︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ ᠤᠨ ︿ᠣᠳᠣᠨ ᠠᠶᠢᠯ ᠲᠣᠰᠬᠤᠨ﹀᠂ | ︿ᠣᠳᠣᠨ ᠲᠠᠷᠢᠶᠠᠴᠢᠨ﹀ ᠢ ᠪᠤᠶᠢᠵᠢᠭᠤᠯᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠲᠠᠷᠢᠶᠠᠯᠠᠩ ᠠᠯᠪᠠᠨ ﹇2020﹈ | 1 ᠳ᠋ᠦ᠋ᠭᠡᠷ ᠲᠣᠭᠠᠲᠤ︶ ᠢ ᠦᠨᠳᠦᠰᠦᠯᠡᠨ᠂ ︽ᠣᠳᠣᠨ ᠠᠶᠢᠯ ᠲᠣᠰᠬᠤᠨ︾ ︽ᠣᠳᠣᠨ ᠲᠠᠷᠢᠶᠠᠴᠢᠨ︾ ᠤ ᠪᠠᠶᠢᠳᠠᠯ ᠢ | ᠣᠶᠢᠯᠠᠭᠠᠵᠤ ᠲᠠᠨᠢᠯᠴᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠪᠡᠶ᠎ᠡ ᠪᠠᠨ ᠳᠠᠭᠠᠭᠠᠵᠤ ᠭᠤᠶᠤᠴᠢᠯᠠᠨ | ᠮᠡᠳᠡᠭᠦᠯᠬᠦ᠂ ᠠᠶᠢᠮᠠᠭ ᠬᠤᠲᠠ ᠶᠢᠨ ᠲᠠᠨᠢᠯᠴᠠᠭᠤᠯᠬᠤ᠂ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠵᠡᠷᠭᠡ ᠳᠡᠰ | ᠳᠠᠷᠠᠭᠠᠯᠠᠯ ᠢᠶᠠᠷ ᠳᠠᠮᠵᠢᠨ᠂ ᠣᠳᠣ ᠠᠵᠤ ᠦᠢᠯᠡᠰ ᠤᠨ ᠡᠯᠧᠺᠲᠷᠣᠨ ᠬᠤᠳᠠᠯᠳᠤᠭᠠᠨ ᠤ ᠲᠣᠰᠬᠤᠨ᠂ ᠠᠮᠤᠭᠤᠯᠠᠩ | ᠦᠵᠡᠰᠬᠦᠯᠡᠩ ᠬᠥᠳᠡᠭᠡ ᠲᠣᠰᠬᠤᠨ ᠪᠠ ᠣᠳᠣᠨ ᠲᠠᠷᠢᠶᠠᠴᠢᠨ ᠤ ᠲᠠᠨᠢᠯᠴᠠᠭᠤᠯᠭ᠎ᠠ ᠶᠢᠨ ᠨᠡᠷᠡᠰ ᠢ ᠵᠠᠷᠯᠠᠨ ᠨᠡᠶᠢᠲᠡᠯᠡᠵᠦ᠂ | ᠵᠠᠷᠯᠠᠨ ᠨᠡᠶᠢᠲᠡᠯᠡᠬᠦ ᠬᠤᠭᠤᠴᠠᠭ᠎ᠠ ᠨᠢ 2025 ᠣᠨ ᠤ 3 ᠰᠠᠷ᠎ᠠ ᠶᠢᠨ 7 ᠤ ᠡᠳᠦᠷ ᠠᠴᠠ 3 ᠰᠠᠷ᠎ᠠ ᠶᠢᠨ 13 ᠤ | ᠡᠳᠦᠷ ᠪᠣᠯᠲᠠᠯ᠎ᠠ᠂ ᠡᠨᠡ ᠬᠤᠭᠤᠴᠠᠭᠠᠨ ᠳᠤ ᠬᠡᠷᠪᠡ ᠣᠨᠳᠣᠣ ᠰᠠᠨᠠᠯ ᠲᠠᠢ ᠪᠠᠶᠢᠪᠠᠯ᠂ ᠦᠨᠡᠨ ᠨᠡᠷ᠎ᠡ ᠪᠠᠷ ᠢᠶᠠᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ ᠵᠠᠬ᠎ᠠ ᠳᠡᠯᠭᠡᠭᠦᠷ ᠪᠠ ᠭᠠᠳᠠᠭᠠᠳᠤ ᠬᠠᠮᠲᠤᠷᠠᠯᠴᠠᠭᠠᠨ ᠤ ᠭᠠᠵᠠᠷ ᠲᠤ ᠳᠤᠰᠬᠠᠭᠠᠷᠠᠢ᠃ | ᠪᠠᠶᠢᠳᠠᠯ ᠢ ᠲᠤᠰᠬᠠᠬᠤ ᠳᠠᠭᠠᠨ ᠦᠨᠡᠨ ᠠᠴᠠ ᠵᠥᠪ ᠢ ᠡᠷᠢᠬᠦ ᠶᠢᠨ ᠬᠠᠮᠲᠤ ᠭᠡᠷᠡᠴᠢ ᠮᠠᠲ᠋ᠧᠷᠢᠶᠠᠯ ᠬᠠᠩᠭᠠᠬᠤ ᠬᠡᠷᠡᠭᠲᠡᠢ᠃ | ᠬᠠᠷᠢᠯᠴᠠᠬᠤ ᠤᠲᠠᠰᠤ᠄ 0471 - 6652115 | ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ | ᠲᠣᠭᠤᠷᠢᠭ ᠤᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠲᠣᠭᠠᠲᠤ | | | ᠳᠠᠭᠠᠯᠳᠤᠭᠤᠯᠤᠯ᠄ 1.ᠠᠵᠤ ᠦᠢᠯᠡᠰ ᠤᠨ ᠡᠯᠧᠺᠲᠷᠣᠨ ᠬᠤᠳᠠᠯᠳᠤᠭᠠᠨ ᠤ ᠲᠣᠰᠬᠤᠨ ᠤ ᠲᠠᠨᠢᠯᠴᠠᠭᠤᠯᠬᠤ | ᠨᠡᠷᠡᠰ | 2.ᠠᠮᠤᠭᠤᠯᠠᠩ ᠦᠵᠡᠰᠬᠦᠯᠡᠩ ᠬᠥᠳᠡᠭᠡ ᠲᠣᠰᠬᠤᠨ ᠢ ᠲᠠᠨᠢᠯᠴᠠᠭᠤᠯᠬᠤ ᠨᠡᠷᠡᠰ | 3.︽ᠣᠳᠣᠨ ᠲᠠᠷᠢᠶᠠᠴᠢᠨ︾ ᠢ ᠲᠠᠨᠢᠯᠴᠠᠭᠤᠯᠬᠤ ᠨᠡᠷᠡᠰ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ | 2025 ᠣᠨ ᠤ 3 ᠰᠠᠷ᠎ᠠ ᠶᠢᠨ 6 ᠤ ᠡᠳᠦᠷ | |