ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠵᠢᠴᠢ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2025/3/7
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ︽ᠵᠢᠷᠭᠤᠭᠠᠨ ᠠᠵᠢᠯᠯᠠᠭ᠎ᠠ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠰᠤᠳᠤᠯᠤᠨ ᠪᠠᠶᠢᠷᠢᠯᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠨᠡᠩ ᠰᠠᠶᠢᠲᠤᠷ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 6 ᠤ ᠡᠳᠦᠷ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠵᠢᠴᠢ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢᠨ ᠪᠣᠯᠪᠠᠰᠤᠷᠠᠯ ᠤᠨ ᠠᠩᠭᠢ ᠶᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠬᠠᠢ ᠱᠠᠨ ᠪᠣᠯᠪᠠᠰᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠸᠧᠢ ᠵᠢᠶᠧ ᠪᠣᠯᠪᠠᠰᠤᠷᠠᠯ ᠢ ᠡᠷᠬᠢᠯᠡᠪᠡ᠃
1.png
      ᠪᠣᠯᠪᠠᠰᠤᠷᠠᠯ ᠤᠨ ᠠᠩᠭᠢ ᠠᠴᠠ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠴᠢᠨ ᠤᠷᠢᠬᠤ ᠡᠯᠴᠢᠨ ᠰᠠᠶᠢᠳ ᠵᠢᠶᠠ ᡁᠢ ᠭᠠᠩ ᠢ ᠤᠷᠢᠵᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠷᠭ᠎ᠠ ᠪᠣᠳᠣᠯᠭ᠎ᠠ ᠬᠢᠭᠡᠳ ᠦᠢᠯᠡᠳᠦᠯᠭᠡ ᠬᠢᠯᠭᠡᠵᠦ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠸᠧᠢ ᠵᠢᠶᠧ ᠠᠴᠠ 2024 ᠣᠨ ᠤ ᠲᠥᠷᠥᠯ ᠵᠦᠢᠯ ᠤᠨ ᠪᠡᠯᠡ ᠮᠥᠩᠭᠦ ᠶᠢ ᠬᠡᠷᠡᠭᠵᠢᠭᠦᠯᠦᠭᠰᠡᠨ ᠠᠬᠢᠴᠠ ᠵᠢᠴᠢ 2025 ᠣᠨ ᠤ ᠡᠳ᠋ ᠤᠨ ᠵᠠᠰᠠᠭ ᠤᠨ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠲᠦᠯᠦᠪᠯᠡᠭᠡ ᠡᠳ᠋ ᠤᠨ ᠶᠠᠪᠤᠳᠠᠯ ᠤᠨ ᠭᠠᠵᠠᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢᠨ ᠡᠭᠦᠷᠭᠡ ᠶᠢᠨ ᠨᠠᠷᠢᠨ ᠳᠠᠩᠰᠠ ᠶᠢ ᠲᠠᠨᠢᠯᠴᠠᠭᠤᠯᠪᠠ᠃ ᠬᠢᠩᠭᠠᠨ ᠠᠶᠢᠮᠠᠭ᠂ ᠲᠦᠩᠯᠢᠶᠣᠤ ᠬᠤᠲᠠ᠂ ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠤᠷᠰᠢᠯᠭ᠎ᠠ ᠪᠠᠨ ᠬᠤᠪᠢᠶᠠᠯᠴᠠᠪᠠ᠃      ᠪᠣᠯᠪᠠᠰᠤᠷᠠᠯ ᠤᠨ ᠠᠩᠭᠢ ᠠᠴᠠ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠡᠯ᠎ᠡ ᠠᠵᠢᠯ ᠲᠥᠷᠥᠯ ᠤᠨ ᠭᠠᠵᠠᠷ ᠠᠯᠪᠠᠨ ᠭᠡᠷ ᠲᠣᠪᠴᠢᠶ᠎ᠠ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠥᠷᠥᠯ ᠵᠦᠢᠯ ᠢ ᠶᠡᠭᠡ ᠪᠠᠷ ᠠᠳᠬᠤᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠳᠠᠭᠠᠭᠤᠯᠤᠨ ᠬᠢᠵᠦ᠂ ᠪᠡᠶ᠎ᠡ ᠪᠠᠷ ᠢᠶᠠᠨ ᠠᠳᠬᠤᠵᠤ᠂ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠠᠵᠢᠯ ᠢᠶᠠᠨ ᠦᠨᠡᠨ ᠬᠦ ᠬᠢᠬᠦ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠯᠢᠪᠠ ᠪᠦᠬᠦᠨ ᠳᠤ ᠲᠥᠷᠥᠯ ᠵᠦᠢᠯ ᠢ ᠠᠩᠬᠠᠷᠴᠤ᠂ ᠲᠥᠷᠥᠯ ᠵᠦᠢᠯ ᠢ ᠲᠣᠭᠤᠷᠢᠨ ᠦᠵᠡᠵᠦ᠂ ᠲᠥᠷᠥᠯ ᠵᠦᠢᠯ ᠢ ᠠᠳᠬᠤᠵᠤ᠂ ᠡᠷᠲᠡᠬᠡᠨ ᠠᠵᠢᠯ ᠡᠬᠢᠯᠡᠭᠦᠯᠵᠦ᠂ ᠪᠣᠳᠠᠲᠤ ᠪᠣᠳᠠᠰ ᠤᠨ ᠬᠡᠮᠵᠢᠶ᠎ᠡ ᠶᠢ ᠲᠦᠷᠭᠡᠨ ᠪᠦᠷᠢᠯᠳᠦᠭᠦᠯᠵᠦ᠂ ᠨᠢᠭᠡᠳᠦᠭᠡᠷ ᠤᠯᠠᠷᠢᠯ ᠳᠤ ᠰᠠᠶᠢᠨ ᠡᠬᠢᠯᠡᠯᠲᠡ ᠲᠠᠢ᠂ ᠯᠠᠪᠳᠠᠭᠤᠨ ᠪᠠᠲᠤᠲᠠᠢ ᠪᠠᠶᠢᠬᠤ ᠶᠢ ᠪᠠᠲᠤᠯᠠᠵᠤ᠂ ᠪᠦᠬᠦ ᠵᠢᠯ ᠳᠤ ᠰᠠᠶᠢᠨ ᠡᠬᠢᠯᠡᠯᠲᠡ ᠲᠠᠢ᠂ ᠪᠦᠬᠦ ᠵᠢᠯ ᠳᠤ ᠯᠠᠪᠳᠠᠭᠤᠨ ᠪᠠᠲᠤᠲᠠᠢ ᠰᠠᠭᠤᠷᠢ ᠲᠠᠯᠪᠢᠵᠤ ᠥᠭᠬᠦ ᠬᠡᠷᠡᠭᠲᠡᠢ᠃ ᠴᠠᠭ ᠤᠨ ᠵᠠᠩᠭᠢᠶᠠᠰᠤ ᠶᠣᠰᠣᠭᠠᠷ᠂ 2025 ᠣᠨ ᠤ ᠴᠢᠬᠤᠯᠠ ᠶᠡᠭᠡ ᠲᠥᠷᠥᠯ ᠵᠦᠢᠯ ᠤᠨ ᠨᠠᠷᠢᠨ ᠬᠠᠭᠤᠳᠠᠰᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠷᠥᠯ ᠵᠦᠢᠯ ᠤᠨ ᠠᠩᠬ᠎ᠠ ᠠᠯᠬᠤᠮ ᠤᠨ ᠲᠥᠯᠥᠪᠵᠢᠭᠦᠯᠭᠡ ᠶᠢᠨ ᠨᠠᠷᠢᠨ ᠬᠠᠭᠤᠳᠠᠰᠤ᠂ 2026 ᠣᠨ ᠤ ᠴᠢᠬᠤᠯᠠ ᠶᠡᠭᠡ ᠲᠥᠷᠥᠯ ᠵᠦᠢᠯ ᠤᠨ ᠨᠠᠷᠢᠨ ᠬᠠᠭᠤᠳᠠᠰᠤ ᠵᠡᠷᠭᠡ ︽ᠭᠤᠷᠪᠠᠨ ᠨᠠᠷᠢᠨ ᠬᠠᠭᠤᠳᠠᠰᠤ︾ ᠶᠢ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
2.png
      ᠲᠢᠩᠬᠢᠮ ᠤᠨ ᠪᠠᠶᠢᠭᠤᠯᠭ᠎ᠠ ᠶᠢᠨ ᠡᠯ᠎ᠡ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠲᠣᠪᠴᠢᠶ᠎ᠠ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠲᠥᠷᠥᠯ ᠵᠦᠢᠯ ᠢ ᠲᠥᠯᠥᠪᠯᠡᠬᠦ ᠠᠵᠢᠯ ᠤᠨ ᠳᠤᠭᠤᠶᠢᠯᠠᠩ᠂ ᠬᠡᠰᠡᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠥᠯᠥᠭᠡᠯᠡᠭᠴᠢ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠵᠢᠴᠢ ᠲᠤᠬᠠᠶᠢᠯᠠᠭᠰᠠᠨ ᠠᠵᠢᠯ ᠤᠨ ᠠᠵᠢᠯᠲᠠᠳ ᠪᠣᠯᠪᠠᠰᠤᠷᠠᠯ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号