3 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠤᠨ ᠠᠵᠢᠯᠯᠠᠬᠤ ᠳᠤᠭᠤᠶᠢᠯᠠᠩ ᠤᠨ ᠬᠢᠨ ᠪᠠᠶᠠᠨᠨᠠᠭᠤᠷ ᠬᠤᠲᠠ ᠳᠤ ᠬᠦᠷᠴᠦ | ᠲᠠᠷᠢᠶᠠᠯᠠᠩ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠤᠭᠤᠷᠢᠭ ᠤᠨ ᠠᠵᠢᠯ ᠢ ᠵᠣᠯᠭᠠᠭᠤᠯᠬᠤ ᠶᠢᠨ ᠬᠠᠮᠲᠤ | ᠶᠠᠷᠢᠯᠴᠠᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ᠂ ᠪᠠᠶᠠᠨᠨᠠᠭᠤᠷ | ᠬᠤᠲᠠ ᠶᠢᠨ ᠳᠡᠳ᠋ ᠳᠠᠷᠤᠭ᠎ᠠ ᠵᠠᠩ ᠷᠦ ᠬᠤᠩ ᠬᠤᠷᠠᠯ ᠳᠤ ᠣᠷᠣᠯᠴᠠᠵᠠᠢ᠃ | | | | ᠬᠤᠷᠠᠯ ᠳᠡᠭᠡᠷ᠎ᠡ᠂ ᠪᠠᠶᠠᠨᠨᠠᠭᠤᠷ ᠬᠤᠲᠠ ᠶᠢᠨ ᠲᠠᠷᠢᠶᠠᠯᠠᠩ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠲᠠᠷᠢᠶᠠᠯᠠᠩ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠲᠣᠭᠤᠷᠢᠭ ᠤᠨ ᠦᠨᠳᠦᠰᠦᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠢ | ᠨᠠᠷᠢᠨ ᠲᠠᠨᠢᠯᠴᠠᠭᠤᠯᠵᠤ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ | ᠡᠯ᠎ᠡ ᠬᠠᠮᠢᠶ᠎ᠠ ᠪᠦᠬᠦᠢ ᠭᠠᠵᠠᠷ ᠠᠯᠪᠠᠨ ᠭᠡᠷ ᠠᠴᠠ 2025 ᠣᠨ ᠳᠤ ᠲᠠᠷᠢᠶᠠᠯᠠᠩ ᠤᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠲᠣᠭᠤᠷᠢᠭ ᠢ ᠳᠡᠮᠵᠢᠬᠦ ᠪᠠᠷ ᠪᠠᠶᠢᠭ᠎ᠠ ᠲᠥᠷᠥᠯ ᠵᠦᠢᠯ ᠳᠤ ᠴᠢᠭᠯᠡᠭᠦᠯᠦᠨ ᠲᠠᠰ ᠳᠠᠷᠠᠭᠠᠯᠠᠨ | ᠶᠠᠷᠢᠶ᠎ᠠ ᠲᠠᠯᠪᠢᠪᠠ᠃ | | | | ᠬᠤᠷᠠᠯ ᠠᠴᠠ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠤᠯᠤᠰ ᠤᠨ ᠲᠠᠷᠢᠶᠠᠯᠠᠩ ᠤᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠲᠣᠭᠤᠷᠢᠭ ᠪᠣᠯᠤᠭᠰᠠᠨ ᠤ ᠬᠤᠪᠢ ᠳᠤ᠂ ᠲᠠᠷᠢᠶᠠᠯᠠᠩ ᠤᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ | ︽ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠬᠦᠷᠢᠶᠡᠯᠡᠩ ᠲᠣᠭᠤᠷᠢᠭ ᠢ ᠪᠠᠶᠢᠭᠤᠯᠬᠤ︾ ᠪᠠ ︽ᠤᠯᠤᠰ ᠤᠨ | ᠲᠠᠷᠢᠶᠠᠯᠠᠩ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠣᠭᠤᠷᠢᠭ ᠲᠤ ᠣᠷᠣᠬᠤ ᠨᠢᠭᠡᠳᠦᠭᠡᠷ ᠱᠠᠲᠤᠯᠵᠢᠨ | ᠡᠩᠨᠡᠭᠡ ᠶᠢ ᠪᠠᠶᠢᠭᠤᠯᠬᠤ︾ ᠬᠠᠷᠠᠯᠲᠠ ᠶᠢ ᠲᠣᠭᠲᠠᠭᠠᠵᠤ᠂ ᠪᠥᠬᠦ ᠣᠷᠣᠨ ᠪᠦᠰᠡ ᠶᠢᠨ ᠲᠠᠷᠢᠶᠠᠯᠠᠩ ᠤᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠲᠣᠭᠤᠷᠢᠭᠵᠢᠯᠲᠠ᠂ ᠠᠵᠤ ᠦᠢᠯᠡᠰ ᠤᠨ ᠪᠥᠬᠦ ᠬᠡᠯᠬᠢᠶᠡᠵᠢᠯᠲᠡ ᠶᠢᠨ | ᠬᠥᠭᠵᠢᠯᠲᠡ ᠶᠢᠨ ᠴᠢᠭᠯᠡᠯ ᠶᠣᠰᠣᠭᠠᠷ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠪᠠᠷ ᠤᠳᠤᠷᠢᠳᠤᠮᠵᠢ | ᠪᠣᠯᠭᠠᠭᠰᠠᠨ᠂ ᠬᠠᠲᠠᠭᠤ ᠴᠢᠨᠠᠷ ᠤᠨ ᠪᠤᠭᠤᠳᠠᠢ ᠪᠠ ᠠᠯᠠᠰᠢᠨ ᠬᠤᠨᠢ ᠪᠠᠷ ᠤᠳᠤᠷᠢᠳᠤᠮᠵᠢ ᠪᠣᠯᠭᠠᠭᠰᠠᠨ᠂ ᠣᠨᠴᠠᠯᠢᠭᠲᠤ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠣᠯᠠᠨ ᠡᠰᠢᠵᠢᠭᠦᠯᠦᠨ ᠬᠥᠭᠵᠢᠭᠦᠯᠦᠭᠰᠡᠨ ︽1+2+N︾ | ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ | ᠴᠢᠳᠠᠪᠤᠷᠢ ᠣᠯᠭᠤᠬᠤ᠂ ᠠᠵᠤ ᠦᠢᠯᠡᠰ ᠢ ᠳᠡᠭᠡᠭᠰᠢᠯᠡᠭᠦᠯᠬᠦ᠂ ᠴᠢᠳᠠᠪᠤᠷᠢᠲᠠᠨ ᠢ ᠣᠷᠣᠭᠤᠯᠤᠨ ᠬᠥᠮᠥᠵᠢᠭᠦᠯᠬᠦ᠂ ᠨᠠᠷᠢᠯᠢᠭ | ᠣᠨᠣᠴᠠᠲᠠᠢ ᠪᠠᠷ ᠬᠤᠳᠠᠯᠳᠤᠭᠠᠴᠢᠨ ᠤᠷᠢᠬᠤ᠂ ᠲᠥᠷᠥᠯ ᠵᠦᠢᠯ ᠢᠶᠠᠷ ᠪᠣᠭᠤᠮᠲᠠ ᠰᠢᠪᠲᠤᠯᠬᠤ᠂ ᠪᠥᠬᠦ ᠣᠷᠣᠨ | ᠪᠦᠰᠡ ᠶᠢᠨ ᠲᠠᠷᠢᠶᠠᠯᠠᠩ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠣᠭᠤᠷᠢᠭ ᠪᠣᠯᠭᠠᠬᠤ ᠵᠢᠷᠭᠤᠭᠠᠨ | ᠵᠦᠢᠯ ᠤᠨ ᠠᠵᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ 10 ᠲᠣᠮᠣ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ 10 ᠲᠣᠮᠣ | ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ | ᠲᠣᠭᠤᠷᠢᠭ ᠢ ᠪᠦᠲᠦᠭᠡᠨ ᠪᠠᠶᠢᠭᠤᠯᠵᠤ᠂ 8 ᠵᠦᠢᠯ ᠤᠨ ᠭᠤᠣᠯᠳᠠᠯᠭ᠎ᠠ ᠲᠠᠢ ᠢᠨᠵᠧᠨᠧᠷᠢᠩ ᠢ ᠠᠬᠢᠭᠤᠯᠤᠨ᠂ 6 | ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠲᠣᠭᠤᠷᠢᠭ ᠤᠨ ᠣᠲᠣ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠢ ᠨᠠᠩ | ᠰᠢᠯᠢᠳᠡᠭᠵᠢᠭᠦᠯᠬᠦ᠂ ᠭᠤᠣᠯᠯᠠᠬᠤ ᠠᠵᠤ ᠦᠢᠯᠡᠰ ᠤᠨ ᠪᠥᠬᠦ ᠬᠡᠯᠬᠢᠶ᠎ᠡ ᠶᠢᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠠᠬᠢᠭᠤᠯᠬᠤ ᠬᠡᠷᠡᠭᠲᠡᠢ᠃ 2025 ᠣᠨ ᠤ ᠡᠴᠦᠰ ᠪᠣᠯᠬᠤ ᠳᠤ᠂ ᠲᠠᠷᠢᠶᠠᠯᠠᠩ ᠤᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠲᠣᠭᠤᠷᠢᠭ ᠤᠨ ᠦᠢᠯᠡᠳᠬᠦᠨ ᠤ ᠥᠷᠲᠡᠭ ᠢ 200 ᠳ᠋ᠦᠩᠰᠢᠭᠤᠷ ᠲᠥᠭᠦᠷᠢᠭ ᠠᠴᠠ | ᠳᠠᠪᠠᠭᠤᠯᠵᠤ᠂ ᠭᠤᠣᠯᠯᠠᠬᠤ ᠠᠵᠤ ᠦᠢᠯᠡᠰ ᠤᠨ ᠦᠢᠯᠡᠳᠬᠦᠨ ᠤ ᠥᠷᠲᠡᠭ ᠢ 40% ᠠᠴᠠ ᠳᠡᠭᠡᠭᠰᠢ ᠳᠤ | ᠬᠦᠷᠦᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ |