ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ | ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠲᠠᠷᠢᠶᠠᠨ ᠭᠠᠵᠠᠷ ᠤᠨ ᠦᠯᠡᠳᠡᠭᠳᠡᠯ ᠪᠦᠷᠬᠦᠪᠴᠢ ᠶᠢ | ᠬᠤᠷᠢᠶᠠᠨ ᠠᠪᠴᠤ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠲᠦᠯᠬᠢᠨ | ᠠᠬᠢᠭᠤᠯᠬᠤ ᠶᠢᠨ ᠲᠤᠰᠠᠳᠠ᠂ 3 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠪᠠᠶᠠᠨᠨᠠᠭᠤᠷ ᠬᠤᠲᠠ ᠳᠤ ᠪᠥᠬᠦ ᠣᠷᠣᠨ ᠤ | ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠵᠢᠴᠢ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠤᠷᠢᠶᠠᠨ | ᠠᠪᠬᠤ ᠲᠤᠬᠠᠢ ᠶᠢᠨ ᠲᠠᠯᠠᠪᠠᠶ ᠶᠢᠨ ᠲᠣᠭᠤᠷᠢᠨ ᠦᠵᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠪᠠ᠃ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠠᠷᠢᠭᠤᠴᠠᠯᠭᠠᠲᠠᠨ | ᠨᠥᠬᠦᠳ᠂ ᠬᠠᠮᠢᠶ᠎ᠠ ᠪᠦᠬᠦᠢ ᠭᠠᠵᠠᠷ ᠠᠯᠪᠠᠨ ᠭᠡᠷ ᠲᠣᠪᠴᠢᠶ᠎ᠠ᠂ ᠲᠢᠩᠬᠢᠮ ᠤᠨ ᠬᠠᠷᠢᠶ᠎ᠠ ᠬᠠᠮᠢᠶ᠎ᠠ ᠪᠦᠬᠦᠢ ᠨᠢᠭᠡᠴᠡ ᠶᠢᠨ | ᠭᠤᠣᠯ ᠬᠠᠷᠢᠭᠤᠴᠠᠯᠭᠠᠲᠠᠨ ᠨᠥᠬᠦᠳ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠵᠢᠴᠢ ᠬᠠᠮᠢᠶ᠎ᠠ ᠪᠦᠬᠦᠢ ᠰᠠᠯᠠᠭ᠎ᠠ ᠲᠠᠰᠤᠭ ᠪᠠ ᠲᠥᠪ ᠤᠨ | ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠢ᠃ | | | | ᠲᠣᠰ ᠤᠳᠠᠭ᠎ᠠ ᠶᠢᠨ ᠠᠵᠢᠯᠯᠠᠭ᠎ᠠ ᠨᠢ ᠬᠠᠩᠭᠢᠨ ᠬᠤᠶᠢᠲᠤ ᠬᠤᠰᠢᠭᠤᠨ ᠤ ᠵᠠᠩ ᠹᠠᠩ ᠲᠣᠰᠬᠤᠨ ᠳᠤ | ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠲᠤᠬᠠᠢ ᠶᠢᠨ ᠲᠠᠯᠠᠪᠠᠶ ᠶᠢ ᠲᠣᠭᠤᠷᠢᠨ ᠦᠵᠡᠵᠦ᠂ ᠨᠢᠭᠡ ᠠᠵᠤ | ᠠᠬᠤᠶᠢᠯᠠᠯ ᠳᠤ ᠬᠠᠶᠠᠭᠳᠠᠮᠠᠯ ᠬᠠᠭᠤᠴᠢᠨ ᠲᠠᠷᠢᠶᠠᠯᠠᠩ ᠤᠨ ᠰᠦᠯᠢᠶᠥᠦ ᠪᠦᠷᠬᠦᠪᠴᠢ ᠶᠢ ᠡᠨᠧᠷᠭᠢᠵᠢᠭᠦᠯᠦᠨ | ᠰᠢᠢᠳᠪᠦᠷᠢᠯᠡᠭᠰᠡᠨ ᠪᠠᠶᠢᠳᠠᠯ ᠢ ᠲᠣᠭᠤᠷᠢᠨ ᠦᠵᠡᠪᠡ᠃ | | | | ᠠᠵᠢᠯᠯᠠᠭ᠎ᠠ ᠶᠢᠨ ᠳᠤᠮᠳᠠ ᠪᠠᠰᠠ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠵᠠᠰᠠᠬᠤ ᠠᠵᠢᠯ ᠤᠨ ᠲᠤᠬᠠᠢ | ᠰᠣᠯᠢᠯᠴᠠᠭ᠎ᠠ ᠬᠢᠵᠦ᠂ ᠡᠯ᠎ᠡ ᠭᠠᠵᠠᠷ ᠤᠨ ᠬᠢᠨ ᠤ ᠰᠡᠷᠭᠡᠶᠢᠯᠡᠨ ᠵᠠᠰᠠᠬᠤ ᠠᠵᠢᠯ ᠤᠨ ᠲᠤᠬᠠᠢ ᠲᠠᠨᠢᠯᠲᠠ ᠶᠢ | ᠳᠡᠭᠡᠭᠰᠢᠯᠡᠭᠦᠯᠵᠦ᠂ ᠤᠯᠠᠨ ᠡᠬᠢᠲᠦ ᠪᠣᠬᠢᠷᠲᠤᠯ ᠤᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ᠃ | ᠨᠢᠭᠡ ᠳᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠠᠯ᠎ᠠ ᠪᠠᠷ ᠬᠦᠴᠦᠯᠡᠵᠦ᠂ ︽ᠲᠦᠷᠪᠡᠨ ᠣᠳᠣᠬᠢᠴᠢᠯᠠᠯᠲᠠ᠂ ᠠᠷᠪᠠ | ᠪᠠᠶᠢᠬᠤ︾ ᠶᠢᠨ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠲᠦᠯᠬᠢᠨ ᠠᠬᠢᠭᠤᠯᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ | ᠰᠡᠷᠭᠡᠶᠢᠯᠡᠨ ᠵᠠᠰᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ | ᠴᠢᠨᠠᠭᠰᠢᠳᠠ ᠠᠬᠢᠭᠤᠯᠵᠤ᠂ ᠠᠵᠢᠯ ᠢᠶᠠᠨ ᠭᠤᠣᠯᠳᠠᠯᠭ᠎ᠠ ᠲᠠᠢ᠂ ᠪᠠᠲᠤᠯᠠᠭ᠎ᠠ ᠲᠠᠢ ᠪᠠᠶᠢᠯᠭᠠᠬᠤ ᠶᠢ ᠪᠡᠶᠡᠯᠡᠭᠦᠯᠬᠦ ᠬᠡᠷᠡᠭᠲᠡᠢ᠃ | ᠬᠤᠶᠠᠷ ᠲᠤ ᠡᠭᠦᠷᠭᠡ ᠶᠢ ᠨᠠᠶᠢᠳᠠᠪᠤᠷᠢᠵᠢᠭᠤᠯᠬᠤ ᠲᠠᠯ᠎ᠠ ᠪᠠᠷ ᠬᠦᠴᠦᠯᠡᠵᠦ᠂ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ | ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠵᠦ᠂ ᠲᠠᠷᠢᠶᠠᠨ ᠡᠮ ᠤᠨ ᠣᠷᠣᠭᠤᠯᠤᠯᠲᠠ ᠶᠢ ᠪᠠᠭᠠᠰᠬᠠᠨ ᠦᠷ᠎ᠡ ᠠᠰᠢᠭ ᠢ | ᠨᠡᠮᠡᠭᠳᠡᠭᠦᠯᠵᠦ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠵᠤ᠂ ᠮᠠᠯ ᠵᠢᠭᠦᠷᠲᠡᠨ ᠤ ᠢᠯᠭᠠᠳᠠᠰᠣᠨ ᠪᠣᠬᠢᠷᠲᠤᠯ ᠢ ᠡᠬᠢ | ᠪᠠᠶᠠᠯᠢᠭᠵᠢᠭᠤᠯᠤᠨ ᠠᠰᠢᠭᠯᠠᠬᠤ ᠬᠡᠷᠡᠭᠲᠡᠢ᠃ ᠢᠯᠠᠩᠭᠤᠶ᠎ᠠ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ | ᠬᠡᠷᠡᠭᠯᠡᠵᠦ ᠡᠭᠡᠭᠦᠯᠦᠨ ᠬᠤᠷᠢᠶᠠᠬᠤ ᠶᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠡᠬᠢ ᠡᠭᠦᠰᠦᠯ ᠠᠴᠠ ᠨᠢ | ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠪᠠᠷᠢᠮᠵᠢᠶ᠎ᠠ ᠪᠤᠰᠤ ᠰᠦᠯᠢᠶᠥᠦ ᠪᠦᠷᠬᠦᠪᠴᠢ ᠶᠢ ᠵᠠᠬ᠎ᠠ ᠳᠡᠯᠭᠡᠭᠦᠷ ᠲᠤ | ᠣᠷᠣᠭᠤᠯᠬᠤ ᠲᠤᠰᠬᠠᠢ ᠣᠷᠣᠨ ᠳᠤ ᠣᠷᠣᠭᠤᠯᠬᠤ ᠳᠤ ᠴᠣᠬᠢᠯᠲᠠ ᠥᠭᠴᠦ᠂ ᠰᠦᠯᠢᠶᠥᠦ ᠪᠦᠷᠬᠦᠪᠴᠢ ᠶᠢᠨ ᠲᠤᠰᠬᠠᠢ | ᠵᠦᠢᠯ ᠤᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠦᠨ᠂ ᠲᠠᠷᠢᠶᠠᠯᠠᠩ ᠤᠨ ᠰᠦᠯᠢᠶᠥᠦ ᠪᠦᠷᠬᠦᠪᠴᠢ ᠶᠢ | ᠴᠠᠭ ᠲᠤᠬᠠᠢ ᠳᠤᠨᠢ ᠡᠭᠡᠭᠦᠯᠦᠨ ᠬᠤᠷᠢᠶᠠᠭᠰᠠᠨ ᠦᠭᠡᠢ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ | ᠪᠠᠶᠢᠴᠠᠭᠠᠨ ᠰᠢᠢᠳᠪᠦᠷᠢᠯᠡᠵᠦ᠂ ᠡᠭᠡᠭᠦᠯᠦᠨ ᠬᠤᠷᠢᠶᠠᠵᠤ ᠰᠢᠢᠳᠪᠦᠷᠢᠯᠡᠬᠦ ᠲᠣᠣᠷ ᠴᠢᠭ᠋ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠩ ᠤᠨ ᠰᠦᠯᠢᠶᠥᠦ ᠪᠦᠷᠬᠦᠪᠴᠢ ᠶᠢ ᠡᠭᠡᠭᠦᠯᠦᠨ ᠬᠤᠷᠢᠶᠠᠬᠤ | ᠰᠢᠰᠲ᠋ᠧᠮᠵᠢ ᠶᠢ ᠪᠦᠷᠢᠨᠰᠢᠭᠦᠯᠬᠦ ᠬᠡᠷᠡᠭᠲᠡᠢ᠃ ᠭᠤᠷᠪᠠ ᠳᠤ ᠮᠡᠷᠭᠡᠵᠢᠯ ᠤᠨ ᠲᠤᠯᠭᠠᠭᠤᠷᠢᠯᠠᠯ ᠤᠨ ᠲᠠᠯ᠎ᠠ ᠪᠠᠷ ᠬᠦᠴᠦᠯᠡᠵᠦ᠂ | ᠡᠯ᠎ᠡ ᠭᠠᠵᠠᠷ ᠤᠨ ᠬᠢᠨ ᠣᠷᠣᠨ ᠨᠤᠲᠤᠭ ᠤᠨ ᠲᠤᠰᠬᠠᠢ ᠮᠡᠷᠭᠡᠵᠢᠯᠲᠡᠨ ᠪᠠ ᠮᠡᠷᠭᠡᠵᠢᠯᠲᠡᠨ ᠢᠶᠠᠷ ᠭᠤᠣᠯᠳᠠᠯᠭ᠎ᠠ | ᠪᠣᠯᠭᠠᠵᠤ᠂ ᠨᠢᠭᠡ ᠪᠦᠯᠦᠭ ᠪᠦᠯᠬᠦᠮ ᠪᠠᠶᠢᠭᠤᠯᠵᠤ᠂ ᠨᠢᠭᠡ ᠪᠦᠯᠦᠭ ᠮᠠᠰᠢᠨ ᠮᠧᠬᠠᠨᠢᠭ ᠢ ᠰᠣᠩᠭᠤᠵᠤ᠂ ᠨᠢᠭᠡ ᠪᠦᠯᠦᠭ | ᠮᠡᠷᠭᠡᠵᠢᠯ ᠢ ᠳᠡᠯᠭᠡᠷᠡᠭᠦᠯᠵᠦ᠂ ᠠᠵᠢᠯ ᠤᠨ ᠭᠠᠷᠳᠠᠴᠠ ᠲᠠᠢ᠂ ᠰᠢᠪᠲᠤᠯᠤᠯᠲᠠ ᠲᠠᠢ ᠪᠠᠶᠢᠬᠤ ᠶᠢ ᠪᠡᠶᠡᠯᠡᠬᠦᠯᠬᠦ ᠬᠡᠷᠡᠭᠲᠡᠢ᠃ | ᠳᠥᠷᠪᠡ ᠳᠤ ᠪᠡᠯᠡ ᠮᠥᠩᠭᠦᠨ ᠤ ᠦᠷ᠎ᠡ ᠠᠰᠢᠭ ᠢ ᠪᠠᠳᠠᠷᠠᠭᠤᠯᠬᠤ ᠲᠠᠯ᠎ᠠ ᠪᠠᠷ ᠬᠦᠴᠦᠯᠡᠵᠦ᠂ ᠲᠦᠷᠦᠯ ᠵᠦᠢᠯ ᠤᠨ | ᠪᠡᠯᠡ ᠮᠥᠩᠭᠦ ᠶᠢ ᠴᠠᠭ ᠲᠤᠬᠠᠢ ᠳᠤᠨᠢ ᠥᠭᠬᠦ ᠪᠠ ᠲᠦᠷᠦᠯ ᠵᠦᠢᠯ ᠢ ᠬᠡᠷᠡᠭᠵᠢᠭᠦᠯᠦᠭᠰᠡᠨ ᠤ ᠳᠠᠷᠠᠭᠠᠬᠢ ᠠᠮᠵᠢᠯᠲᠠ | ᠪᠦᠲᠦᠮᠵᠢ ᠶᠢᠨ ᠦᠨᠡᠯᠡᠯᠲᠡ ᠶᠢ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠵᠠᠰᠠᠬᠤ ᠶᠢ ᠠᠬᠢᠭᠤᠯᠬᠤ ᠴᠢᠬᠤᠯᠠ | ᠠᠭᠤᠯᠭ᠎ᠠ ᠪᠣᠯᠭᠠᠬᠤ ᠬᠡᠷᠡᠭᠲᠡᠢ᠃ ᠲᠠᠪᠤ ᠳᠤ ᠪᠣᠯᠪᠠᠰᠤᠷᠠᠯ ᠤᠬᠠᠭᠤᠯᠭ᠎ᠠ ᠶᠢᠨ ᠲᠠᠯ᠎ᠠ ᠪᠠᠷ ᠬᠦᠴᠦᠯᠡᠵᠦ᠂ ᠪᠣᠯᠪᠠᠰᠤᠷᠠᠯ ᠢ | ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠤᠬᠠᠭᠤᠯᠭ᠎ᠠ ᠶᠢ ᠥᠷᠭᠡᠨ ᠳᠡᠯᠭᠡᠷᠡᠩᠭᠦᠢ ᠪᠠᠷ ᠥᠷᠨᠢᠭᠦᠯᠵᠦ᠂ ᠢᠯᠠᠩᠭᠤᠶ᠎ᠠ | ᠲᠠᠷᠢᠶᠠᠴᠢᠨ ᠡᠷᠦᠬᠡ ᠶᠢᠨ ᠪᠣᠯᠪᠠᠰᠤᠷᠠᠯ ᠢ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢ ᠰᠠᠶᠢᠨ ᠮᠡᠳᠡᠬᠦ᠂ ᠮᠡᠷᠭᠡᠵᠢᠯ ᠢ | ᠡᠵᠡᠮᠰᠢᠬᠦ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ ᠃ ᠵᠠᠰᠠᠯᠲᠠ ᠶᠢᠨ | ᠨᠡᠶᠢᠲᠡᠯᠢᠭ ᠵᠢᠱᠢᠶ᠎ᠡ ᠶᠢ ᠳ᠋ᠦᠩᠨᠡᠨ ᠡᠮᠬᠢᠯᠡᠵᠦ᠂ ᠳᠡᠯᠭᠡᠷᠡᠭᠦᠯᠦᠯᠲᠡ ᠶᠢᠨ ᠵᠠᠭᠪᠤᠷ ᠢ ᠪᠣᠶ ᠪᠣᠯᠭᠠᠬᠤ ᠪᠠ ᠬᠠᠭᠤᠯᠪᠤᠷᠢᠯᠠᠨ | ᠳᠡᠯᠭᠡᠷᠡᠭᠦᠯᠬᠦ ᠬᠡᠷᠡᠭᠲᠡᠢ᠃ ᠬᠤᠷᠠᠯ ᠠᠴᠠ ᠪᠠᠰᠠ ᠲᠠᠩ ᠭᠠᠵᠠᠷ ᠤᠨ ᠴᠠᠭᠠᠵᠠᠲᠠᠢ ᠦᠷ᠎ᠡ ᠪᠠ ᠠᠶᠤᠯᠭᠦᠢ | ᠦᠢᠯᠡᠳᠪᠦᠷᠢᠯᠡᠯ ᠤᠨ ᠠᠵᠢᠯ ᠳᠤ ᠱᠠᠭᠠᠷᠳᠠᠯᠭ᠎ᠠ ᠳᠤᠷᠠᠳᠴᠠᠢ᠃ |