ᠵᠢᠯ ᠤᠨ ᠠᠵᠢᠯ ᠬᠠᠪᠤᠷ ᠲᠤ ᠭᠡᠳᠡᠭᠴᠢᠯᠡᠨ᠂ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠴᠢᠶᠠᠨ | ᠵᠢᠶᠠ ᠳ᠋ᠢᠶᠠᠨ ᠪᠠᠯᠭᠠᠰᠤᠨ ᠤ ᠤᠷᠢᠳᠤ ᠰᠢᠨ᠎ᠡ ᠠᠶᠢᠯ ᠲᠣᠰᠬᠤᠨ ᠤ ᠲᠦᠮᠡᠨ ᠮᠦ ᠲᠣᠭᠠᠴᠢᠯᠠᠭᠰᠠᠨ ᠣᠶᠤᠨᠴᠢ | ᠲᠠᠷᠢᠶᠠᠯᠠᠩ ᠤᠨ ᠲᠠᠯᠠᠪᠠᠶ ᠶᠢᠨ ᠲᠥᠷᠥᠯ ᠵᠦᠢᠯ ᠤᠨ ᠣᠷᠣᠨ ᠳᠤ᠂ ᠬᠤᠢ ᠮᠢᠨ ᠱᠧᠩ ᠹᠧᠩ ᠲᠠᠷᠢᠶᠠᠴᠢᠨ ᠤ ᠲᠤᠰᠬᠠᠢ | ᠠᠵᠢᠯ ᠤᠨ ᠬᠤᠷᠰᠢᠶ᠎ᠠ ᠶᠢᠨ ᠬᠤᠯᠪᠣᠭᠠᠲᠤ ᠬᠤᠷᠰᠢᠶᠠᠨ ᠤ ᠠᠵᠢᠯᠲᠠᠨ ᠲᠠᠷᠢᠶᠠᠨ ᠭᠠᠵᠠᠷ ᠤᠨ ᠣᠶᠤᠨᠴᠢ | ᠤᠰᠤᠯᠠᠯᠲᠠ ᠶᠢᠨ ᠰᠢᠰᠲ᠋ᠧᠮ ᠳᠤ ᠪᠠᠶᠢᠴᠠᠭᠠᠯᠲᠠ ᠬᠢᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ | ᠪᠠᠲᠤᠯᠠᠭ᠎ᠠ ᠬᠠᠩᠭᠠᠵᠤ ᠪᠠᠶᠢᠯ᠎ᠠ᠃ | ᠨᠢᠳᠤᠨᠤᠨ ᠬᠤᠷᠴᠢᠨ ᠲᠣᠭᠤᠷᠢᠭ ᠨᠢ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠯᠢ ᠱᠤᠤ ᠺᠦᠨ ᠲᠤᠰᠬᠠᠢ ᠮᠡᠷᠭᠡᠵᠢᠯᠲᠡᠨ ᠤ ᠪᠦᠯᠭᠦᠮ ᠢᠶᠠᠷ ᠮᠡᠷᠭᠡᠵᠢᠯ ᠤᠨ ᠲᠤᠯᠭᠠᠭᠤᠷᠢᠯᠠᠯ | ᠪᠤᠯᠭᠠᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠵᠠᠮ | ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠤᠮᠫᠠᠨᠢ ᠶᠢᠨ ᠨᠢᠭᠡᠳᠦᠭᠡᠷ ᠵᠠᠰᠠᠮᠠᠯ ᠵᠠᠮ ᠤᠨ | ᠢᠨᠵᠧᠨᠧᠷᠢᠩ ᠤᠨ ᠲᠣᠪᠴᠢᠶ᠎ᠠ ᠶᠢᠨ ᠬᠢᠵᠠᠭᠠᠷᠲᠤ ᠺᠤᠮᠫᠠᠨᠢ ᠳᠤ ᠲᠦᠰᠢᠭᠯᠡᠨ᠂ ᠲᠦᠩᠯᠢᠶᠣᠣ ᠬᠤᠳᠠ ᠶᠢᠨ ᠬᠤᠢ ᠮᠢᠨ | ᠱᠧᠩ ᠹᠧᠩ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠪᠠᠷ ᠪᠦᠲᠦᠭᠡᠨ | ᠪᠠᠶᠢᠭᠤᠯᠤᠯᠲᠠ ᠶᠢᠨ ᠭᠤᠣᠯ ᠴᠣᠭᠴᠠ ᠪᠤᠯᠭᠠᠵᠤ᠂ ᠤᠷᠢᠳᠤ ᠰᠢᠨ᠎ᠡ ᠠᠶᠢᠯ ᠲᠣᠰᠬᠤᠨ ᠤ ᠲᠦᠮᠡᠨ ᠮᠦ | ᠲᠣᠭᠠᠴᠢᠯᠠᠭᠰᠠᠨ ᠣᠶᠤᠨᠴᠢ ᠲᠠᠷᠢᠶᠠᠯᠠᠩ ᠤᠨ ᠲᠠᠯᠠᠪᠠᠢ ᠶᠢᠨ ᠵᠢᠱᠢᠶ᠎ᠡ ᠦᠵᠡᠭᠦᠯᠭᠦ ᠰᠠᠭᠤᠷᠢᠨ ᠢ ᠪᠠᠶᠢᠭᠤᠯᠵᠠᠢ᠃ ᠲᠣᠰ | ᠰᠠᠭᠤᠷᠢᠨ ᠨᠢ ᠪᠣᠰᠤᠭ᠎ᠠ ᠴᠣᠭᠴᠠᠲᠤ ᠬᠢᠨᠠᠨ ᠬᠡᠮᠵᠢᠵᠦ ᠮᠡᠳᠡᠷᠡᠬᠦ᠂ ᠣᠶᠤᠨᠲᠤ ᠲᠠᠷᠢᠶᠠᠯᠠᠩ ᠤᠨ ᠮᠠᠰᠢᠨ ᠲᠣᠨᠣᠭᠯᠠᠯ᠂ | ᠲᠠᠷᠢᠶᠠᠨ ᠭᠠᠵᠠᠷ ᠤᠨ ᠣᠶᠤᠨᠲᠤ ᠤᠰᠤᠯᠠᠯᠲᠠ ᠵᠡᠷᠭᠡ ᠰᠢᠰᠲ᠋ᠧᠮ ᠢ ᠲᠣᠬᠢᠷᠠᠭᠤᠯᠵᠤ ᠤᠭᠰᠠᠷᠠᠬᠤ ᠪᠠᠷ ᠳᠡᠮᠵᠢᠨ᠂ | ᠪᠦᠭᠦ᠋ᠢᠯᠡ ᠦᠢᠯᠡᠳᠪᠦᠷᠢᠯᠡᠯ ᠳᠠᠬᠢ ᠬᠠᠭᠠᠯᠪᠤᠷᠢᠯᠠᠬᠤ᠂ ᠳᠠᠷᠢᠬᠤ᠂ ᠰᠡᠷᠭᠡᠶᠢᠯᠡᠬᠦ᠂ ᠬᠤᠷᠢᠶᠠᠬᠤ ᠪᠦᠭᠦ ᠶᠠᠪᠤᠴᠠ ᠶᠢ | ᠣᠶᠤᠨᠴᠢᠯᠠᠵᠤ ᠲᠣᠭᠠᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠦᠭᠰᠡᠨ ᠪᠠᠶᠢᠨ᠎ᠠ᠃ | ᠬᠤᠢ ᠮᠢᠨ ᠱᠧᠩ ᠹᠧᠩ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠤ ᠬᠤᠯᠪᠣᠭᠠᠲᠤ ᠬᠤᠷᠰᠢᠶᠠᠨ ᠤ | ᠬᠠᠷᠢᠭᠤᠴᠠᠯᠭᠠᠲᠠᠨ ᠮᠠ ᠵᠥᠩ ᠴᠧᠨ᠄ ︽ᠲᠠᠷᠢᠶᠠᠨ ᠭᠠᠵᠠᠷ ᠤᠨ ᠣᠶᠤᠨᠴᠢ ᠤᠰᠤᠯᠠᠯᠲᠠ ᠶᠢᠨ ᠰᠢᠰᠲ᠋ᠧᠮ ᠢ | ᠣᠷᠣᠭᠤᠯᠤᠨ ᠠᠪᠴᠢᠷᠠᠬᠤ ᠪᠠᠷ ᠳᠡᠮᠵᠢᠨ᠂ ᠪᠢᠳᠡ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠨᠠᠷᠢᠯᠢᠭ | ᠣᠨᠣᠴᠠᠲᠠᠢ ᠬᠠᠮᠢᠶᠠᠷᠤᠯᠲᠠ ᠶᠢ ᠪᠡᠶᠡᠯᠡᠭᠦᠯᠵᠦ᠂ ᠡᠷᠳᠡᠨᠢ ᠰᠢᠰᠢ ᠳᠤ ᠲᠣᠭᠲᠠᠭᠰᠠᠨ ᠬᠡᠮᠵᠢᠶ᠎ᠡ ᠪᠠ ᠲᠣᠭᠲᠠᠭᠰᠠᠨ | ᠬᠤᠭᠤᠴᠠᠭ᠎ᠠ ᠲᠠᠢ ᠤᠰᠤ ᠪᠣᠷᠳᠣᠭᠤᠷ ᠤᠨ ᠬᠠᠩᠭᠠᠯᠭ᠎ᠠ ᠬᠢᠪᠡ᠂ ᠡᠶᠢᠨ ᠬᠦ ᠮᠦ ᠪᠦᠷᠢ ᠶᠢᠨ ᠡᠷᠳᠡᠨᠢ ᠰᠢᠰᠢ ᠶᠢᠨ ᠤᠰᠤ | ᠠᠷᠪᠢᠯᠠᠬᠤ ᠬᠡᠮᠵᠢᠶ᠎ᠡ 30 ᠪᠣᠰᠤᠭ᠎ᠠ ᠳᠥᠷᠪᠡᠯᠵᠢᠨ ᠮᠧᠲᠷ ᠢ ᠳᠠᠪᠠᠭᠰᠠᠨ ᠢᠶᠠᠷ ᠪᠠᠷᠠᠬᠤ ᠦᠭᠡᠢ᠂ ᠭᠦᠳᠡᠯᠮᠥᠷᠢ ᠬᠦᠴᠦ | ᠪᠠ ᠴᠠᠭ ᠢ ᠶᠡᠭᠡ ᠪᠠᠷ ᠠᠷᠪᠢᠯᠠᠵᠤ᠂ ᠪᠠᠰᠠ ᠤᠨᠠᠯᠲᠠ ᠶᠢᠨ ᠬᠡᠮᠵᠢᠶ᠎ᠡ ᠶᠢ ᠲᠣᠭᠲᠠᠭᠤᠨ ᠢᠶᠠᠷ ᠨᠡᠮᠡᠭᠳᠡᠭᠦᠯᠵᠡᠢ᠂ ᠨᠢᠳᠤᠨᠤᠨ | ᠮᠠᠨ ᠤ ᠲᠦᠷᠦᠯ ᠵᠦᠢᠯ ᠤᠨ ᠲᠣᠭᠤᠷᠢᠭ ᠤᠨ ᠡᠷᠳᠡᠨᠢ ᠰᠢᠰᠢ ᠶᠢᠨ ᠮᠦ ᠨᠢᠭᠡᠴᠢ ᠶᠢᠨ ᠤᠨᠠᠯᠲᠠ 1070 | ᠺᠢᠯᠣᠭ᠍ᠷᠠᠮ ᠳᠤ ᠭᠦᠷᠥᠭᠰᠡᠨ ᠪᠠᠶᠢᠨ᠎ᠠ︾ ᠭᠡᠵᠦ ᠬᠡᠯᠡᠵᠦ ᠪᠠᠶᠢᠯ᠎ᠠ᠃ | ᠣᠶᠢᠷ᠎ᠠ ᠶᠢᠨ ᠵᠢᠯ ᠳᠤ᠂ ᠲᠦᠩᠯᠢᠶᠣᠣ ᠬᠤᠲᠠ ︽ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ | ᠤᠨ ᠴᠢᠳᠠᠪᠤᠷᠢ ᠶᠢ ᠪᠠᠲᠤᠯᠠᠵᠤ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ︾ ᠪᠠᠶᠢᠯᠳᠤᠬᠤ | ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠭᠠᠵᠠᠷ ᠰᠢᠷᠣᠢ ᠶᠢ ᠡᠮᠬᠢᠯᠡᠨ ᠨᠡᠶᠢᠯᠡᠭᠦᠯᠬᠦ᠂ ᠬᠡᠪᠴᠢᠶᠡᠵᠢᠭᠦᠯᠦᠨ ᠡᠵᠡᠩᠨᠡᠬᠦ ᠪᠠᠷ | ᠰᠠᠭᠤᠷᠢ ᠪᠣᠯᠭᠠᠨ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ ᠲᠣᠨᠤᠭ ᠲᠥᠬᠦᠭᠡᠷᠦᠮᠵᠢ ᠶᠢᠨ | ᠲᠤᠯᠭᠠᠭᠤᠷᠢᠯᠠᠯ ᠢ ᠴᠢᠩᠭᠠᠳᠬᠠᠵᠤ᠂ ︽ᠤᠰᠤ ᠠᠷᠪᠢᠯᠠᠬᠤ ᠠᠵᠢᠯᠯᠠᠭ᠎ᠠ︾ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ | ᠲᠠᠷᠢᠶᠠᠯᠠᠩ ᠤᠨ ᠤᠰᠤ ᠬᠡᠷᠡᠭᠯᠡᠬᠦ ᠠᠷᠭ᠎ᠠ ᠮᠠᠶ᠋ᠢᠭ ᠢ ᠤᠤᠯ ᠤᠨ ᠪᠦᠳᠦᠭᠦᠯᠢᠭ ᠭᠡᠯᠪᠡᠷᠢ ᠠᠴᠠ ᠠᠷᠪᠢᠲᠠᠢ ᠡᠷᠴᠢᠮᠯᠢᠭ | ᠭᠡᠯᠪᠡᠷᠢ ᠲᠡᠶᠢᠰᠢ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠠᠮᠤ ᠪᠤᠳᠠᠭ᠎ᠠ ᠶᠢ ᠲᠣᠭᠲᠠᠪᠤᠷᠢᠵᠢᠭᠤᠯᠤᠨ | ᠬᠠᠩᠭᠠᠯᠭ᠎ᠠ ᠶᠢ ᠪᠠᠲᠤᠯᠠᠬᠤ᠂ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠪᠠ ᠠᠮᠢ ᠠᠬᠤᠶᠢᠴᠢ ᠤᠰᠤ | ᠠᠷᠪᠢᠯᠠᠬᠤ ᠭᠡᠯᠪᠡᠷᠢ ᠶᠢᠨ ᠲᠠᠷᠢᠶᠠᠯᠠᠩ ᠢ ᠴᠢᠷᠮᠠᠶᠢᠨ ᠪᠦᠲᠦᠭᠡᠨ ᠪᠠᠶᠢᠭᠤᠯᠵᠤ᠂ ᠪᠦᠭᠦ ᠬᠤᠳᠠ ᠶᠢᠨ ᠲᠠᠷᠢᠶᠠᠨ | ᠭᠠᠵᠠᠷ ᠤᠨ ᠤᠨᠠᠯᠲᠠ ᠶᠡᠬᠡᠲᠡᠢ᠂ ᠦᠷ᠎ᠡ ᠪᠦᠲᠦᠮᠵᠢ ᠶᠡᠬᠡᠲᠡᠢ᠂ ᠦᠷ᠎ᠡ ᠠᠰᠢᠭ ᠶᠡᠬᠡᠲᠡᠢ ᠬᠠᠷᠠᠯᠲᠠ ᠶᠢ ᠪᠦᠭᠦ ᠲᠠᠯ᠎ᠠ ᠪᠠᠷ | ᠪᠡᠶᠡᠯᠡᠭᠦᠯᠦᠨ᠂ ᠮᠢᠩᠭᠠᠨ ᠲᠦᠮᠡᠨ ᠮᠦ ᠶᠢᠨ ᠤᠰᠤ ᠠᠷᠪᠢᠯᠠᠬᠤ ᠥᠨᠳᠥᠷ ᠤᠨᠠᠯᠲᠠᠲᠤ ᠥᠨᠳᠥᠷ ᠦᠷ᠎ᠡ ᠠᠰᠢᠭ ᠲᠠᠢ | ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠭᠦ ᠣᠷᠣᠨ ᠵᠢᠴᠢ ᠳᠤᠮᠳᠠᠳᠤ ᠤᠯᠤᠰ ᠤᠨ ᠤᠮᠠᠷᠠᠲᠤ ᠶᠢᠨ | ᠡᠷᠳᠡᠨᠢ ᠰᠢᠰᠢ ᠶᠢᠨ ᠲᠣᠨ ᠤ ᠲᠠᠷᠢᠶᠠᠨ ᠭᠠᠵᠠᠷ ᠤᠨ ᠵᠢᠱᠢᠶ᠎ᠡ ᠦᠵᠡᠭᠦᠯᠭᠦ ᠣᠷᠣᠨ ᠢ ᠪᠦᠭᠦ ᠬᠦᠴᠦᠨ ᠢᠶᠠᠷ ᠪᠦᠲᠦᠭᠡᠨ | ᠪᠠᠶᠢᠭᠤᠯᠤᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ 2025 ᠣᠨ ᠳᠤ ᠲᠦᠩᠯᠢᠶᠣᠣ ᠬᠤᠲᠠ ᠥᠨᠳᠥᠷ ᠪᠦᠲᠦᠮᠵᠢᠲᠦ ᠤᠰᠤ | ᠠᠷᠪᠢᠯᠠᠬᠤ ᠪᠠᠷ ᠰᠠᠭᠤᠷᠢ ᠪᠤᠯᠭᠠᠵᠤ᠂ 300 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ | ᠪᠦᠲᠦᠭᠡᠨ ᠪᠠᠶᠢᠭᠤᠯᠬᠤ ᠪᠠ ᠥᠭᠡᠷᠡᠴᠢᠯᠡᠨ ᠰᠠᠶᠢᠵᠢᠷᠠᠭᠤᠯᠬᠤ ᠪᠠᠷ ᠲᠥᠯᠥᠪᠯᠡᠵᠦ ᠪᠤᠢ᠂ ᠲᠤᠬᠠᠢ ᠶᠢᠨ ᠦᠶ᠎ᠡ ᠳᠤ ᠲᠤᠰ | ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠨᠡᠶᠢᠳᠡ ᠲᠠᠯᠠᠪᠠᠶ 1600 ᠲᠦᠮᠡᠨ ᠮᠦ ᠳᠤ ᠬᠦᠷᠬᠦ | ᠪᠣᠯᠣᠨ᠎ᠠ᠃ |