3 ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ | ᠲᠠᠷᠢᠶᠠᠯᠠᠩ ᠤᠨ ᠮᠠᠰᠢᠨᠴᠢᠯᠠᠯᠲᠠ ᠶᠢᠨ ᠬᠠᠮᠢᠶᠠᠷᠤᠯᠲᠠ ᠶᠢᠨ ᠵᠤᠷᠭᠠᠨ ᠤ ᠳᠠᠷᠤᠭ᠎ᠠ ᠵᠢᠢ ᠮᠢᠩ ᠹᠧᠩ ᠨᠠᠷ ᠣᠷᠳᠣᠰ | ᠬᠤᠲᠠ ᠶᠢᠨ ᠣᠲᠤᠭ ᠤᠨ ᠡᠮᠦᠨᠡᠲᠦ ᠬᠤᠰᠢᠭᠤ ᠪᠣᠯᠤᠨ ᠡᠵᠡᠨ ᠬᠤᠷᠤᠭ᠎ᠠ ᠬᠤᠰᠢᠭᠤᠨ ᠳᠤ ᠭᠦᠨᠵᠡᠭᠡᠶᠢᠷᠡᠵᠦ᠂ | ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ | ᠬᠦᠴᠦᠨ ᠨᠡᠮᠡᠷᠢᠯᠡᠵᠦ ᠪᠠᠶᠢᠭ᠎ᠠ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠪᠠᠶᠢᠴᠠᠭᠠᠨ | ᠰᠤᠳᠤᠯᠬᠤ ᠳᠤᠭᠤᠶᠢᠯᠠᠩ ᠤᠨ ᠬᠢᠨ ᠪᠦᠬᠦ ᠶᠠᠪᠤᠴᠠ ᠶᠢᠨ ᠣᠶᠤᠨᠴᠢ ᠲᠠᠷᠢᠶᠠᠯᠠᠩ ᠤᠨ ᠮᠠᠰᠢᠨᠴᠢᠯᠠᠯᠲᠠ ᠶᠢᠨ ᠲᠦᠮᠡᠨ | ᠮᠦ ᠵᠢᠱᠢᠶ᠎ᠡ ᠦᠵᠡᠭᠦᠯᠬᠦ ᠲᠠᠷᠢᠶ᠎ᠠ᠂ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶ᠎ᠠ᠂ ᠲᠠᠷᠢᠶᠠᠯᠠᠩ ᠤᠨ ᠮᠠᠰᠢᠨ ᠤ | ᠰᠡᠯᠪᠢᠨ ᠵᠠᠰᠠᠬᠤ ᠴᠡᠭ᠂ ᠲᠠᠷᠢᠶᠠᠯᠠᠩ ᠤᠨ ᠮᠠᠰᠢᠨ ᠤ ᠴᠢᠯᠠᠭᠤᠨ ᠲᠣᠰᠣ ᠬᠠᠩᠭᠠᠬᠤ ᠪᠠ ᠲᠣᠬᠢᠷᠠᠭᠤᠯᠬᠤ ᠴᠡᠭ᠂ | ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠪᠣᠯᠤᠨ ᠲᠠᠷᠢᠶᠠᠯᠠᠩ ᠤᠨ ᠮᠠᠰᠢᠨ ᠤ ᠬᠡᠷᠡᠭᠯᠡᠭᠡᠨ ᠠᠴᠠ ᠭᠠᠷᠭᠠᠵᠤ | ᠡᠭᠡᠭᠦᠯᠦᠨ ᠬᠤᠷᠢᠶᠠᠵᠤ ᠵᠠᠳᠠᠯᠬᠤ ᠪᠠᠶᠢᠭᠤᠯᠤᠮᠵᠢ ᠶᠢ ᠲᠤᠬᠠᠢ ᠶᠢᠨ ᠭᠠᠵᠠᠷ ᠲᠤᠨᠢ ᠬᠦᠷᠴᠦ᠂ ᠲᠠᠷᠢᠶᠠᠯᠠᠩ ᠤᠨ ᠮᠠᠰᠢᠨ ᠤ | ᠡᠷᠦᠬᠡ ᠶᠢ ᠲᠠᠰᠢᠷᠠᠮ ᠢᠶᠠᠷ ᠰᠤᠷᠪᠤᠯᠵᠢᠯᠠᠵᠤ᠂ ᠮᠠᠯ ᠠᠵᠤ ᠠᠬᠤᠢ ᠲᠡᠵᠢᠭᠡᠨ ᠦᠷᠡᠵᠢᠭᠦᠯᠬᠦ ᠪᠦᠬᠦ ᠶᠠᠪᠤᠴᠠ ᠶᠢᠨ | ᠮᠠᠰᠢᠨᠴᠢᠯᠠᠯᠲᠠ ᠶᠢᠨ ᠰᠤᠳᠤᠯᠤᠨ ᠡᠭᠦᠳᠬᠦ ᠠᠵᠤ ᠠᠬᠤᠶᠢᠯᠠᠯ ᠳᠤ ᠬᠦᠷᠴᠦ ᠪᠠᠶᠢᠴᠠᠭᠠᠪᠠ᠃ | | | | ᠣᠲᠤᠭ ᠤᠨ ᠡᠮᠦᠨᠡᠲᠦ ᠬᠤᠰᠢᠭᠤᠨ ᠤ ᠪᠤᠷᠤᠪᠠᠯᠭᠠᠰᠤ ᠪᠠᠯᠭᠠᠰᠤᠨ ᠤ ᠮᠠ ᠬᠤᠸᠠᠩ ᠲᠤᠤ ᠲᠣᠰᠬᠤᠨ ᠤ | ᠣᠶᠤᠨᠴᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠲᠠᠷᠢᠶᠠᠯᠠᠩ ᠤᠨ | ᠮᠠᠰᠢᠨᠴᠢᠯᠠᠯᠲᠠ ᠶᠢᠨ ᠲᠦᠮᠡᠨ ᠮᠦ ᠵᠢᠱᠢᠶ᠎ᠡ ᠦᠵᠡᠭᠦᠯᠬᠦ ᠲᠠᠷᠢᠶᠠᠨ ᠳᠤ᠂ ᠵᠢᠢ ᠮᠢᠩ ᠹᠧᠩ ᠵᠢᠯᠣᠭᠤᠴᠢ ᠦᠭᠡᠢ ᠲᠠᠷᠢᠬᠤ | ᠮᠠᠰᠢᠨ᠂ ᠬᠤᠪᠢᠰᠤᠭᠴᠢ ᠪᠣᠷᠳᠣᠭᠤᠷ ᠣᠷᠣᠭᠤᠯᠬᠤ ᠮᠠᠰᠢᠨ᠂ ᠲᠠᠷᠢᠬᠤ ᠮᠠᠰᠢᠨ ᠵᠡᠷᠭᠡ ᠲᠥᠬᠦᠭᠡᠷᠦᠮᠵᠢ ᠶᠢ ᠬᠡᠷᠡᠭᠯᠡᠭᠰᠡᠨ | ᠦᠷ᠎ᠡ ᠪᠦᠲᠦᠮᠵᠢ ᠪᠠ ᠬᠦᠷᠢᠶᠡᠯᠡᠩ ᠲᠣᠭᠤᠷᠢᠭ ᠤᠨ ᠳᠣᠲᠣᠷᠠᠬᠢ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠪᠠ᠃ ᠵᠢᠢ ᠮᠢᠩ | ᠹᠧᠩ ᠠᠴᠠ᠂ ᠣᠶᠤᠨᠴᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠲᠠᠷᠢᠶᠠᠯᠠᠩ ᠤᠨ | ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠮᠥᠷᠲᠡᠭᠡᠨ ᠪᠠᠰᠠ ᠳᠡᠭᠡᠳᠦ ᠳᠡᠰ ᠤᠨ ᠤᠶᠤᠨᠲᠤ | ᠲᠠᠷᠢᠶᠠᠯᠠᠩ ᠤᠨ ᠮᠠᠰᠢᠨ ᠳᠤ ᠥᠷᠭᠡᠨ ᠬᠡᠷᠡᠭᠯᠡᠭᠡᠨ ᠤ ᠲᠠᠪᠴᠠᠩ ᠬᠠᠩᠭᠠᠵᠤ᠂ ᠪᠠᠰᠠ ᠡᠷᠭᠢᠨ ᠲᠣᠭᠤᠷᠢᠨ ᠤ ᠲᠠᠷᠢᠶᠠᠴᠢᠨ | ᠡᠷᠦᠬᠡ ᠳᠤ ᠡᠷᠬᠢᠮ ᠨᠠᠨᠳᠢᠨ ᠵᠢᠱᠢᠶ᠎ᠡ ᠦᠵᠡᠭᠦᠯᠬᠦ ᠲᠤᠷᠰᠢᠯᠭ᠎ᠠ ᠬᠠᠩᠭᠠᠭᠰᠠᠨ ᠪᠠᠶᠢᠨ᠎ᠠ᠃ ᠲᠠᠷᠢᠶᠠᠯᠠᠩ ᠤᠨ ᠮᠠᠰᠢᠨ ᠤ | ᠬᠤᠷᠰᠢᠶ᠎ᠠ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠲᠦᠰᠢᠭᠯᠡᠨ᠂ ︽ᠰᠠᠶᠢᠨ ᠲᠠᠷᠢᠶ᠎ᠠ᠂ | ᠰᠠᠶᠢᠨ ᠦᠷ᠎ᠡ᠂ ᠰᠠᠶᠢᠨ ᠲᠣᠬᠢᠶᠠᠯ᠂ ᠰᠠᠶᠢᠨ ᠠᠷᠭ᠎ᠠ︾ ᠪᠠᠷ ᠨᠠᠷᠢᠯᠢᠭ ᠲᠠᠷᠢᠵᠤ ᠨᠢᠮᠪᠠᠢ ᠠᠷᠠᠴᠢᠯᠠᠵᠤ᠂ ᠲᠠᠯᠠᠪᠠᠢ | ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠳᠠᠯᠳᠠ ᠬᠦᠴᠦᠨ ᠢ ᠪᠦᠬᠦ ᠬᠡᠯᠬᠢᠶ᠎ᠡ ᠪᠠᠷ ᠠᠭᠤᠳᠠᠯᠵᠤ᠂ ᠣᠳᠣ ᠦᠶ᠎ᠡ ᠶᠢᠨ | ᠲᠠᠷᠢᠶᠠᠯᠠᠩ ᠤᠨ ᠮᠠᠰᠢᠨ ᠤ ᠬᠠᠪᠤᠷ ᠤᠨ ᠲᠠᠷᠢᠶᠠᠯᠠᠭ᠎ᠠ ᠶᠢᠨ ᠵᠢᠷᠤᠭ ᠳᠦᠷᠰᠦ ᠢ ᠵᠢᠷᠤᠭᠯᠠᠬᠤ ᠬᠡᠷᠡᠭᠲᠡᠢ᠃ ᠣᠳᠣ | ᠦᠶ᠎ᠡ ᠶᠢᠨ ᠲᠠᠷᠢᠶᠠᠯᠠᠩ ᠤᠨ ᠮᠠᠰᠢᠨ ᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠲᠥᠯᠥᠨ | ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ︽ᠲᠠᠷᠢᠶᠠᠯᠠᠬᠤ᠂ ᠲᠠᠷᠢᠬᠤ᠂ ᠬᠠᠮᠢᠶᠠᠷᠬᠤ᠂ ᠬᠤᠷᠢᠶᠠᠬᠤ︾ ᠪᠥᠬᠦ ᠬᠡᠯᠬᠢᠶ᠎ᠡ ᠶᠢᠨ | ᠦᠢᠯᠡᠴᠢᠯᠡᠭᠡ ᠬᠠᠩᠭᠠᠵᠤ᠂ ᠲᠠᠷᠢᠶᠠᠴᠢᠨ ᠡᠷᠦᠬᠡ ᠶᠢᠨ ᠲᠠᠷᠢᠶᠠᠯᠠᠩ ᠤᠨ ᠮᠠᠰᠢᠨ ᠢ ᠬᠡᠷᠡᠭᠯᠡᠬᠦ ᠲᠠᠯ᠎ᠠ ᠪᠠᠷ ᠬᠢ | ᠬᠤᠶᠢᠰᠢᠳᠠ ᠶᠢᠨ ᠵᠣᠪᠠᠨᠢᠯ ᠢ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ᠃ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠢᠯᠠᠩᠭᠤᠶ᠎ᠠ ᠣᠷᠣᠨ ᠪᠦᠰᠡ ᠶᠢᠨ ᠴᠢᠨᠠᠷᠲᠠᠢ ᠲᠠᠷᠢᠶᠠᠯᠠᠩ ᠤᠨ ᠮᠠᠰᠢᠨ ᠤ ᠪᠠᠴᠢᠮ ᠪᠠᠶᠢᠳᠠᠯ ᠢ ᠠᠷᠭᠠᠴᠠᠭᠠᠬᠤ | ᠦᠢᠯᠡᠴᠢᠯᠡᠭᠡᠨ ᠤ ᠲᠥᠪ᠂ ᠣᠷᠣᠨ ᠪᠦᠰᠡ ᠶᠢᠨ ᠴᠢᠨᠠᠷᠲᠠᠢ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ | ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠦᠢᠯᠡᠴᠢᠯᠡᠭᠡᠨ ᠤ ᠶᠠᠰᠤ | ᠴᠢᠨᠠᠷ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠪᠠ ᠣᠳᠣ | ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ | ᠭᠡᠵᠦ ᠴᠢᠬᠤᠯᠠᠴᠢᠯᠠᠪᠠ᠃ | | | | ᠣᠲᠤᠭ ᠤᠨ ᠡᠮᠦᠨᠡᠲᠦ ᠬᠤᠰᠢᠭᠤᠨ ᠤ ᠰᠢ ᠢᠦᠢ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠶᠢᠨ | ᠲᠠᠷᠢᠶᠠᠯᠠᠩ ᠤᠨ ᠮᠠᠰᠢᠨ ᠤ ᠰᠡᠯᠪᠢᠨ ᠵᠠᠰᠠᠬᠤ ᠲᠣᠣᠷ ᠭᠠᠵᠠᠷ ᠲᠤ᠂ ᠵᠢᠢ ᠮᠢᠩ ᠹᠧᠩ ᠰᠡᠯᠪᠢᠨ ᠵᠠᠰᠠᠬᠤ | ᠦᠢᠯᠡᠳᠪᠦᠷᠢ ᠶᠢᠨ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠲᠠᠷᠢᠶᠠᠯᠠᠩ ᠤᠨ | ᠮᠠᠰᠢᠨ ᠰᠡᠯᠪᠢᠨ ᠵᠠᠰᠠᠬᠤ ᠦᠢᠯᠡᠴᠢᠯᠡᠭᠡᠨ ᠤ ᠶᠠᠪᠤᠴᠠ᠂ ᠮᠡᠷᠭᠡᠵᠢᠯ ᠤᠨ ᠬᠢᠷᠢ ᠲᠦᠪᠰᠢᠨ ᠪᠣᠯᠤᠨ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠲᠤᠯᠭᠠᠭᠤᠷᠢᠯᠠᠬᠤ ᠦᠢᠯᠡᠳᠦᠯ ᠢ ᠨᠠᠷᠢᠨ ᠣᠶᠢᠯᠠᠭᠠᠪᠠ᠃ ᠵᠢᠢ ᠮᠢᠩ ᠹᠧᠩ ᠠᠴᠠ᠂ | ᠲᠠᠷᠢᠶᠠᠯᠠᠩ ᠤᠨ ᠮᠠᠰᠢᠨ ᠢ ᠰᠡᠯᠪᠢᠨ ᠵᠠᠰᠠᠬᠤ ᠪᠣᠯ ᠲᠠᠷᠢᠶᠠᠯᠠᠩ ᠤᠨ ᠮᠠᠰᠢᠨ ᠤ ᠬᠡᠪ ᠤᠨ ᠠᠵᠢᠯᠯᠠᠭᠠᠨ ᠢ ᠪᠠᠲᠤᠯᠠᠬᠤ | ᠴᠢᠬᠤᠯᠠ ᠭᠤᠭᠴᠤᠭ᠎ᠠ ᠮᠥᠨ᠂ ᠪᠠᠰᠠ ᠴᠤ ᠲᠠᠷᠢᠶᠠᠯᠠᠩ ᠤᠨ ᠮᠠᠰᠢᠨ ᠢ ᠬᠡᠷᠡᠭᠯᠡᠬᠦ ᠬᠤᠭᠤᠴᠠᠭ᠎ᠠ ᠪᠠ ᠠᠵᠢᠯᠯᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢᠨ ᠵᠠᠩᠭᠢᠯᠠᠭ᠎ᠠ ᠮᠥᠨ᠃ ᠲᠠᠷᠢᠶᠠᠯᠠᠩ ᠤᠨ ᠮᠠᠰᠢᠨ ᠰᠡᠯᠪᠢᠨ ᠵᠠᠰᠠᠬᠤ ᠠᠵᠢᠯ | ᠮᠡᠷᠭᠡᠵᠢᠯ ᠤᠨ ᠳᠡᠰ ᠢ ᠦᠨᠡᠯᠡᠬᠦ ᠠᠵᠢᠯ ᠢ ᠴᠢᠩᠭᠠᠳᠬᠠᠵᠤ᠂ ᠰᠡᠯᠪᠢᠨ ᠵᠠᠰᠠᠬᠤ ᠠᠵᠢᠯᠴᠢᠨ ᠤ ᠲᠤᠰᠬᠠᠢ ᠮᠡᠷᠭᠡᠵᠢᠯ ᠤᠨ | ᠤᠷ᠎ᠠ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠰᠡᠯᠪᠢᠨ ᠵᠠᠰᠠᠬᠤ ᠠᠵᠢᠯᠴᠢᠨ ᠤ | ᠠᠵᠢᠯ ᠮᠡᠷᠭᠡᠵᠢᠯ ᠤᠨ ᠳᠡᠰ ᠢ ᠦᠨᠡᠯᠡᠬᠦ ᠳᠦᠷᠢᠮ ᠢ ᠠᠬᠢᠭᠤᠯᠵᠤ᠂ ᠲᠠᠷᠢᠶᠠᠯᠠᠩ ᠤᠨ ᠮᠠᠰᠢᠨ ᠬᠡᠷᠡᠭᠯᠡᠭᠴᠢᠳ ᠲᠤ ᠨᠠᠩ | ᠴᠢᠨᠠᠷ ᠰᠠᠶᠢᠲᠠᠢ᠂ ᠥᠨᠳᠥᠷ ᠪᠦᠲᠦᠮᠵᠢᠲᠡᠢ ᠰᠡᠯᠪᠢᠨ ᠵᠠᠰᠠᠬᠤ ᠦᠢᠯᠡᠴᠢᠯᠡᠭᠡ ᠬᠠᠩᠭᠠᠬᠤ ᠬᠡᠷᠡᠭᠲᠡᠢ᠃ ᠲᠠᠷᠢᠶᠠᠯᠠᠩ ᠤᠨ | ᠮᠠᠰᠢᠨ ᠮᠧᠬᠠᠨᠢᠭᠴᠢ ᠬᠢᠭᠡᠳ ᠰᠡᠯᠪᠢᠨ ᠵᠠᠰᠠᠬᠤ ᠠᠵᠢᠯᠴᠢᠨ ᠤ ᠬᠠᠮᠵᠢᠯᠴᠠᠨ ᠪᠣᠯᠪᠠᠰᠤᠷᠠᠭᠤᠯᠬᠤ ᠠᠵᠢᠯ ᠢ | ᠴᠢᠩᠭᠠᠳᠬᠠᠵᠤ᠂ ᠦᠨᠳᠦᠰᠦᠨ ᠱᠠᠲᠤᠨ ᠤ ᠮᠡᠷᠭᠡᠵᠢᠯ ᠤᠨ ᠡᠩᠨᠡᠭᠡᠨ ᠤ ᠲᠤᠰᠬᠠᠢ ᠮᠡᠷᠭᠡᠵᠢᠯ ᠤᠨ ᠴᠢᠳᠠᠪᠤᠷᠢ ᠶᠢ | ᠳᠡᠭᠡᠭᠰᠢᠯᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢ | ᠥᠨᠳᠥᠷ ᠪᠦᠲᠦᠮᠵᠢᠲᠡᠢ ᠪᠠᠷ ᠠᠵᠢᠯᠯᠠᠭᠤᠯᠬᠤ ᠶᠢ ᠦᠨᠡᠨ ᠬᠦ ᠪᠠᠲᠤᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ | ︽ᠬᠠᠮᠠᠭᠠᠯᠠᠬᠤ︾ ᠪᠠᠷ ᠦᠨᠳᠦᠰᠦ ᠪᠠᠷᠢᠮᠲᠠ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠥᠪᠥᠷ ᠮᠣᠩᠭᠤᠯ ᠤᠨ ᠯᠦ ᠣᠪᠣᠭᠲᠤ ᠶᠢᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠤᠨ | ᠬᠢᠵᠠᠭᠠᠷᠲᠤ ᠺᠣᠮᠫᠠᠨᠢ᠂ ᠹᠧᠩ ᠲᠠᠢ ᠮᠠᠯ ᠠᠵᠤ ᠠᠬᠤᠢ ᠶᠢᠨ ᠣᠶᠤᠨᠴᠢ ᠮᠠᠰᠢᠨ ᠮᠧᠬᠠᠨᠢᠭ ᠤᠨ ᠦᠢᠯᠡᠳᠪᠦᠷᠢᠯᠡᠯ ᠤᠨ | ᠺᠣᠮᠫᠠᠨᠢ ᠳᠤ᠂ ᠵᠢᠢ ᠮᠢᠩ ᠹᠧᠩ ᠠᠴᠠ ᠤᠶᠤᠨᠴᠢᠯᠠᠭᠰᠠᠨ ᠮᠠᠯ ᠠᠵᠤ ᠠᠬᠤᠢ ᠲᠡᠵᠢᠭᠡᠨ ᠦᠷᠡᠵᠢᠭᠦᠯᠬᠦ ᠪᠦᠬᠦ | ᠶᠠᠪᠤᠴᠠ ᠶᠢᠨ ᠮᠠᠰᠢᠨᠴᠢᠯᠠᠯᠲᠠ ᠶᠢᠨ ᠰᠤᠳᠤᠯᠤᠨ ᠦᠢᠯᠡᠳᠪᠦᠷᠢᠯᠡᠵᠦ ᠳᠡᠯᠭᠡᠷᠡᠭᠦᠯᠦᠨ ᠬᠡᠷᠡᠭᠯᠡᠵᠦ ᠪᠠᠶᠢᠭ᠎ᠠ ᠪᠠᠶᠢᠳᠠᠯ ᠢ | ᠭᠦᠨᠵᠡᠭᠡᠢ ᠣᠶᠢᠯᠠᠭᠠᠪᠠ᠃ ᠵᠢᠢ ᠮᠢᠩ ᠹᠧᠩ ᠴᠢᠬᠤᠯᠠᠴᠢᠯᠠᠭᠰᠠᠨ ᠨᠢ᠂ ᠤᠶᠤᠨᠴᠢᠯᠠᠭᠰᠠᠨ ᠲᠠᠷᠢᠶᠠᠯᠠᠩ ᠮᠠᠯ ᠠᠵᠤ | ᠠᠬᠤᠢ ᠶᠢᠨ ᠮᠠᠰᠢᠨ ᠢ ᠰᠤᠳᠤᠯᠤᠨ ᠨᠡᠭᠡᠭᠡᠬᠦ ᠪᠠ ᠬᠡᠷᠡᠭᠯᠡᠬᠦ ᠪᠣᠯ ᠣᠳᠣ ᠦᠶ᠎ᠡ ᠶᠢᠨ ᠲᠠᠷᠢᠶᠠᠯᠠᠩ ᠮᠠᠯ ᠠᠵᠤ | ᠠᠬᠤᠢ ᠶᠢᠨ ᠬᠥᠭᠵᠢᠯᠲᠡ ᠶᠢᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠠᠬᠢᠭᠤᠯᠬᠤ ᠴᠢᠬᠤᠯᠠ | ᠬᠦᠴᠦᠨ ᠮᠥᠨ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ᠂ ᠲᠠᠷᠢᠶᠠᠯᠠᠩ ᠤᠨ ᠮᠠᠰᠢᠨ | ᠬᠡᠷᠡᠭᠯᠡᠭᠡ ᠠᠴᠠ ᠭᠠᠷᠭᠠᠬᠤ ᠨᠥᠬᠦᠪᠥᠷᠢ ᠵᠡᠷᠭᠡ ᠲᠥᠷᠥ ᠶᠢᠨ ᠪᠣᠳᠣᠯᠭ᠎ᠠ ᠳᠤ ᠲᠦᠰᠢᠭᠯᠡᠨ᠂ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠤᠨ ᠳᠡᠮᠵᠢᠵᠦ᠂ ᠤᠶᠤᠨᠴᠢᠯᠠᠭᠰᠠᠨ | ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠢ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠠᠬᠢᠭᠤᠯᠬᠤ ᠬᠡᠷᠡᠭᠲᠡᠢ᠃ ᠠᠵᠤ | ᠦᠢᠯᠡᠰ ᠡᠷᠳᠡᠮ ᠰᠢᠨᠵᠢᠯᠡᠭᠡᠨ ᠰᠤᠳᠤᠯᠤᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠠᠵᠤ ᠦᠢᠯᠡᠰᠵᠢᠭᠦᠯᠦᠨ ᠬᠡᠷᠡᠭᠯᠡᠬᠦ ᠶᠢ ᠠᠬᠢᠭᠤᠯᠵᠤ᠂ ᠣᠳᠣ | ᠦᠶ᠎ᠡ ᠶᠢᠨ ᠲᠠᠷᠢᠶᠠᠯᠠᠩ ᠤᠨ ᠬᠥᠭᠵᠢᠯᠲᠡ ᠳᠤ ᠨᠡᠩ ᠲᠡᠷᠢᠭᠦᠨ ᠤ᠂ ᠲᠣᠬᠢᠷᠠᠮᠵᠢᠲᠠᠢ ᠲᠠᠷᠢᠶᠠᠯᠠᠩ ᠤᠨ ᠮᠠᠰᠢᠨ | ᠲᠣᠨᠣᠭᠯᠠᠯ ᠢ ᠬᠠᠩᠭᠠᠬᠤ ᠬᠡᠷᠡᠭᠲᠡᠢ ᠭᠡᠪᠡ᠃ | | | | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠤᠨ | ᠮᠠᠰᠢᠨ ᠤ ᠲᠣᠮᠣ ᠡᠷᠦᠬᠡ ᠳᠤ ᠬᠦᠷᠴᠦ᠂ ᠲᠠᠷᠢᠶᠠᠯᠠᠩ ᠤᠨ ᠮᠠᠰᠢᠨ ᠪᠠᠭᠠᠵᠢ ᠶᠢ ᠪᠠᠶᠢᠴᠠᠭᠠᠨ ᠵᠠᠰᠠᠵᠤ ᠠᠷᠠᠴᠢᠯᠠᠨ | ᠬᠠᠮᠠᠭᠠᠯᠠᠵᠤ ᠪᠠᠶᠢᠭ᠎ᠠ ᠪᠠᠶᠢᠳᠠᠯ ᠢ ᠪᠠᠶᠢᠴᠠᠭᠠᠨ ᠦᠵᠡᠵᠦ᠂ ᠮᠡᠷᠭᠡᠵᠢᠯ ᠤᠨ ᠦᠢᠯᠡᠴᠢᠯᠡᠭᠡᠨ ᠤ ᠬᠡᠷᠡᠭᠴᠡᠭᠡ ᠪᠠ ᠮᠠᠰᠢᠨ | ᠬᠤᠳᠠᠯᠳᠤᠨ ᠠᠪᠬᠤ ᠬᠦᠰᠡᠯ ᠡᠷᠡᠮᠡᠯᠵᠡᠯ ᠢ ᠯᠠᠪᠯᠠᠨ ᠠᠰᠠᠭᠤᠵᠤ᠂ ᠠᠵᠤ ᠠᠬᠤᠶᠢᠯᠠᠯ ᠤᠨ ᠬᠤᠳᠠᠯᠳᠤᠭᠰᠠᠨ ᠤ | ᠳᠠᠷᠠᠭᠠᠬᠢ ᠦᠢᠯᠡᠴᠢᠯᠡᠭᠡᠨ ᠤ ᠬᠠᠨᠤᠮᠵᠢᠲᠠᠢ ᠪᠠᠶᠢᠬᠤ ᠪᠠᠶᠢᠳᠠᠯ ᠢ ᠣᠶᠢᠯᠠᠭᠠᠪᠠ᠃ ᠲᠠᠷᠢᠶᠠᠯᠠᠩ ᠤᠨ ᠮᠠᠰᠢᠨ ᠤ | ᠬᠤᠷᠰᠢᠶ᠎ᠠ ᠶᠢ ᠰᠤᠷᠪᠤᠯᠵᠢᠯᠠᠭᠰᠠᠨ ᠪᠥᠭᠡᠳ ᠲᠠᠷᠢᠶᠠᠯᠠᠩ ᠤᠨ ᠮᠠᠰᠢᠨ ᠤ ᠪᠠᠲᠤᠯᠠᠭ᠎ᠠ ᠲᠠᠢ ᠪᠠᠶᠢᠳᠠᠯ ᠳᠣᠣᠷ᠎ᠠ᠂ 1 | ᠲᠦᠮᠡ ᠭᠠᠷᠤᠢ ᠮᠦ ᠲᠠᠷᠢᠶᠠᠨ ᠭᠠᠵᠠᠷ ᠢ ᠰᠢᠯᠵᠢᠭᠦᠯᠦᠭᠰᠡᠨ ᠤ ᠳᠠᠷᠠᠭ᠎ᠠ᠂ ᠲᠠᠷᠢᠶᠠᠯᠠᠩ ᠤᠨ ᠮᠠᠰᠢᠨ ᠢᠶᠠᠷ ᠭᠤᠣᠯ | ᠪᠣᠯᠭᠠᠨ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠵᠦ ︽ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ+ ᠲᠠᠷᠢᠶᠠᠴᠢᠨ ᠡᠷᠦᠬᠡ︾ ᠶᠢᠨ ᠬᠤᠣᠰ ᠠᠮᠵᠢᠯᠲᠠ ᠶᠢ ᠣᠯᠤᠭᠰᠠᠨ ᠰᠠᠶᠢᠨ ᠦᠷ᠎ᠡ ᠪᠦᠲᠦᠮᠵᠢ ᠶᠢ | ᠣᠯᠪᠠ᠃ ᠵᠢᠢ ᠮᠢᠩ ᠹᠧᠩ ᠪᠠᠶᠠᠷᠯᠠᠨ ᠵᠢᠭᠠᠵᠤ ᠭᠠᠷᠭᠠᠭᠰᠠᠨ ᠨᠢ᠂ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ | ᠦᠢᠯᠡᠴᠢᠯᠡᠭᠡ ᠶᠢ ᠰᠠᠶᠢᠲᠤᠷ ᠬᠢᠬᠦ ᠨᠢ ᠠᠮᠤ ᠪᠤᠳᠠᠭᠠᠨ ᠤ ᠦᠢᠯᠡᠳᠪᠦᠷᠢᠯᠡᠯ ᠤᠨ ᠪᠠᠲᠤᠯᠠᠭ᠎ᠠ ᠮᠥᠨ᠂ ᠨᠡᠩ ᠴᠤ ᠶᠡᠭᠡ | ᠬᠡᠪᠴᠢᠶ᠎ᠡ ᠪᠠᠷ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠢᠨ ᠲᠤᠯᠭᠠᠭᠤᠷᠢᠯᠠᠯ ᠮᠥᠨ᠃ | ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠲᠤ ᠡᠯ᠎ᠡ ᠲᠥᠷᠥᠯ ᠤᠨ ᠲᠠᠷᠢᠶᠠᠯᠠᠩ ᠤᠨ ᠮᠠᠰᠢᠨ ᠪᠠᠭᠠᠵᠢ ᠶᠢ ᠭᠦᠢᠴᠡᠳ | ᠬᠠᠳᠠᠭᠠᠯᠠᠵᠤ᠂ ᠰᠢᠨ᠎ᠡ ᠮᠠᠰᠢᠨ ᠪᠠᠭᠠᠵᠢ ᠶᠢ ᠲᠠᠰᠤᠷᠠᠯᠲᠠ ᠦᠭᠡᠢ ᠭᠠᠷᠭᠠᠭᠰᠠᠨ ᠢ ᠣᠯᠵᠤ ᠦᠵᠡᠭᠰᠡᠨ ᠵᠢᠢ ᠮᠢᠩ | ᠹᠧᠩ ᠠᠴᠠ᠂ ᠪᠢᠳᠡ ᠲᠠᠷᠢᠶᠠᠯᠠᠩ ᠤᠨ ᠮᠠᠰᠢᠨ ᠲᠣᠨᠤᠭ ᠲᠥᠬᠦᠭᠡᠷᠦᠮᠵᠢ ᠶᠢ ᠰᠤᠳᠤᠯᠤᠨ ᠦᠢᠯᠡᠳᠪᠦᠷᠢᠯᠡᠬᠦ ᠬᠡᠷᠡᠭᠯᠡᠬᠦ ᠶᠢ | ᠨᠢᠭᠡ ᠴᠣᠭᠴᠠᠵᠢᠭᠤᠯᠤᠭᠰᠠᠨ ᠬᠥᠭᠵᠢᠯᠲᠡ ᠶᠢ ᠰᠤᠳᠤᠯᠬᠤ ᠪᠠᠷ ᠳᠠᠮᠵᠢᠨ᠂ ᠮᠠᠨ ᠤ ᠤᠯᠤᠰ ᠤᠨ ᠲᠠᠷᠢᠶᠠᠯᠠᠩ ᠤᠨ | ᠮᠠᠰᠢᠨ ᠲᠣᠨᠣᠭᠯᠠᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠤᠷᠤᠭᠰᠢᠯᠠᠭᠤᠯᠬᠤ ᠮᠥᠷᠲᠡᠭᠡᠨ ᠵᠠᠮ ᠶᠠᠪᠤᠬᠤ | ᠲᠤᠲᠤᠮ ᠤᠷᠤᠭᠰᠢᠯᠠᠵᠤ᠂ ᠡᠭᠦᠨ ᠠᠴᠠ ᠭᠠᠳᠠᠨ᠎ᠠ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡ ᠳᠤ | ᠨᠥᠬᠦᠪᠥᠷᠢ ᠥᠭᠬᠦ ︽ᠰᠢᠯᠢᠳᠡᠭ ᠮᠠᠰᠢᠨ ᠢ ᠦᠨᠳᠦᠷ ᠨᠥᠬᠦᠪᠥᠷᠢᠯᠡᠬᠦ︾ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠲᠦᠷᠭᠡᠳᠬᠡᠵᠦ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢ ᠨᠡᠩ ᠲᠣᠭᠲᠠᠭᠤᠨ ᠢᠶᠠᠷ ᠠᠵᠢᠯᠯᠠᠭᠤᠯᠵᠤ᠂ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ | ᠨᠡᠮᠡᠭᠳᠡᠭᠦᠯᠬᠦ ᠪᠠᠷ ᠪᠠᠷᠠᠬᠤ ᠦᠭᠡᠢ᠂ ᠲᠠᠷᠢᠶᠠᠯᠠᠩ ᠤᠨ ᠮᠠᠰᠢᠨ ᠤ ᠠᠵᠤ ᠦᠢᠯᠡᠰ ᠤᠨ ᠪᠥᠬᠦ ᠬᠡᠯᠬᠢᠶ᠎ᠡ ᠳᠤ ᠠᠵᠢᠯ ᠣᠯᠬᠤ | ᠲᠣᠬᠢᠶᠠᠯ ᠬᠠᠩᠭᠠᠵᠤ᠂ ᠨᠠᠮ ᠤᠨ ᠠᠴᠢ ᠳᠤ ᠲᠠᠯᠠᠷᠬᠠᠨ᠎ᠠ᠃ ᠴᠢᠯᠠᠭᠤᠨ ᠲᠣᠰᠣᠨ ᠤ ᠬᠠᠩᠭᠠᠯᠭ᠎ᠠ ᠶᠢᠨ ᠭᠠᠵᠠᠷ ᠲᠤ | ᠬᠦᠷᠴᠦ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠲᠠᠷᠢᠶᠠᠯᠠᠩ ᠤᠨ ᠮᠠᠰᠢᠨ ᠤ ᠲᠣᠰᠣᠨ ᠤ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠪᠠ ᠲᠠᠷᠢᠶᠠᠴᠢᠨ ᠡᠷᠦᠬᠡ ᠶᠢᠨ ᠲᠣᠰᠣ ᠨᠡᠮᠡᠬᠦ ᠳᠥᠭᠦᠮ ᠳᠥᠲᠡ ᠠᠷᠭ᠎ᠠ ᠬᠡᠮᠵᠢᠶ᠎ᠡ ᠶᠢ | ᠣᠶᠢᠯᠠᠭᠠᠪᠠ᠃ ᠬᠠᠮᠤᠭ ᠤᠨ ᠰᠡᠭᠦᠯ ᠳᠤ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠬᠤᠷᠢᠶᠠᠨ ᠠᠪᠴᠤ | ᠵᠠᠳᠠᠯᠬᠤ ᠠᠵᠤ ᠠᠬᠤᠶᠢᠯᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠵᠤ᠂ ᠠᠵᠢᠯ ᠤᠨ ᠶᠠᠪᠤᠴᠠ ᠶᠢ ᠤᠶᠢᠯᠠᠭᠠᠨ᠂ | ᠮᠠᠯᠴᠢᠨ ᠲᠠᠷᠢᠶᠠᠴᠢᠨ ᠤ ᠲᠠᠷᠢᠶᠠᠯᠠᠩ ᠤᠨ ᠮᠠᠰᠢᠨ ᠤ ᠬᠦᠰᠡᠯ ᠡᠷᠡᠮᠡᠯᠵᠡᠯ ᠪᠠ ᠣᠷᠣᠰᠢᠵᠤ ᠪᠠᠶᠢᠭ᠎ᠠ ᠠᠰᠠᠭᠤᠳᠠᠯ ᠢ | ᠵᠠᠳᠠᠯᠵᠤ᠂ ᠬᠠᠨᠳᠤᠯᠭᠠᠲᠤ ᠴᠢᠨᠠᠷᠲᠠᠢ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠳᠤᠷᠠᠳᠴᠤ᠂ ᠥᠪᠥᠷ ᠮᠣᠩᠭᠤᠯ ᠢ | ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠬᠤ ᠠᠵᠢᠯ ᠤᠨ ᠲᠠᠯ᠎ᠠ ᠪᠠᠷ ᠠᠬᠢᠴᠠ ᠪᠠᠨ ᠲᠦᠷᠭᠡᠳᠬᠡᠵᠦ᠂ ᠥᠪᠥᠷ | ᠮᠣᠩᠭᠤᠯ ᠤᠨ ᠮᠠᠯᠴᠢᠨ ᠲᠠᠷᠢᠶᠠᠴᠢᠨ ᠳᠤ ᠨᠡᠩ ᠣᠯᠠᠨ ᠪᠣᠳᠠᠲᠤ ᠠᠰᠢᠭ ᠬᠦᠷᠲᠡᠭᠡᠬᠦ ᠶᠢ ᠪᠠᠲᠤᠯᠠᠬᠤ ᠬᠡᠷᠡᠭᠲᠡᠢ ᠭᠡᠵᠦ | ᠱᠠᠭᠠᠷᠳᠠᠪᠠ᠃ | ᠪᠠᠶᠢᠴᠠᠭᠠᠨ ᠰᠤᠳᠤᠯᠤᠯᠲᠠ ᠶᠢᠨ ᠶᠠᠪᠤᠴᠠ ᠳᠤ᠂ ᠵᠢᠢ ᠮᠢᠩ ᠹᠧᠩ ᠴᠢᠬᠤᠯᠠᠴᠢᠯᠠᠭᠰᠠᠨ ᠨᠢ᠂ ᠣᠷᠣᠨ | ᠨᠤᠲᠤᠭ ᠤᠨ ᠵᠠᠰᠠᠭ ᠤᠨ ᠣᠷᠳᠣᠨ ᠪᠣᠯᠤᠨ ᠡᠯ᠎ᠡ ᠱᠠᠲᠤᠨ ᠤ ᠲᠠᠷᠢᠶᠠᠯᠠᠩ ᠤᠨ ᠮᠠᠰᠢᠨ ᠤ ᠰᠠᠯᠠᠭ᠎ᠠ ᠮᠥᠴᠢᠷ ᠤᠨ ᠬᠢᠨ | ᠶᠡᠷᠦᠩᠬᠡᠢ ᠱᠦᠵᠢ ᠰᠢ ᠶᠢᠨ ᠫᠢᠩ ᠤᠨ ︽ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ︾ ᠤ ᠠᠵᠢᠯ ᠤᠨ ᠲᠤᠬᠠᠢ | ᠴᠢᠬᠤᠯᠠ ᠥᠭᠦᠯᠡᠯᠲᠡ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠬᠥᠳᠡᠭᠡ ᠲᠣᠰᠬᠤᠨ ᠤ | ᠠᠵᠢᠯ ᠤᠨ ᠬᠤᠷᠠᠯ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠠᠷᠢᠶᠠᠯᠠᠩ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ︽ᠮᠢᠩᠭᠠᠨ | ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ | ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ | ᠠᠬᠢᠭᠤᠯᠬᠤ ᠬᠡᠷᠡᠭᠲᠡᠢ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ᠂ ᠬᠡᠷᠡᠭᠯᠡᠭᠡᠨ ᠠᠴᠠ ᠭᠠᠷᠭᠠᠬᠤ | ᠨᠥᠬᠦᠪᠥᠷᠢ ᠵᠡᠷᠭᠡ ᠲᠥᠷᠥ ᠶᠢᠨ ᠪᠣᠳᠣᠯᠭ᠎ᠠ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠲᠠᠷᠢᠶᠠᠯᠠᠩ ᠤᠨ ᠮᠠᠰᠢᠨ | ᠲᠣᠨᠣᠭᠯᠠᠯ ᠤᠨ ᠲᠦᠪᠰᠢᠨ ᠢ ᠳᠡᠭᠡᠭᠰᠢᠯᠡᠭᠦᠯᠵᠦ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ | ᠬᠥᠭᠵᠢᠯᠲᠡ ᠶᠢ ᠠᠬᠢᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠪᠣᠯᠪᠠᠰᠤᠷᠠᠯ ᠤᠨ | ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠲᠠᠷᠢᠶᠠᠴᠢᠨ ᠡᠷᠦᠬᠡ ᠶᠢᠨ ᠲᠥᠷᠥ ᠶᠢᠨ ᠪᠣᠳᠣᠯᠭ᠎ᠠ ᠶᠢᠨ ᠠᠭᠤᠯᠭ᠎ᠠ | ᠪᠠ ᠠᠵᠢᠯᠯᠠᠭᠠᠨ ᠤ ᠶᠠᠪᠤᠴᠠ ᠶᠢ ᠭᠦᠢᠴᠡᠳ ᠣᠶᠢᠯᠠᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠪᠡᠯᠡ ᠮᠥᠩᠭᠦ ᠶᠢ | ᠬᠢᠨᠠᠨ ᠬᠠᠮᠢᠶᠠᠷᠬᠤ ᠪᠠ ᠬᠢᠨᠠᠨ ᠬᠠᠷᠭᠤᠭᠤᠯᠬᠤ ᠡᠷᠴᠢᠮ ᠢᠶᠠᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠪᠡᠯᠡ | ᠮᠥᠩᠭᠦ ᠶᠢ ᠥᠷᠭᠡᠨ ᠣᠯᠠᠨ ᠲᠠᠷᠢᠶᠠᠴᠢᠨ ᠡᠷᠦᠬᠡ ᠳᠤ ᠦᠨᠡᠨ ᠬᠦ ᠬᠦᠷᠲᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠢ | ᠭᠡᠪᠡ᠃ ᠪᠠᠶᠢᠴᠠᠭᠠᠨ ᠰᠤᠳᠤᠯᠬᠤ ᠶᠠᠪᠤᠴᠠ ᠳᠤ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ ᠤᠨ ᠪᠠᠷ᠎ᠠ ᠪᠣᠯᠤᠭᠰᠠᠳ ᠥᠪᠥᠷ ᠮᠣᠩᠭᠤᠯ ᠤᠨ ᠲᠠᠷᠢᠶᠠᠯᠠᠩ ᠤᠨ | ᠮᠠᠰᠢᠨᠴᠢᠯᠠᠯᠲᠠ ᠶᠢᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠪᠠ | ᠬᠡᠷᠡᠭᠴᠡᠭᠡ ᠱᠠᠭᠠᠷᠳᠠᠯᠭ᠎ᠠ ᠶᠢ ᠬᠠᠷᠢᠭᠤ ᠮᠡᠳᠡᠭᠦᠯᠪᠡ᠃ ᠵᠢᠢ ᠮᠢᠩ ᠹᠧᠩ ᠵᠢᠭᠠᠵᠤ ᠭᠠᠷᠭᠠᠭᠰᠠᠨ ᠨᠢ᠂ ᠥᠪᠥᠷ ᠮᠣᠩᠭᠤᠯ | ᠨᠢ ᠠᠮᠤ ᠪᠤᠳᠠᠭᠠᠨ ᠤ ᠦᠢᠯᠡᠳᠪᠦᠷᠢᠯᠡᠯ ᠤᠨ ᠲᠣᠮᠣ ᠣᠷᠣᠨ ᠪᠣᠯᠤᠭᠰᠠᠨ ᠤ ᠬᠤᠪᠢ ᠳᠤ᠂ ᠲᠠᠷᠢᠶᠠᠨ ᠭᠠᠵᠠᠷ ᠤᠨ | ᠲᠠᠯᠠᠪᠠᠢ ᠶᠡᠭᠡ᠂ ᠲᠠᠷᠢᠶᠠᠨ ᠭᠠᠵᠠᠷ ᠠᠭᠤᠳᠠᠮ ᠪᠠᠶᠢᠵᠤ᠂ ᠲᠠᠷᠢᠶᠠᠯᠠᠩ ᠤᠨ ᠮᠠᠰᠢᠨᠴᠢᠯᠠᠯᠲᠠ ᠶᠢᠨ ᠬᠡᠷᠡᠭᠯᠡᠭᠡᠨ ᠤ ᠪᠠᠶᠢᠳᠠᠯ | ᠥᠷᠭᠡᠨ ᠠᠭᠤᠳᠠᠮ᠂ ᠮᠠᠯᠴᠢᠨ ᠲᠠᠷᠢᠶᠠᠴᠢᠨ ᠰᠢᠨ᠎ᠡ ᠮᠠᠰᠢᠨ ᠪᠠᠭᠠᠵᠢ ᠰᠢᠨ᠎ᠡ ᠮᠡᠷᠭᠡᠵᠢᠯ ᠢ ᠬᠦᠯᠢᠶᠡᠨ ᠠᠪᠬᠤ ᠨᠢ | ᠲᠦᠷᠭᠡᠨ ᠪᠠᠶᠢᠵᠤ᠂ ᠥᠪᠥᠷ ᠮᠣᠩᠭᠤᠯ ᠤᠨ ᠲᠠᠷᠢᠶᠠᠯᠠᠩ ᠤᠨ ᠮᠠᠰᠢᠨᠴᠢᠯᠠᠯᠲᠠ ᠶᠢᠨ ᠠᠵᠢᠯ ᠢ ᠨᠤᠲᠠᠯᠠᠵᠤ᠂ | ᠳᠠᠷᠠᠭᠠᠴᠢ ᠶᠢᠨ ᠠᠯᠬᠤᠮ ᠳᠤ ᠥᠪᠥᠷ ᠮᠣᠩᠭᠤᠯ ᠤᠨ ᠲᠠᠷᠢᠶᠠᠯᠠᠩ ᠤᠨ ᠮᠠᠰᠢᠨᠴᠢᠯᠠᠯᠲᠠ ᠳᠤ ᠢᠳᠡᠪᠬᠢᠲᠡᠢ ᠳᠡᠮᠵᠢᠯᠭᠡ | ᠣᠯᠭᠤᠨ᠎ᠠ ᠭᠡᠵᠡᠢ᠃ |