠠᠢ ᠵᠣᠯᠭᠠᠭᠤᠯᠬᠤ ᠠᠵᠢᠯ ᠢ ᠢᠳᠡᠪᠬᠢᠲᠡᠢ ᠬᠢᠵᠦ᠂ ᠲᠡᠷᠡ ᠳᠠᠷᠤᠢ ᠳᠤᠨᠢ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢ ᠬᠤᠷᠰᠢᠶ᠎ᠠ ᠶᠢᠨ ᠬᠠᠷᠢᠭᠤᠴᠠᠯᠭᠠᠲᠠᠨ ᠳᠤ ᠬᠦᠷᠭᠡᠵᠦ᠂ ᠲᠤᠬᠠᠢ ᠶᠢᠨ ᠲᠠᠯᠠᠪᠠᠢ ᠳᠤ ᠪᠠᠰᠠ ᠲᠠᠷᠢᠮᠠᠯ ᠤᠨ ᠡᠷᠦᠬᠡ ᠲᠠᠢ ᠭᠦᠨᠵᠡᠭᠡᠢ ᠰᠣᠯᠢᠯᠴᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠡᠳᠡᠯᠭᠡ ᠶᠢ ᠤᠬᠠᠭᠤᠯᠵᠤ᠂ ᠲᠡᠳᠡᠨ ᠢ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠬᠤ ᠶᠢ ᠱᠠᠭᠠᠷᠳᠠᠵᠤ᠂ ᠲᠣᠭᠲᠠᠭᠠᠯ ᠠᠴᠠ ᠵᠥᠷᠢᠴᠡᠭᠰᠡᠨ ᠲᠠᠷᠢᠶᠠᠨ ᠡᠮ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠢᠩᠲᠣᠣᠷ ᠤᠨ ᠠᠶᠠᠨᠳᠠᠭᠠᠨ ᠤᠷᠭᠤᠬᠤ ᠪᠠ ᠶᠠᠰᠤ ᠴᠢᠨᠠᠷ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠲᠣᠰ ᠤᠳᠠᠭᠠᠨ ᠤ ᠰᠤᠭᠤᠴᠢᠨ ᠪᠠᠶᠢᠴᠠᠭᠠᠬᠤ ᠠᠵᠢᠯᠯᠠᠭ᠎ᠠ ᠨᠢ ᠢᠩᠲᠣᠣᠷ ᠤᠨ ᠶᠠᠰᠤ ᠴᠢᠨᠠᠷ ᠤᠨ ᠪᠣᠭᠤᠮᠲᠠ ᠶᠢ ᠠᠳᠬᠤᠭᠰᠠᠨ ᠢᠶᠠᠷ ᠪᠠᠷᠠᠬᠤ ᠦᠭᠡᠢ᠂ ᠨᠠᠩ ᠴᠤ ᠢᠩᠲᠣᠣᠷ ᠤᠨ ᠪᠠᠶᠠᠷ ᠤᠨ ᠨᠠᠷᠠᠲᠤ ᠲᠡᠮᠳᠡᠭᠲᠦ ᠶᠢᠨ ᠳᠦᠷᠢ ᠲᠥᠷᠬᠦ ᠶᠢ ᠬᠦᠴᠦᠲᠡᠢ ᠬᠠᠮᠠᠭᠠᠯᠠᠭᠰᠠᠨ ᠪᠠᠶᠢᠨ᠎ᠠ᠃ ᠢᠩᠲᠣᠣᠷ ᠤᠨ ᠪᠠᠶᠠᠷ ᠤᠨ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠢ ᠡᠬᠢ ᠡᠭᠦᠰᠦᠯ ᠠᠴᠠ ᠨᠢ ᠪᠠᠲᠤᠯᠠᠵᠤ᠂ ᠵᠤᠭᠠᠴᠠᠭᠰᠠᠳ ᠲᠤ ᠢᠩᠲᠣᠣᠷ ᠤᠨ ᠦᠪᠡᠳᠡᠭᠰᠢ ᠨᠠᠶᠢᠷ ᠢ ᠰᠡᠳᠬᠢᠯ ᠠᠮᠤᠷ ᠡᠳ᠋ᠯᠡᠭᠦᠯᠵᠦ᠂ ᠲᠤᠬᠠᠢ ᠶᠢᠨ ᠭᠠᠵᠠᠷ ᠤᠨ ᠣᠨᠴᠠᠯᠢᠭᠲᠤ ᠲᠠᠷᠢᠶᠠᠯᠠᠩ ᠤᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠬᠦ ᠳᠤ ᠬᠦᠴᠦᠨ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号