ᠨᠢᠭᠡ ᠳᠤ᠂ ᠠᠩᠬ᠎ᠠ ᠲᠥᠯᠯᠡᠬᠦ ᠬᠤᠨᠢᠨ ᠤ ᠬᠥᠩᠭᠡᠵᠢᠯᠲᠡ ᠶᠢᠨ ᠵᠠᠮ ᠢᠪᠴᠤᠤ ᠪᠠᠶᠢᠬᠤ ᠪᠠᠶᠢᠳᠠᠯ ᠳᠤ | ᠴᠢᠭᠯᠡᠭᠦᠯᠦᠨ᠂ ᠮᠡᠷᠭᠡᠵᠢᠯ ᠤᠨ ᠠᠵᠢᠯᠲᠠᠨ ᠪᠠ ᠬᠡᠷᠡᠭᠴᠡᠭᠡ ᠪᠦᠬᠦᠢ ᠡᠮ ᠤᠨ ᠪᠠᠭᠠᠵᠢ ᠬᠡᠷᠡᠭᠰᠡᠯ ᠢ ᠡᠷᠲᠡᠬᠡᠨ ᠪᠡᠯᠡᠳᠬᠡᠵᠦ᠂ | ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠪᠡᠷᠬᠡ ᠬᠥᠩᠭᠡᠵᠢᠯᠲᠡ ᠭᠠᠷᠪᠠᠯ ᠴᠠᠭ ᠲᠤᠬᠠᠢ ᠳᠤᠨᠢ | ᠬᠥᠮᠥᠨ ᠤ ᠬᠦᠴᠦ ᠪᠠᠷ ᠲᠥᠯᠯᠡᠭᠦᠯᠵᠦ᠂ ᠡᠮ᠎ᠡ ᠬᠤᠨᠢ ᠪᠠ ᠬᠤᠷᠠᠭ᠎ᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ | ᠬᠤᠶᠠᠷ ᠲᠤ᠂ ᠡᠮ᠎ᠡ ᠬᠤᠨᠢᠨ ᠤ ᠰᠦ ᠬᠦᠷᠦᠯᠴᠡᠬᠦ ᠦᠭᠡᠢ ᠪᠠᠶᠢᠳᠠᠯ ᠳᠤ ᠴᠢᠭᠯᠡᠭᠦᠯᠦᠨ᠂ ᠲᠥᠯᠯᠡᠬᠦ ᠠᠴᠠ | ᠡᠮᠦᠨᠡᠬᠢ ᠬᠤᠭᠤᠴᠠᠭᠠᠨ ᠤ ᠠᠷᠠᠴᠢᠯᠠᠯᠲᠠ ᠬᠠᠮᠢᠶᠠᠷᠤᠯᠲᠠ ᠶᠢ ᠴᠢᠩᠭᠠᠳᠬᠠᠬᠤ ᠠᠴᠠ ᠭᠠᠳᠠᠨ᠎ᠠ᠂ ᠬᠤᠷᠠᠭᠠᠨ ᠳᠤ | ᠭᠦᠢᠴᠡᠳ ᠬᠡᠮᠵᠢᠶᠡᠨ ᠤ ᠰᠦ ︵ᠦᠵᠦᠮ ᠤᠨ ᠰᠢᠬᠢᠷ ᠤᠨ ᠲᠠᠯᠬ᠎ᠠ᠂ ᠦᠨᠢᠶᠡᠨ ᠰᠦ᠂ ᠠᠰᠠᠷᠠᠭᠴᠢ︶ ᠪᠡᠯᠡᠳᠬᠡᠵᠦ᠂ | ᠬᠤᠷᠠᠭᠠᠨ ᠤ ᠲᠣᠭᠲᠠᠭᠰᠠᠨ ᠴᠠᠭ ᠲᠠᠭᠠᠨ ᠤᠭᠤᠷᠠᠭ ᠰᠦ ᠢᠳᠡᠬᠦ ᠶᠢ ᠪᠠᠲᠤᠯᠠᠬᠤ ᠠᠴᠠ ᠭᠠᠳᠠᠨ᠎ᠠ᠂ ᠭᠦᠢᠴᠡᠳ | ᠬᠡᠮᠵᠢᠶᠡᠨ ᠤ ᠰᠦ ᠨᠥᠬᠦᠪᠦᠷᠢᠯᠡᠵᠦ᠂ ᠬᠤᠷᠠᠭᠠᠨ ᠤ ᠥᠰᠦᠯᠲᠡ ᠪᠤᠶᠢᠵᠢᠯᠲᠠ ᠶᠢᠨ ᠱᠠᠭᠠᠷᠳᠠᠯᠭ᠎ᠠ ᠶᠢ ᠪᠠᠲᠤᠯᠠᠨ᠎ᠠ᠃ | ᠭᠤᠷᠪᠠ ᠳᠤ᠂ ᠠᠩᠬ᠎ᠠ ᠲᠥᠯᠯᠡᠬᠦ ᠬᠤᠨᠢᠨ ᠤ ᠬᠤᠷᠠᠭ᠎ᠠ ᠪᠠᠨ ᠠᠪᠬᠤ ᠴᠢᠨᠠᠷ ᠨᠢ ᠨᠡᠶᠢᠳᠡᠮ ᠳᠡᠭᠡᠨ ᠠᠨᠠᠢ | ᠪᠠᠶᠢᠬᠤ ᠪᠣᠳᠠᠲᠤ ᠪᠠᠶᠢᠳᠠᠯ ᠳᠤ ᠴᠢᠭᠯᠡᠭᠦᠯᠦᠨ᠂ ᠬᠠᠮᠢᠶ᠎ᠠ ᠪᠦᠬᠦᠢ ᠲᠥᠬᠦᠭᠡᠷᠦᠮᠵᠢ ᠶᠢ ᠰᠠᠶᠢᠲᠤᠷ ᠲᠣᠬᠢᠷᠠᠭᠤᠯᠵᠤ᠂ | ᠲᠤᠰᠬᠠᠢ ᠬᠦᠷᠢᠶ᠎ᠡ ᠬᠠᠰᠢᠶ᠎ᠠ ᠶᠢ ᠰᠠᠶᠢᠲᠤᠷ ᠪᠡᠯᠡᠳᠬᠡᠵᠦ᠂ ᠡᠮ᠎ᠡ ᠬᠤᠨᠢ ᠪᠠ ᠬᠤᠷᠠᠭ᠎ᠠ ᠶᠢᠨ ᠬᠠᠮᠲᠤ ᠠᠮᠢᠳᠤᠷᠠᠬᠤ ᠳᠤ | ᠲᠥᠬᠦᠮ ᠣᠷᠴᠢᠨ ᠲᠣᠭᠤᠷᠢᠨ ᠢ ᠪᠣᠶ ᠪᠣᠯᠭᠠᠵᠤ᠂ ᠡᠮ᠎ᠡ ᠬᠤᠨᠢᠨ ᠤ ᠬᠤᠷᠠᠭ᠎ᠠ ᠪᠠᠨ ᠠᠪᠬᠤ ᠪᠠᠶᠢᠳᠠᠯ ᠢ ᠬᠥᠭᠵᠢᠭᠡᠬᠦ | ᠬᠡᠷᠡᠭᠲᠡᠢ᠃ ᠡᠭᠦᠨ ᠤ ᠬᠠᠮᠲᠤ ᠡᠮ᠎ᠡ ᠬᠤᠨᠢ ᠶᠢ ᠠᠷᠠᠴᠢᠯᠠᠵᠤ ᠬᠠᠮᠢᠶᠠᠷᠬᠤ ᠲᠠᠯ᠎ᠠ ᠪᠠᠷ ᠣᠨᠴᠠᠭᠠᠶ ᠬᠠᠷᠠᠭᠠᠯᠵᠠᠯ | ᠦᠵᠡᠭᠦᠯᠵᠦ᠂ ᠣᠨᠴᠠᠭᠠᠶᠢᠯᠠᠨ ᠡᠪᠡᠰᠦ ᠪᠣᠷᠳᠤᠭ᠎ᠠ ᠶᠢᠨ ᠲᠠᠯ᠎ᠠ ᠪᠠᠷ ᠤᠭᠤᠷᠠᠭᠲᠤ ᠲᠡᠵᠢᠭᠡᠯ ᠪᠣᠷᠳᠤᠭ᠎ᠠ ᠪᠠ | ᠰᠢᠭᠦᠰᠦᠯᠢᠭ ᠲᠡᠵᠢᠭᠡᠯ ᠪᠣᠷᠳᠤᠭ᠎ᠠ ᠶᠢ ᠵᠣᠬᠢᠴᠠᠭᠤᠯᠬᠤ ᠶᠢ ᠠᠩᠬᠠᠷᠴᠤ᠂ ᠡᠮ᠎ᠡ ᠬᠤᠨᠢᠨ ᠤ ᠰᠢᠮ᠎ᠡ ᠲᠡᠵᠢᠭᠡᠯ ᠤᠨ | ᠬᠡᠷᠡᠭᠴᠡᠭᠡ ᠶᠢ ᠬᠠᠩᠭᠠᠬᠤ ᠬᠡᠷᠡᠭᠲᠡᠢ᠃ |