ᠪᠦᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠲᠣᠭᠤᠷᠢᠨ ᠦᠵᠡᠵᠦ ᠰᠣᠯᠢᠯᠴᠠᠬᠤ ᠠᠵᠢᠯᠯᠠᠭ᠎ᠠ ᠯᠢᠨᠰᠢ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2025/3/4
      3 ᠰᠠᠷ᠎ᠠ ᠶᠢᠨ 4 ᠤ ᠡᠳᠦᠷ᠂ ᠪᠥᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠤᠨ ᠲᠣᠭᠤᠷᠢᠨ ᠦᠵᠡᠵᠦ ᠰᠣᠯᠢᠯᠴᠠᠬᠤ ᠠᠵᠢᠯᠯᠠᠭ᠎ᠠ ᠯᠢᠨᠰᠢ ᠰᠢᠶᠠᠨ ᠳᠤ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠯᠪᠠᠨ ᠭᠡᠷ ᠤᠨ ᠡᠷᠬᠢᠯᠡᠭᠴᠢ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠠᠵᠢᠯᠯᠠᠭ᠎ᠠ ᠳᠤ ᠣᠷᠣᠯᠴᠠᠵᠠᠢ᠃ 
1.jpg
       ᠰᠣᠯᠢᠯᠴᠠᠭᠠᠨ ᠤ ᠠᠵᠢᠯᠯᠠᠭ᠎ᠠ ᠳᠤ᠂ ᠬᠢᠩᠭᠠᠨ ᠠᠶᠢᠮᠠᠭ᠂ ᠪᠤᠭᠤᠲᠤ ᠬᠤᠳᠠ ᠪᠣᠯᠣᠨ ᠯᠢᠨᠰᠢ ᠰᠢᠶᠠᠨ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ᠂ ᠨᠢᠩᠴᠧᠩ ᠰᠢᠶᠠᠨ ᠤ ᠾᠧᠢ ᠯᠢ ᠾᠧ ᠪᠠᠯᠭᠠᠰᠤ  ᠨᠢ ᠨᠡᠶᠢᠲᠡᠯᠢᠭ ᠵᠢᠱᠢᠶ᠎ᠡ ᠶᠢᠨ ᠰᠣᠯᠢᠯᠴᠠᠭᠠᠨ ᠤ ᠶᠠᠷᠢᠶ᠎ᠠ ᠲᠠᠯᠪᠢᠵᠤ᠂ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠲᠠᠨᠢᠯᠴᠠᠭᠤᠯᠵᠤ᠂ ᠲᠤᠰ ᠲᠤᠰ ᠤᠨ ᠭᠤᠣᠯᠳᠠᠯᠭ᠎ᠠ ᠲᠠᠢ᠂ ᠲᠤᠰ ᠲᠤᠰ ᠤᠨ ᠣᠨᠴᠠᠯᠢᠭ ᠲᠠᠢ ᠪᠠᠶᠢᠵᠤ᠂ ᠡᠯ᠎ᠡ ᠭᠠᠵᠠᠷ ᠤᠨ ᠬᠠᠷᠢᠯᠴᠠᠨ ᠰᠤᠷᠤᠯᠴᠠᠬᠤ ᠳᠤ ᠮᠠᠰᠢ ᠰᠠᠶᠢᠨ ᠲᠣᠯᠢᠯᠠᠯ ᠬᠠᠩᠭᠠᠭᠰᠠᠨ ᠪᠠᠶᠢᠨ᠎ᠠ᠃ ᠠᠵᠢᠯᠯᠠᠭ᠎ᠠ ᠳᠤ ᠣᠷᠣᠯᠴᠠᠭᠰᠠᠨ ᠲᠥᠯᠥᠭᠡᠯᠡᠭᠴᠢᠳ ᠲᠤᠰ ᠲᠤᠰ ᠳ᠋ᠠ ᠶᠢᠩᠽᠢ ᠰᠢᠶᠠᠩ ᠤᠨ ᠹᠦ᠋ ᠺᠠᠩ ᠰᠢᠨ᠎ᠡ ᠲᠣᠰᠬᠤᠨ᠂ ᠴᠦᠨ ᠴᠢ ᠴᠦᠨ ᠱᠧᠩ᠂ ᠱᠧᠦ ᠨᠦᠩ ᠡᠯ ᠱᠠᠩ ᠪᠣᠯᠣᠨ ᠱᠢ ᠡᠯ ᠲᠤ ᠰᠢᠶᠠᠩ ᠤᠨ ᠤᠯᠠᠭᠠᠨ ᠭᠤᠤ ᠲᠣᠰᠬᠤᠨ ᠳᠤ ᠬᠦᠷᠴᠦ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠭᠰᠡᠨ ᠨᠡᠶᠢᠲᠡᠯᠢᠭ ᠬᠡᠷᠡᠭ ᠤᠨ ᠵᠢᠱᠢᠶ᠎ᠡ᠂ ᠢᠳᠡᠰᠢᠨ ᠮᠦᠬᠦ ᠶᠢᠨ ᠪᠦᠬᠦ ᠠᠵᠤ ᠦᠢᠯᠡᠰ ᠤᠨ ᠬᠡᠯᠬᠢᠶ᠎ᠡ᠂ ᠠᠯᠠᠰᠢᠨ ᠦᠬᠡᠷ ᠤᠨ ᠪᠦᠬᠦ ᠠᠵᠤ ᠦᠢᠯᠡᠰ ᠤᠨ ᠬᠡᠯᠬᠢᠶ᠎ᠡ ᠵᠢᠴᠢ ᠪᠦᠲᠦᠮᠵᠢᠲᠡᠢ ᠵᠣᠯᠭᠠᠯᠳᠤᠭᠰᠠᠨ ᠬᠤᠯᠪᠣᠭᠳᠠᠯ ᠪᠦᠬᠦᠢ ᠪᠠᠶᠢᠳᠠᠯ ᠢ ᠲᠤᠬᠠᠢ ᠶᠢᠨ ᠲᠠᠯᠠᠪᠠᠢ ᠳᠤ ᠲᠣᠭᠤᠷᠢᠨ ᠦᠵᠡᠭᠰᠡᠨ ᠪᠥᠭᠡᠳ ᠰᠤᠳᠤᠯᠤᠨ ᠶᠠᠷᠢᠯᠴᠠᠪᠠ᠃      ᠲᠣᠭᠤᠷᠢᠨ ᠦᠵᠡᠵᠦ ᠰᠣᠯᠢᠯᠴᠠᠬᠤ ᠠᠵᠢᠯᠯᠠᠭ᠎ᠠ ᠪᠠᠷ ᠳᠠᠮᠵᠢᠭᠤᠯᠤᠨ ᠤᠯᠠᠨ ᠢᠶᠠᠷ ᠢᠶᠠᠨ ᠦᠵᠡᠯ ᠰᠠᠨᠠᠭ᠎ᠠ ᠪᠠᠨ ᠨᠢᠭᠡᠳᠬᠡᠵᠦ᠂ ᠪᠦᠲᠦᠮᠵᠢᠲᠡᠶ ᠬᠠᠮᠲᠤ ᠶᠢᠨ ᠲᠠᠨᠢᠯᠲᠠ ᠲᠠᠢ ᠪᠣᠯᠵᠠᠢ᠃ ᠨᠢᠭᠡ ᠳᠤ ᠰᠠᠶᠢᠲᠤᠷ ᠳ᠋ᠦᠩᠨᠡᠵᠦ᠂ ᠲᠤᠷᠰᠢᠯᠭ᠎ᠠ ᠶᠢᠨ ᠰᠡᠩᠬᠡᠷᠡᠭᠦᠯᠦᠯ ᠢ ᠣᠨᠣᠪᠴᠢᠲᠠᠢ ᠣᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠳᠡᠮᠵᠢᠵᠦ᠂ ᠠᠵᠢᠯ ᠤᠨ ᠪᠠᠶᠢᠷᠢᠯᠠᠭᠤᠯᠤᠯᠲᠠ ᠪᠠᠨ ᠡᠷᠲᠡᠬᠡᠨ ᠪᠣᠳᠠᠲᠠᠶᠢᠵᠢᠭᠤᠯᠵᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠪᠣᠯᠪᠠᠰᠤᠷᠠᠯ ᠢᠶᠠᠨ ᠴᠢᠩᠭᠠᠳᠬᠠᠵᠤ᠂ ᠠᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠳᠠᠬᠢᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠪᠠᠭᠤᠷᠠᠢ ᠲᠠᠯ᠎ᠠ ᠶᠢ ᠣᠨᠣᠪᠴᠢᠲᠠᠶ ᠡᠷᠢᠵᠦ ᠣᠯᠬᠤ ᠬᠡᠷᠡᠭᠲᠡᠢ᠃ ᠥᠩᠭᠡᠷᠡᠭᠰᠡᠨ ᠢᠶᠠᠨ ᠲᠠᠬᠢᠨ ᠳᠠᠪᠲᠠᠨ ᠡᠷᠭᠢᠴᠡᠭᠦᠯᠦᠨ ᠪᠤᠳᠤᠵᠤ᠂ ᠬᠦᠷᠦᠯᠴᠡᠬᠦ ᠦᠭᠡᠢ ᠲᠠᠯ᠎ᠠ ᠪᠠᠨ ᠡᠷᠢᠨ ᠭᠠᠷᠭᠠᠵᠤ᠂ ᠡᠨᠡ ᠵᠢᠯ ᠤᠨ ᠠᠵᠢᠯ ᠢᠶᠠᠨ ᠨᠡᠩ ᠰᠠᠶᠢᠨ ᠠᠬᠢᠭᠤᠯᠬᠤ ᠬᠡᠷᠡᠭᠲᠡᠢ᠃ ᠭᠤᠷᠪᠠ ᠳᠤ ᠰᠠᠶᠢᠲᠤᠷ ᠠᠷᠭ᠎ᠠ ᠰᠦᠪᠡᠭᠴᠢᠯᠡᠵᠦ᠂ ᠠᠵᠢᠯ ᠤᠨ ᠭᠤᠣᠯᠳᠠᠯᠭ᠎ᠠ ᠪᠠᠨ ᠣᠨᠣᠪᠴᠢᠲᠠᠢ ᠡᠷᠢᠵᠦ ᠣᠯᠬᠤ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠭᠰᠡᠨ ᠴᠢᠨᠠᠷᠲᠠᠢ ᠪᠠᠷ ᠲᠠᠬᠢᠨ ᠶᠠᠳᠠᠭᠤᠷᠠᠯ ᠡᠭᠦᠰᠬᠦ ᠬᠤᠷᠢᠭ᠎ᠠ ᠱᠤᠭᠤᠮ ᠢ ᠡᠭᠦᠷᠢᠳᠡ ᠰᠠᠬᠢᠬᠤ ᠪᠣᠯ ᠨᠠᠮ ᠤᠨ ᠲᠥᠪ ᠬᠤᠷᠢᠶ᠎ᠠ ᠠᠴᠠ ᠪᠢᠳᠡᠨ ᠳᠤ ᠲᠤᠰᠢᠶᠠᠭᠰᠠᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠣᠨ᠎ᠠ᠂ ᠪᠢᠳᠡ ᠡᠷᠬᠡᠪᠰᠢ ᠨᠢᠮᠭᠡᠨ ᠮᠥᠰᠥᠨ ᠳᠡᠭᠡᠷ᠎ᠡ ᠭᠢᠰᠬᠢᠭᠰᠡᠨ ᠮᠡᠲᠦ ᠲᠦᠭᠰᠢᠭᠦᠷᠢᠲᠦ ᠰᠡᠳᠬᠢᠯᠭᠡ᠂ ᠴᠠᠭ ᠪᠢᠳᠡᠨ ᠢ ᠬᠦᠯᠢᠶᠡᠬᠦ ᠦᠭᠡᠢ ᠲᠤᠯᠭᠠᠮ᠎ᠠ ᠰᠡᠳᠬᠢᠯᠭᠡ᠂ ᠡᠷᠡᠯᠬᠡᠭᠯᠡᠨ ᠲᠡᠮᠡᠴᠡᠬᠦ ᠡᠭᠦᠷᠭᠡᠲᠦ ᠰᠡᠳᠬᠢᠯᠭᠡ ᠪᠠᠨ ᠢᠮᠠᠭᠲᠠ ᠪᠠᠷᠢᠮᠲᠠᠯᠠᠵᠤ᠂ ᠨᠡᠩ ᠥᠨᠳᠥᠷ ᠵᠣᠭᠰᠣᠴᠠ᠂ ᠨᠡᠩ ᠴᠢᠩᠭ᠎ᠠ ᠠᠷᠭ᠎ᠠ ᠬᠡᠮᠵᠢᠶ᠎ᠡ᠂ ᠨᠡᠩ ᠪᠣᠳᠠᠲᠠᠢ ᠰᠤᠷᠲᠠᠯ ᠢᠶᠠᠷ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠬᠦ ᠬᠡᠷᠡᠭᠲᠡᠢ᠃ ᠡᠯ᠎ᠡ ᠠᠶᠢᠮᠠᠭ ᠬᠤᠳᠠ ᠶᠢᠨ ᠬᠢᠨ ᠲᠤᠰ ᠭᠠᠵᠠᠷ ᠣᠷᠣᠨ ᠤ ᠪᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠤᠭᠰᠠᠨ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠭᠦᠨᠵᠡᠭᠡᠢ ᠳ᠋ᠦᠩᠨᠡᠨ ᠪᠣᠯᠪᠠᠰᠤᠷᠠᠭᠤᠯᠵᠤ᠂ ᠨᠡᠶᠢᠲᠡᠯᠢᠭ ᠬᠦᠮᠦᠨ᠂ ᠨᠡᠶᠢᠲᠡᠯᠢᠭ ᠵᠢᠱᠢᠶ᠎ᠡ ᠶᠢ ᠠᠭᠤᠳᠠᠯᠵᠤ᠂ ᠬᠠᠮᠢᠶ᠎ᠠ ᠪᠦᠬᠦᠢ ᠬᠠᠮᠵᠢᠯᠴᠠᠬᠤ ᠠᠵᠢᠯ ᠢ ᠰᠠᠶᠢᠲᠤᠷ ᠬᠢᠬᠦ ᠬᠡᠷᠡᠭᠲᠡᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠠᠶᠢᠮᠠᠭ ᠬᠤᠲᠠ᠂ ᠬᠤᠰᠢᠭᠤ ᠰᠢᠶᠠᠨ ᠤ ᠲᠥᠯᠥᠭᠡᠯᠡᠭᠴᠢ ᠲᠣᠭᠤᠷᠢᠨ ᠦᠵᠡᠵᠦ ᠰᠣᠯᠢᠯᠴᠠᠬᠤ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号