2024 ᠣᠨ ᠤ ᠲᠥᠮᠥᠰᠥ ᠪᠣᠯᠪᠠᠰᠤᠷᠠᠭᠤᠯᠬᠤ ᠵᠠᠬᠢᠶᠠᠯᠠᠭ᠎ᠠ ᠶᠢᠨ ᠨᠥᠬᠦᠪᠦᠷᠢ ᠪᠡᠯᠡ ᠮᠥᠩᠭᠦ ᠶᠢᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2025/3/7
      ︽ᠲᠥᠮᠥᠰᠥᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ  ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠲᠠᠷᠢᠶᠠᠯᠠᠩ ᠮᠠᠯ ᠲᠠᠷᠢᠮᠠᠯ ᠲᠠᠷᠬᠠᠭᠠᠭᠰᠠᠨ ﹇2021﹈ 154 ᠳ᠋ᠤᠭᠡᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ  ᠡᠳ᠋ ᠤᠨ ᠵᠠᠰᠠᠭ ᠤᠨ ᠲᠢᠩᠬᠢᠮ ᠤᠨ ᠲᠥᠮᠥᠰᠥᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠤᠬᠠᠢ ᠨᠥᠬᠦᠪᠦᠷᠢ ᠮᠡᠳᠡᠭᠳᠡᠯ︾ ︵ᠥᠪᠥᠷ ᠲᠠᠷᠢᠶᠠᠯᠠᠩ ᠮᠠᠯ ᠪᠣᠯᠪᠠᠰᠤᠷᠠᠭᠤᠯᠬᠤ ᠲᠠᠷᠬᠠᠭᠠᠭᠰᠠᠨ ﹇2024﹈ 632 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠠᠶᠢᠮᠠᠭ ᠬᠤᠲᠠ ᠶᠢᠨ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠬᠦ᠂ ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ᠂ ᠵᠠᠷᠯᠠᠨ ᠨᠡᠶᠢᠲᠡᠯᠡᠬᠦ᠂ ᠥᠪᠡᠷᠲᠡᠭᠡᠨ ᠵᠠᠰᠠᠬᠤ ᠣᠷᠣᠨ ᠠᠴᠠ ᠬᠢᠨᠠᠨ ᠬᠠᠷᠭᠤᠭᠤᠯᠬᠤ ᠪᠠᠷ ᠳᠡᠮᠵᠢᠨ᠂ ᠡᠳᠦᠭᠡ 2024 ᠣᠨ ᠤ ᠬᠤᠯᠪᠣᠭᠳᠠᠯ ᠪᠦᠬᠦᠢ ᠠᠶᠢᠮᠠᠭ ᠬᠤᠲᠠ ᠶᠢᠨ ᠳᠡᠭᠡᠭᠰᠢ ᠮᠡᠳᠡᠭᠦᠯᠦᠭᠰᠡᠨ ᠲᠥᠮᠥᠰᠥ ᠪᠣᠯᠪᠠᠰᠤᠷᠠᠭᠤᠯᠬᠤ ᠶᠢᠨ ᠵᠠᠬᠢᠶᠠᠯᠠᠭ᠎ᠠ ᠶᠢᠨ ᠨᠥᠬᠦᠪᠦᠷᠢ ᠪᠡᠯᠡ ᠮᠥᠩᠭᠦ ᠭᠤᠶᠤᠴᠢᠯᠠᠭᠰᠠᠨ ᠪᠠᠶᠢᠳᠠᠯ ᠢ ᠵᠠᠷᠯᠠᠨ ᠨᠡᠶᠢᠲᠡᠯᠡᠵᠤ ᠪᠠᠶᠢᠨ᠎ᠠ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 15 ᠡᠳᠦᠷ ᠪᠣᠯᠣᠨ᠎ᠠ᠃ ᠬᠡᠷᠪᠡ ᠵᠠᠷᠯᠠᠨ ᠨᠡᠶᠢᠲᠡᠯᠡᠬᠦ ᠬᠤᠭᠤᠴᠠᠭᠠᠨ ᠳᠤ ᠣᠨᠳᠣᠣ ᠰᠠᠨᠠᠯ ᠲᠠᠢ ᠪᠣᠯ ᠴᠠᠭ ᠲᠤᠬᠠᠢ ᠳᠤᠨᠢ ᠥᠪᠡᠷᠲᠡᠭᠡᠨ ᠵᠠᠰᠠᠬᠤ ᠣᠷᠣᠨ  ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠳᠤ ᠳᠤᠰᠬᠠᠭᠠᠷᠠᠢ᠃      ᠬᠠᠷᠢᠯᠴᠠᠬᠤ ᠬᠥᠮᠥᠨ᠄ ᠶᠢᠨ ᠬᠤᠶ      ᠬᠠᠷᠢᠯᠴᠠᠬᠤ ᠤᠲᠠᠰᠤ᠄ 0471-6652138      ᠳᠠᠭᠠᠯᠳᠤᠭᠤᠯᠤᠯ᠄ 2024 ᠣᠨ ᠤ ᠲᠥᠮᠥᠰᠥ ᠪᠣᠯᠪᠠᠰᠤᠷᠠᠭᠤᠯᠬᠤ ᠵᠠᠬᠢᠶᠠᠯᠠᠭ᠎ᠠ ᠶᠢᠨ ᠨᠥᠬᠦᠪᠦᠷᠢ ᠪᠡᠯᠡ ᠮᠥᠩᠭᠦ ᠶᠢᠨ ᠭᠤᠶᠤᠴᠢᠯᠠᠯ ᠤᠨ ᠬᠦᠰᠦᠨᠦᠭᠲᠦ                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                       ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                                2025 ᠣᠨ ᠤ 3 ᠰᠠᠷ᠎ᠠ ᠶᠢᠨ 7 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号