ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠦᠵᠡᠭᠦᠯᠬᠦ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠮᠠᠯ ᠤᠨ ᠦᠢᠯᠡᠰ ᠤᠨ | ᠵᠠᠩᠭᠢᠯᠠᠭ᠎ᠠ ᠶᠢᠨ ᠮᠡᠷᠭᠡᠵᠢᠯ ᠢ ᠲᠠᠷᠢᠶᠠᠨ ᠭᠠᠵᠠᠷ ᠲᠤ ᠨᠠᠷᠢᠯᠢᠭ ᠣᠨᠣᠴᠠᠲᠠᠢ ᠪᠠᠷ ᠬᠡᠷᠡᠭᠯᠡᠬᠦ ᠶᠢ ᠲᠦᠯᠬᠢᠨ ᠠᠬᠢᠭᠤᠯᠬᠤ | ᠶᠢᠨ ᠲᠤᠰᠠᠳᠠ᠂ 3 ᠰᠠᠷ᠎ᠠ ᠶᠢᠨ 7 ᠤ ᠡᠳᠦᠷ᠂ ᠪᠥᠬᠦ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠤᠨ | ᠭᠤᠣᠯᠳᠠᠯᠭ᠎ᠠ ᠲᠠᠢ ᠮᠡᠷᠭᠡᠵᠢᠯ ᠤᠨ ᠪᠣᠯᠪᠠᠰᠤᠷᠠᠯ ᠤᠨ ᠠᠩᠭᠢ ᠵᠢᠴᠢ ᠠᠮᠤ ᠲᠣᠰᠣ ᠵᠡᠷᠭᠡ ᠭᠤᠣᠯ ᠪᠣᠯᠬᠤ ᠲᠠᠷᠢᠮᠠᠯ ᠤᠨ | ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠮᠡᠷᠭᠡᠵᠢᠯ ᠤᠨ ︽ᠪᠣᠯᠪᠠᠰᠤᠷᠠᠯ ᠤᠨ ᠰᠠᠷ᠎ᠠ︾ ᠶᠢᠨ ᠡᠬᠢᠯᠡᠯᠲᠡ ᠶᠢᠨ | ᠶᠣᠰᠣᠯᠠᠯ ᠪᠠᠶᠠᠨᠨᠠᠭᠤᠷ ᠬᠤᠲᠠ ᠳᠤ ᠠᠮᠵᠢᠯᠲᠠ ᠲᠠᠢ ᠶᠠᠪᠤᠭᠳᠠᠪᠠ᠃ ᠪᠣᠯᠪᠠᠰᠤᠷᠠᠯ ᠤᠨ ᠠᠩᠭᠢ ᠠᠴᠠ ᠲᠠᠷᠢᠶᠠᠯᠠᠩ | ᠬᠥᠳᠡᠭᠡ ᠲᠣᠰᠬᠤᠨ ᠤ ᠶᠠᠮᠤᠨ ᠤ ᠬᠠᠷᠢᠭᠤᠴᠠᠯᠭ᠎ᠠ ᠶᠢ ᠳᠠᠭᠠᠭᠠᠴᠢᠯᠠᠨ ᠪᠠᠲᠤᠯᠠᠬᠤ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠮᠤ ᠲᠣᠰᠣᠨ ᠤ ᠦᠢᠯᠡᠳᠪᠦᠷᠢᠯᠡᠯ ᠤᠨ ᠠᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠶᠢᠨ | ᠵᠤᠷᠭᠠᠨ ᠤ ᠳᠡᠳ᠋ ᠳᠠᠷᠤᠭ᠎ᠠ ᠶᠠᠩ ᠰᠢᠤᠢ ᠹᠧᠩ ᠢ ᠣᠨᠴᠠᠭᠠᠶᠢᠯᠠᠨ ᠤᠷᠢᠵᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ | ᠪᠠ ᠵᠢᠯᠣᠭᠤᠳᠤᠯᠭ᠎ᠠ ᠬᠢᠯᠭᠡᠵᠡᠢ᠃ ᠪᠥᠬᠦ ᠤᠯᠤᠰ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ | ᠲᠥᠪ ᠤᠨ ᠶᠡᠷᠦᠩᠬᠡᠢ ᠲᠠᠷᠢᠶᠠᠯᠠᠩ ᠤᠨ ᠮᠡᠷᠭᠡᠵᠢᠯᠲᠡᠨ ᠸᠠᠩ ᠵᠢᠢ ᠵᠢᠶᠦ᠋ᠨ᠂ ᠪᠠᠶᠠᠨᠨᠠᠭᠤᠷ ᠬᠤᠲᠠ ᠶᠢᠨ ᠵᠠᠰᠠᠭ ᠤᠨ | ᠣᠷᠳᠣᠨ ᠤ ᠳᠡᠳ᠋ ᠳᠠᠷᠤᠭ᠎ᠠ ᠵᠠᠩ ᠷᠦ ᠬᠤᠩ ᠵᠡᠷᠭᠡ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠵᠤ᠂ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ | ᠳᠡᠳ᠋ ᠳᠠᠷᠤᠭ᠎ᠠ ᠵᠣᠣ ᠢᠦᠢ ᠱᠧᠩ ᠪᠣᠯᠪᠠᠰᠤᠷᠠᠯ ᠤᠨ ᠠᠩᠭᠢ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ | ᠡᠷᠬᠢᠯᠡᠭᠴᠢ ᠬᠤ᠋ ᠶᠢᠤ ᠯᠢᠨ ᠡᠬᠢᠯᠡᠯᠲᠡ ᠶᠢᠨ ᠶᠣᠰᠣᠯᠠᠯ ᠢ ᠡᠷᠭᠢᠯᠡᠪᠡ᠃ | | | | | | ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠯᠢᠨ ᠾᠧ ᠲᠣᠭᠤᠷᠢᠭ ᠤᠨ ᠴᠧᠩ ᠭᠤᠸᠠᠨ ᠪᠠᠯᠭᠠᠰᠤ ᠶᠢᠨ | ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠲᠣᠭᠤᠷᠢᠭ ᠪᠣᠯᠣᠨ | ᠪᠠᠶᠠᠨᠨᠠᠭᠤᠷ ᠬᠤᠳᠠ ᠶᠢᠨ ︽ᠬᠠᠪᠤᠷ ᠤᠨ ᠲᠠᠷᠢᠶᠠᠯᠠᠭ᠎ᠠ ᠶᠢᠨ ᠠᠩᠬᠠᠨ ᠤ ᠦᠷᠡᠯᠡᠯᠲᠡ︾ ᠶᠢᠨ ᠲᠤᠬᠠᠢ ᠶᠢᠨ ᠲᠠᠯᠠᠪᠠᠢ ᠶᠢ | ᠲᠣᠭᠤᠷᠢᠨ ᠦᠵᠡᠵᠦ᠂ ᠪᠠᠶᠠᠨᠨᠠᠭᠤᠷ ᠬᠤᠳᠠ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ | ᠳᠡᠭᠡᠭᠰᠢᠯᠡᠭᠦᠯᠬᠦ ᠠᠵᠢᠯ ᠤᠨ ᠲᠠᠯ᠎ᠠ ᠪᠠᠷ ᠬᠢ ᠦᠢᠯᠡᠳᠦᠯᠭᠡ ᠶᠢᠨ ᠠᠷᠭ᠎ᠠ ᠬᠡᠮᠵᠢᠶ᠎ᠡ ᠪᠣᠯᠣᠨ ᠤᠶᠤᠨᠴᠢ ᠲᠠᠷᠢᠶᠠᠯᠠᠩ ᠤᠨ | ᠲᠠᠯᠠᠪᠠᠢ ᠶᠢᠨ ᠲᠠᠪᠴᠠᠩ ᠤᠨ ᠠᠵᠢᠯᠯᠠᠭᠠᠨ ᠢ ᠭᠦᠨᠵᠡᠭᠡᠢ ᠣᠶᠢᠯᠠᠭᠠᠪᠠ᠃ ︽ᠬᠠᠪᠤᠷ ᠤᠨ ᠲᠠᠷᠢᠶᠠᠯᠠᠭ᠎ᠠ ᠶᠢᠨ ᠠᠩᠬᠠᠨ ᠤ | ᠦᠷᠡᠯᠡᠯᠲᠡ︾ ᠶᠢᠨ ᠲᠤᠬᠠᠢ ᠶᠢᠨ ᠲᠠᠯᠠᠪᠠᠶ ᠳᠤ 2025 ᠣᠨ ᠤ ᠪᠥᠬᠦ ᠣᠷᠣᠨ ᠤ ᠲᠠᠷᠢᠶᠠᠯᠠᠩ ᠤᠨ ᠴᠠᠭ ᠠᠭᠤᠷ ᠤᠨ | ᠮᠡᠳᠡᠭᠡ ᠵᠠᠩᠭᠢ ᠵᠢᠴᠢ ᠪᠠᠶᠠᠨᠨᠠᠭᠤᠷ ᠬᠤᠲᠠ ᠶᠢᠨ ᠪᠤᠭᠤᠳᠠᠢ ᠶᠢᠨ ᠰᠢᠨ᠎ᠡ ᠡᠭᠦᠯᠳᠡᠷ᠂ ᠰᠢᠨ᠎ᠡ ᠮᠡᠷᠭᠡᠵᠢᠯ᠂ ᠰᠢᠨ᠎ᠡ ᠲᠣᠨᠤᠭ | ᠲᠥᠬᠦᠭᠡᠷᠦᠮᠵᠢ ᠶᠢ ᠲᠠᠨᠢᠯᠴᠠᠭᠤᠯᠬᠤ ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ᠃ ᠲᠤᠬᠠᠢ ᠶᠢᠨ ᠲᠠᠯᠠᠪᠠᠶ ᠳᠤ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ ᠲᠠᠷᠢᠶᠠᠯᠠᠩ ᠤᠨ ᠮᠠᠰᠢᠨ ᠲᠣᠨᠣᠭᠯᠠᠯ ᠵᠢᠴᠢ ᠲᠥᠷᠥ ᠶᠢᠨ ᠪᠣᠳᠣᠯᠭ᠎ᠠ | ᠪᠠ ᠮᠡᠷᠭᠡᠵᠢᠯ ᠤᠨ ᠤᠬᠠᠭᠤᠯᠭ᠎ᠠ ᠶᠢᠨ ᠲᠣᠭᠤᠷᠢᠭ ᠭᠠᠷᠭᠠᠵᠤ᠂ ᠲᠤᠬᠠᠢ ᠶᠢᠨ ᠲᠠᠯᠠᠪᠠᠶ ᠶᠢᠨ ᠦᠵᠡᠭᠦᠯᠭᠡ ᠶᠢᠨ | ᠠᠵᠢᠯᠯᠠᠭ᠎ᠠ ᠨᠢ ᠡᠷᠬᠢᠨ ᠲᠣᠭᠤᠷᠢᠨ ᠤ 1000 ᠭᠠᠷᠤᠢ ᠲᠠᠷᠢᠶᠠᠴᠢᠨ ᠡᠷᠦᠬᠡ ᠶᠢᠨ ᠮᠡᠷᠭᠡᠵᠢᠯ ᠤᠨ ᠰᠣᠯᠢᠯᠴᠠᠭ᠎ᠠ ᠪᠠ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠳᠤ ᠣᠷᠣᠯᠴᠠᠬᠤ ᠠᠩᠬᠠᠷᠤᠯ ᠢ ᠲᠠᠲᠠᠪᠠ᠃ | | | | | | | | | ᠪᠣᠯᠪᠠᠰᠤᠷᠠᠯ ᠤᠨ ᠠᠩᠭᠢ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ 2024 ᠣᠨ ᠤ ᠪᠦᠬᠦ ᠣᠷᠣᠨ ᠤ ᠭᠤᠣᠯ ᠪᠣᠯᠬᠤ ᠠᠮᠤ | ᠲᠣᠰᠣᠨ ᠤ ᠲᠠᠷᠢᠮᠠᠯ ᠤᠨ ᠶᠡᠭᠡ ᠲᠠᠯᠠᠪᠠᠶ ᠶᠢᠨ ᠬᠠᠮᠤᠭ ᠤᠨ ᠥᠨᠳᠥᠷ ᠲᠠᠯᠠᠪᠠᠶ ᠨᠢᠭᠡᠴᠢ ᠶᠢᠨ ᠤᠨᠠᠯᠲᠠ ᠶᠢᠨ ᠱᠠᠩᠨᠠᠯ ᠢ | ᠭᠥᠷᠳᠡᠭᠰᠡᠨ 14 ᠲᠠᠷᠢᠶᠠᠴᠢᠨ ᠡᠷᠦᠬᠡ ᠶᠢᠨ ᠲᠥᠯᠥᠭᠡᠯᠡᠭᠴᠢ ᠶᠢ ᠬᠥᠬᠢᠭᠦᠯᠦᠨ ᠰᠠᠶᠢᠰᠢᠶᠠᠪᠠ᠃ ᠡᠭᠦᠨ ᠤ ᠬᠠᠮᠲᠤ | ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠳᠡᠮᠵᠢᠯᠭᠡ | ᠬᠠᠩᠭᠠᠭᠰᠠᠨ 7 ᠠᠺᠠᠳᠧᠮᠢᠴᠢ ᠪᠠ ᠤᠯᠤᠰ ᠤᠨ ᠲᠠᠰ ᠤᠨ ᠲᠤᠰᠬᠠᠢ ᠮᠡᠷᠭᠡᠵᠢᠯᠲᠡᠨ ᠤ ᠪᠦᠯᠬᠦᠮ ᠳᠤ ︽ᠰᠢᠯᠢᠳᠡᠭ | ᠲᠤᠯᠭᠠᠭᠤᠷᠢᠯᠠᠬᠤ ᠪᠦᠯᠬᠦᠮ ᠤᠨ ᠱᠠᠩᠨᠠᠯ︾ ᠣᠯᠭᠤᠭᠰᠠᠨ ᠪᠥᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ 2025 ᠣᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠪᠠᠶᠢᠳᠠᠯ ᠵᠢᠴᠢ ᠭᠤᠣᠯ | ᠳᠡᠯᠭᠡᠷᠡᠭᠦᠯᠬᠦ ᠮᠡᠷᠭᠡᠵᠢᠯ ᠢ ᠨᠠᠷᠢᠨ ᠲᠠᠶᠢᠯᠪᠤᠷᠢᠯᠠᠨ ᠨᠡᠶᠢᠲᠡᠯᠡᠪᠡ᠃ ᠪᠣᠯᠪᠠᠰᠤᠷᠠᠯ ᠤᠨ ᠠᠩᠭᠢ ᠪᠠᠰᠠ ᠳᠤᠮᠳᠠᠳᠤ | ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠱᠧᠨᠶᠠᠩ ᠤᠨ ᠲᠠᠷᠢᠶᠠᠯᠠᠩ ᠤᠨ ᠶᠡᠭᠡ | ᠰᠤᠷᠭᠠᠭᠤᠯᠢ ᠶᠢᠨ ᠫᠷᠤᠹᠧᠰᠰᠤᠷ ᠯᠢ ᠲᠢᠶᠠᠨ ᠯᠠᠢ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠲᠠᠷᠢᠮᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠰᠤᠳᠤᠯᠤᠭᠴᠢ ᠸᠠᠩ ᠺᠧ ᠷᠦ᠂ | ᠪᠦᠬᠦ ᠤᠯᠤᠰ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠲᠥᠪ ᠤᠨ ᠤᠷᠭᠤᠮᠠᠯ ᠤᠨ | ᠬᠠᠮᠠᠭᠠᠯᠠᠯᠲᠠ ᠶᠢᠨ ᠲᠡᠷᠢᠭᠦᠨ ᠰᠠᠭᠤᠳᠠᠯᠳᠤ ᠯᠢᠦ ᠸᠠᠨ ᠼᠠᠢ᠂ ᠪᠦᠬᠦ ᠤᠯᠤᠰ ᠤᠨ ᠲᠠᠷᠢᠶᠠᠯᠠᠩ ᠤᠨ ᠮᠡᠷᠭᠡᠵᠢᠯ ᠢ | ᠳᠡᠯᠭᠡᠷᠡᠭᠦᠯᠬᠦ ᠦᠢᠯᠡᠴᠢᠯᠡᠭᠡᠨ ᠤ ᠲᠥᠪ ᠤᠨ ᠤᠰᠤ ᠠᠷᠪᠢᠯᠠᠬᠤ ᠭᠠᠵᠠᠷ ᠤᠨ ᠳᠠᠷᠤᠭ᠎ᠠ ᠦ᠋ ᠶᠦᠩ᠂ ᠳᠤᠮᠳᠠᠳᠤ | ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠣᠰᠣᠯᠢᠭ ᠲᠠᠷᠢᠮᠠᠯ ᠤᠨ ᠰᠤᠳᠤᠯᠭᠠᠨ ᠤ | ᠭᠠᠵᠠᠷ ᠤᠨ ᠰᠤᠳᠤᠯᠤᠭᠴᠢ ᠴᠧᠩ ᠯᠢᠩ ᠵᠡᠷᠭᠡ ᠤᠯᠤᠰ ᠤᠨ ᠳᠣᠲᠣᠭᠠᠳᠤ ᠶᠢᠨ 5 ᠨᠡᠷᠡᠳᠦ ᠠᠺᠠᠳᠧᠮᠢᠴᠢ ᠲᠤᠰᠬᠠᠢ | ᠮᠡᠷᠭᠡᠵᠢᠯᠲᠡᠨ ᠢ ᠣᠨᠴᠠᠭᠠᠶᠢᠯᠠᠨ ᠤᠷᠢᠵᠤ᠂ ᠲᠥᠬᠦᠭᠡᠷᠦᠮᠵᠢᠲᠦ ᠲᠠᠷᠢᠶᠠᠯᠠᠩ᠂ ᠡᠷᠳᠡᠨᠢ ᠰᠢᠰᠢ ᠪᠠ ᠰᠢᠷ᠎ᠠ ᠪᠤᠷᠴᠠᠭ ᠤᠨ | ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ᠂ ᠤᠰᠤ ᠠᠷᠪᠢᠯᠠᠵᠤ ᠠᠮᠤ ᠪᠤᠳᠠᠭ᠎ᠠ ᠶᠢ ᠨᠡᠮᠡᠭᠳᠡᠭᠦᠯᠬᠦ᠂ | ᠤᠷᠭᠤᠮᠠᠯ ᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠲᠤᠰᠬᠠᠢ ᠰᠡᠳᠦᠪ ᠢᠶᠠᠷ | ᠬᠢᠴᠢᠶᠡᠯᠯᠡᠬᠦ ᠶᠢ ᠥᠷᠨᠢᠭᠦᠯᠵᠡᠢ᠃ ᠲᠣᠰ ᠤᠳᠠᠭ᠎ᠠ ᠶᠢᠨ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ︽ᠮᠧᠩ ᠨᠤᠩ ᠴᠣᠸᠠᠩ︾ | ᠠᠴᠠ ᠪᠥᠬᠦ ᠶᠠᠪᠤᠴᠠ ᠶᠢ ᠠᠬᠤᠢ ᠲᠠᠯᠠᠪᠠᠶ ᠳᠤ ᠰᠢᠭᠤᠳ ᠨᠠᠪᠲᠠᠷᠡᠭᠦᠯᠵᠦ᠂ ᠲᠦᠮᠡ ᠭᠠᠷᠤᠢ ᠬᠥᠮᠥᠨ ᠤ ᠠᠩᠬᠠᠷᠤᠯ ᠢ | ᠲᠠᠲᠠᠵᠤ᠂ ᠲᠦᠮᠡ ᠰᠢᠬᠠᠮ ᠵᠤᠷᠪᠤᠰ ᠰᠢᠭᠦᠮᠵᠢ ᠪᠠ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃ | | | | | | | | | ᠲᠣᠰ ᠤᠳᠠᠭ᠎ᠠ ᠶᠢᠨ ᠪᠣᠯᠪᠠᠰᠤᠷᠠᠯ ᠤᠨ ᠠᠩᠭᠢ ᠶᠢ ᠠᠮᠵᠢᠯᠲᠠ ᠲᠠᠢ ᠡᠷᠭᠢᠯᠡᠵᠦ᠂ ᠪᠥᠬᠦ ᠣᠷᠣᠨ ᠤ ᠠᠮᠤ ᠲᠣᠰᠣ | ᠵᠡᠷᠭᠡ ᠭᠤᠣᠯ ᠪᠣᠯᠬᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠮᠡᠷᠭᠡᠵᠢᠯ ᠤᠨ | ︽ᠪᠣᠯᠪᠠᠰᠤᠷᠠᠯ ᠤᠨ ᠰᠠᠷ᠎ᠠ︾ ᠶᠢᠨ ᠬᠥᠰᠢᠭᠡ ᠶᠢ ᠵᠢᠩᠬᠢᠨᠢ ᠪᠠᠷ ᠨᠡᠭᠡᠭᠡᠭᠰᠡᠨ ᠪᠠᠶᠢᠨ᠎ᠠ᠃ ᠳᠠᠷᠠᠭ᠎ᠠ ᠨᠢ᠂ ᠪᠥᠬᠦ ᠣᠷᠣᠨ ᠤ | ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠮᠡᠷᠭᠡᠵᠢᠯᠲᠡᠨ ᠢ ᠵᠣᠬᠢᠶᠠᠨ ᠪᠠᠶᠢᠭᠤᠯᠤᠨ | ᠲᠠᠷᠢᠶᠠᠨ ᠭᠠᠵᠠᠷ ᠲᠤ ᠭᠦᠨᠵᠡᠭᠡᠶᠢᠷᠡᠭᠦᠯᠦᠨ᠂ ︽ᠨᠢᠭᠡ ᠨᠢᠭᠡ ᠪᠠᠷ︾ ︽ᠴᠡᠭ ᠠᠴᠠ ᠴᠡᠭ ᠲᠤ︾ ᠨᠠᠷᠢᠯᠢᠭ ᠣᠨᠣᠴᠠᠲᠠᠢ | ᠮᠡᠷᠭᠡᠵᠢᠯ ᠤᠨ ᠪᠣᠯᠪᠠᠰᠤᠷᠠᠯ ᠤᠨ ᠵᠢᠯᠤᠭᠤᠳᠬᠤ ᠦᠢᠯᠡᠴᠢᠯᠡᠭᠡ ᠶᠢ ᠥᠷᠨᠢᠭᠦᠯᠵᠦ᠂ ︽ᠲᠤᠰᠬᠠᠢ ᠮᠡᠷᠭᠡᠵᠢᠯᠲᠡᠨ ᠤ | ᠳᠠᠭᠠᠭᠠᠴᠢᠯᠠᠭᠰᠠᠨ ᠬᠡᠰᠡᠭ + ᠲᠠᠷᠢᠶᠠᠯᠠᠩ ᠤᠨ ᠮᠡᠷᠭᠡᠵᠢᠯᠲᠡᠨ ᠴᠡᠭ ᠲᠤ ᠰᠠᠭᠤᠬᠤ + ᠵᠢᠱᠢᠶ᠎ᠡ ᠦᠵᠡᠭᠦᠯᠬᠦ | ᠡᠷᠦᠬᠡ ᠪᠠᠷ ᠳᠠᠶᠢᠴᠢᠯᠠᠬᠤ︾ ᠥᠨᠳᠥᠷ ᠪᠦᠲᠦᠮᠵᠢᠲᠡᠶ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ | ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠮᠤ ᠲᠣᠰᠣ ᠵᠡᠷᠭᠡ ᠭᠤᠣᠯ | ᠪᠣᠯᠬᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠬᠠᠷᠠᠯᠲᠠ ᠶᠢ ᠪᠡᠶᠡᠯᠡᠭᠦᠯᠬᠦ ᠳᠤ ᠬᠦᠴᠦ | ᠨᠡᠮᠡᠷᠢᠯᠡᠨ᠎ᠡ᠃ | | | | | | | | | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ ᠬᠠᠮᠢᠶ᠎ᠠ ᠪᠦᠬᠦᠢ ᠭᠠᠵᠠᠷ ᠠᠯᠪᠠᠨ ᠭᠡᠷ ᠤᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠬᠠᠮᠢᠶ᠎ᠠ ᠪᠦᠬᠦᠢ ᠭᠠᠵᠠᠷ | ᠠᠯᠪᠠᠨ ᠭᠡᠷ ᠪᠣᠯᠣᠨ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ | ᠪᠠᠶᠢᠴᠠᠭᠠᠯᠲᠠ ᠶᠢᠨ ᠲᠥᠪ ᠤᠨ ᠭᠤᠣᠯ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ ᠲᠣᠪᠴᠢᠶᠠᠨ ᠳᠠᠷᠤᠭ᠎ᠠ᠂ ᠲᠠᠷᠢᠮᠠᠯ ᠤᠨ ᠦᠢᠯᠡᠰ ᠤᠨ | ᠰᠠᠯᠠᠭᠠᠨ ᠤ ᠳᠠᠷᠤᠭ᠎ᠠ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ︵ᠲᠠᠷᠢᠶᠠᠯᠠᠩ ᠤᠨ | ᠰᠢᠨᠵᠢᠯᠡᠬᠦ ᠤᠬᠠᠭᠠᠨ ᠤ ᠭᠠᠵᠠᠷ︶ ᠤᠨ ᠭᠤᠣᠯ ᠬᠠᠷᠢᠭᠤᠴᠠᠯᠭᠠᠲᠠᠨ᠂ ᠡᠷᠳᠡᠨᠢ ᠰᠢᠰᠢ ᠪᠠ ᠰᠢᠷ᠎ᠠ ᠪᠤᠷᠴᠠᠭ ᠤᠨ ᠲᠠᠯᠠᠪᠠᠶ | ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠤᠨ ᠬᠤᠰᠢᠭᠤ ᠰᠢᠶᠠᠨ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠪᠤᠶᠤ ᠬᠤᠪᠢᠳᠠᠨ | ᠬᠠᠮᠢᠶᠠᠷᠴᠤ ᠪᠦᠬᠦᠢ ᠬᠠᠷᠢᠭᠤᠴᠠᠯᠭᠠᠲᠠᠨ ᠵᠡᠷᠭᠡ 120 ᠭᠠᠷᠤᠢ ᠬᠥᠮᠥᠨ ᠲᠣᠰ ᠤᠳᠠᠭ᠎ᠠ ᠶᠢᠨ ᠪᠣᠯᠪᠠᠰᠤᠷᠠᠯ ᠳᠤ | ᠣᠷᠣᠯᠴᠠᠵᠠᠢ᠃ |