︽ᠪᠠᠭ᠎ᠠ ᠬᠡᠷᠴᠢᠮ ᠠᠴᠠ ᠪᠣᠳᠠᠲᠤ ᠦᠷ᠎ᠡ ᠠᠰᠢᠭ ᠬᠦᠷᠲᠡᠨᠡᠮ︾︱ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠤᠯᠠᠨ ᠲᠦᠮᠡᠨ ᠤ ᠬᠥᠮᠦᠵᠢᠯ ᠤᠨ ︽1257︾ ᠪᠠᠶᠢᠩᠭᠤᠵᠢᠭᠰᠠᠨ ᠠᠵᠢᠯᠯᠠᠭ᠎ᠠ ᠶᠢᠨ ᠰᠢᠷᠢᠰ ᠮᠡᠳᠡᠭᠡᠯᠡᠯ ︵ᠲᠠᠪᠤ︶
ᠨᠡᠶᠢᠲᠡᠯᠡᠭᠰᠡᠨ ᠴᠠᠭ᠄
2025/4/10
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠣᠯᠠᠨ ᠲᠦᠮᠡᠨ ᠤ ᠬᠥᠮᠦᠵᠢᠯ ᠤᠨ ︽1257︾ ᠪᠠᠶᠢᠩᠭᠤᠵᠢᠭᠰᠠᠨ ᠠᠵᠢᠯᠯᠠᠭ᠎ᠠ ᠥᠷᠨᠢᠭᠦᠯᠬᠦ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠮᠠᠯ ᠠᠵᠤ ᠠᠬᠤᠢ ᠶᠢᠨ ᠮᠡᠷᠭᠡᠵᠢᠯ ᠤᠨ ᠭᠠᠵᠠᠷ ᠤᠨ ᠨᠠᠮ ᠤᠨ ᠡᠭᠦᠷ  ᠨᠢ ᠰᠢᠯᠢ ᠶᠢᠨ ᠭᠤᠣᠯ ᠠᠶᠢᠮᠠᠭ ᠤᠨ ᠬᠥᠪᠡᠭᠡᠲᠦ ᠰᠢᠷ᠎ᠠ ᠬᠤᠰᠢᠭᠤᠨ ᠤ ᠮᠠᠯ ᠠᠵᠤ ᠠᠬᠤᠢ ᠶᠢᠨ ᠠᠵᠢᠯ ᠤᠨ ᠥᠷᠲᠡᠭᠡ ᠶᠢᠨ ᠨᠠᠮ ᠤᠨ ᠡᠭᠦᠷ᠂ ᠪᠠᠶᠠᠨᠲᠠᠯ᠎ᠠ ᠪᠠᠯᠭᠠᠰᠤ ᠶᠢᠨ ᠣᠪᠤᠨᠭᠤᠯ ᠭᠠᠴᠠᠭ᠎ᠠ ᠶᠢᠨ ᠨᠠᠮ ᠤᠨ ᠡᠭᠦᠷ ᠲᠠᠢ ᠬᠠᠮᠲᠤᠷᠠᠨ᠂ ︽1257︾ ᠠᠵᠢᠯᠯᠠᠭ᠎ᠠ ᠶᠢ ᠰᠢᠨ᠎ᠡ ᠪᠠᠷ ᠥᠷᠨᠢᠭᠦᠯᠵᠦ᠂ ᠨᠠᠮ ᠤᠨ ᠪᠠᠶᠢᠭᠤᠯᠤᠯᠲᠠ ᠬᠥᠲᠥᠯᠥᠨ ᠳᠠᠭᠠᠭᠤᠯᠵᠤ ᠬᠠᠮᠲᠤᠷᠠᠭᠰᠠᠨ ᠦᠢᠯᠡᠴᠢᠯᠡᠭᠡᠨ ᠤ ᠠᠩᠭᠢ ᠮᠠᠯ ᠠᠵᠤ ᠠᠬᠤᠢ ᠶᠢᠨ ᠦᠢᠯᠡᠳᠪᠦᠷᠢᠯᠡᠯ ᠢ ᠵᠢᠯᠤᠭᠤᠳᠪᠠ᠃ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠭᠤᠰᠢᠯᠠᠭᠤᠯᠬᠤ᠂ ᠮᠡᠷᠭᠡᠵᠢᠯ ᠢ ᠳᠣᠷᠣᠭᠰᠢ ᠪᠠᠭᠤᠯᠭᠠᠬᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠪᠠᠷ ᠳᠠᠮᠵᠢᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠪᠠᠭ᠎ᠠ ᠬᠡᠷᠴᠢᠮ︾ ᠢᠶᠠᠷ ᠪᠣᠳᠠᠲᠠᠢ ᠠᠰᠠᠭᠤᠳᠠᠯ ᠢ ᠬᠠᠪᠰᠤᠷᠤᠨ ᠰᠢᠢᠳᠪᠦᠷᠢᠯᠡᠭᠰᠡᠨ ᠪᠠᠶᠢᠨ᠎ᠠ᠃ 
图片1.png
       ᠬᠠᠮᠲᠤᠷᠠᠭᠰᠠᠨ ᠦᠢᠯᠡᠴᠢᠯᠡᠭᠡᠨ ᠤ ᠠᠩᠭᠢ ᠮᠠᠯᠴᠢᠳ ᠤᠨ ᠮᠠᠯᠵᠢᠬᠤ ᠪᠠᠨ ᠵᠣᠭᠰᠣᠭᠠᠭᠰᠠᠨ ᠬᠤᠭᠤᠴᠠᠭᠠᠨ ᠳᠠᠬᠢ ᠦᠢᠯᠡᠳᠪᠦᠷᠢᠯᠡᠯ ᠤᠨ ᠠᠵᠢᠯ ᠤᠨ ᠪᠣᠳᠠᠲᠤ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ︽ᠮᠡᠷᠭᠡᠵᠢᠯ ᠢᠶᠠᠷ ᠬᠤᠰᠢᠭᠤ ᠰᠢᠶᠠᠨ ᠢ ᠳᠠᠭᠠᠭᠠᠴᠢᠯᠠᠬᠤ︾ ᠲᠣᠭᠲᠠᠴᠠ ᠶᠢ ᠬᠡᠷᠡᠭᠵᠢᠭᠦᠯᠵᠦ᠂ ᠨᠠᠮ ᠤᠨ ᠭᠡᠰᠢᠭᠦᠨ ᠮᠡᠷᠭᠡᠵᠢᠯ ᠤᠨ ᠭᠤᠣᠯᠯᠠᠭᠴᠢ ᠬᠦᠴᠦᠨ ᠠᠴᠠ 13 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ ᠳᠤ ᠬᠠᠨᠳᠤᠯᠭ᠎ᠠ ᠲᠠᠢ ᠪᠠᠷ ᠵᠣᠯᠭᠠᠭᠤᠯᠤᠨ ᠦᠢᠯᠡᠴᠢᠯᠡᠭᠰᠡᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠰᠢᠰᠲ᠋ᠧᠮᠵᠢ ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠷᠭᠡᠵᠢᠯ ᠤᠨ ᠲᠤᠰᠬᠠᠢ ᠮᠡᠷᠭᠡᠵᠢᠯᠲᠡᠨ᠂ ᠠᠶᠢᠮᠠᠭ ᠬᠤᠰᠢᠭᠤᠨ ᠤ ᠮᠡᠷᠭᠡᠵᠢᠯ ᠤᠨ ᠭᠤᠣᠯᠯᠠᠭᠴᠢ ᠬᠦᠴᠦᠨ ᠬᠢᠭᠡᠳ ᠭᠠᠴᠠᠭ᠎ᠠ ᠶᠢᠨ ᠨᠠᠮ ᠤᠨ ᠭᠡᠰᠢᠭᠦᠳ ᠲᠠᠢ ᠬᠠᠮᠲᠤᠷᠠᠭᠰᠠᠨ ᠦᠢᠯᠡᠴᠢᠯᠡᠭᠡᠨ ᠤ ᠠᠩᠭᠢ ᠪᠠᠶᠢᠭᠤᠯᠵᠤ᠂ ᠪᠠᠶᠠᠨᠲᠠᠯ᠎ᠠ ᠪᠠᠯᠭᠠᠰᠤ ᠶᠢᠨ ᠮᠠᠯᠵᠢᠬᠤ ᠡᠷᠦᠬᠡ ᠳᠤ ᠭᠦᠨᠵᠡᠭᠡᠶᠢᠷᠡᠨ᠂ ︽ᠲᠥᠷᠥ ᠶᠢᠨ ᠪᠣᠳᠣᠯᠭ᠎ᠠ ᠶᠢᠨ ᠲᠠᠶᠢᠯᠤᠮᠵᠢ + ᠮᠡᠷᠭᠡᠵᠢᠯ ᠤᠨ ᠵᠢᠯᠣᠭᠤᠳᠤᠯᠭ᠎ᠠ + ᠬᠡᠷᠡᠭᠴᠡᠭᠡ ᠱᠠᠭᠠᠷᠳᠠᠯᠭ᠎ᠠ ᠶᠢ ᠵᠣᠯᠭᠠᠭᠤᠯᠬᠤ︾ ᠵᠠᠭᠪᠤᠷ ᠢᠶᠠᠷ ᠳᠠᠮᠵᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠬᠢᠭᠡᠳ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠥᠯᠦᠪᠵᠢᠭᠦᠯᠭᠡ ᠶᠢᠨ ︽ᠡᠴᠦᠰ ᠤᠨ ᠨᠢᠭᠡ ᠺᠢᠯᠣᠮᠧᠲᠷ︾ ᠢ ᠨᠠᠷᠢᠯᠢᠭ ᠣᠨᠣᠴᠠᠲᠠᠢ ᠪᠠᠷ ᠳᠠᠮᠵᠢᠭᠤᠯᠬᠤ ᠶᠢ ᠦᠨᠡᠨᠬᠦ ᠪᠠᠲᠤᠯᠠᠪᠠ᠃ 
图片2.png
       ᠨᠢᠭᠡ ᠳᠤ ᠲᠦᠷᠦ ᠶᠢᠨ ᠪᠣᠳᠣᠯᠭ᠎ᠠ ᠬᠦᠷᠭᠡᠪᠡ᠃ ᠮᠠᠯᠵᠢᠬᠤ ᠡᠷᠦᠬᠡ ᠳᠤ ᠬᠦᠷᠴᠦ ︽ᠪᠥᠬᠦ ᠣᠷᠣᠨ ᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠵᠢᠭᠦᠯᠬᠦ ᠲᠥᠰᠥᠯ︾ ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠲᠠᠶᠢᠯᠤᠮᠵᠢ ᠬᠢᠵᠦ᠂ ᠮᠡᠷᠭᠡᠵᠢᠯ ᠤᠨ ᠭᠤᠣᠯᠯᠠᠭᠴᠢ ᠬᠦᠴᠦᠨ ᠨᠢ ᠮᠠᠯᠵᠢᠬᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠪᠡᠯᠴᠢᠭᠡᠷᠯᠡᠭᠦᠯᠬᠦ ᠶᠢ ᠴᠠᠭᠠᠵᠠᠯᠠᠬᠤ︾ ᠪᠣᠯᠪᠠᠴᠤ ︽ᠲᠡᠵᠢᠭᠡᠬᠦ ᠶᠢ ᠴᠠᠭᠠᠵᠠᠯᠠᠬᠤ︾ ᠦᠭᠡᠢ ᠠᠷᠭ᠎ᠠ ᠵᠠᠮ ᠢ ᠳᠤᠷᠠᠳᠤᠨ ᠭᠠᠷᠭᠠᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠵᠤ ᠦᠢᠯᠡᠰ ᠤᠨ ᠣᠳᠣᠬᠢ ᠪᠠᠶᠢᠳᠠᠯ ᠲᠠᠢ ᠪᠦᠲᠦᠮᠵᠢᠲᠡᠶ ᠵᠣᠯᠭᠠᠭᠤᠯᠬᠤ ᠶᠢ ᠲᠦᠯᠬᠢᠨ ᠠᠬᠢᠭᠤᠯᠪᠠ᠃      ᠬᠤᠶᠠᠷ ᠲᠤ ᠵᠡᠪᠰᠡᠭ ᠲᠣᠨᠣᠭᠯᠠᠯ ᠬᠦᠷᠭᠡᠪᠡ᠃ ᠵᠢᠱᠢᠶ᠎ᠡ ᠦᠵᠡᠭᠦᠯᠬᠦ ᠡᠷᠦᠬᠡ ᠳᠤ ᠠᠷᠢᠭᠤᠳᠬᠠᠬᠤ ᠠᠪᠳᠠᠷ᠎ᠠ᠂ ᠲᠣᠭᠲᠠᠮᠠᠯ ᠳᠤᠯᠠᠭᠠᠨ ᠢᠶᠠᠷ ᠬᠥᠯᠳᠡᠭᠡᠬᠦ ᠴᠣᠮᠣ᠂ ᠦᠷ᠎ᠡ ᠠᠪᠬᠤ ᠪᠠᠭᠠᠵᠢ ᠬᠡᠷᠡᠭᠰᠡᠯ᠂ ᠦᠵᠡᠭᠳᠡᠮᠡᠯ ᠦᠷ᠎ᠡ ᠳᠠᠮᠵᠢᠭᠤᠯᠬᠤ ᠲᠥᠬᠦᠭᠡᠷᠦᠮᠵᠢ ᠵᠡᠷᠭᠡ ︽ᠮᠡᠷᠭᠡᠵᠢᠯ ᠤᠨ ᠪᠡᠯᠡᠭ︾ ᠬᠦᠷᠭᠡᠬᠦ ᠶᠢᠨ ᠬᠠᠮᠲᠤ ᠲᠤᠬᠠᠢ ᠶᠢᠨ ᠲᠠᠯᠠᠪᠤᠷ ᠲᠤᠨᠢ ᠦᠵᠡᠭᠦᠯᠦᠨ ᠲᠠᠨᠢᠭᠤᠯᠵᠤ᠂ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ︽ᠬᠦᠷᠭᠡᠵᠦ ᠳᠡᠶᠢᠯᠬᠦ᠂ ᠬᠡᠷᠡᠭᠯᠡᠵᠦ ᠳᠡᠶᠢᠯᠬᠦ︾ ᠪᠠᠶᠢᠬᠤ ᠶᠢ ᠦᠨᠡᠨᠬᠦ ᠪᠠᠲᠤᠯᠠᠪᠠ᠃ 
图片3.png
       ᠭᠤᠷᠪᠠ ᠳᠤ ᠮᠡᠷᠭᠡᠵᠢᠯ ᠬᠦᠷᠭᠡᠪᠡ᠃ ᠲᠡᠵᠢᠭᠡᠯ ᠡᠪᠡᠰᠦ ᠪᠣᠷᠳᠤᠭ᠎ᠠ ᠶᠢ ᠵᠣᠬᠢᠰᠲᠠᠢ ᠲᠣᠬᠢᠷᠠᠭᠤᠯᠤᠨ ᠠᠰᠢᠭᠯᠠᠬᠤ᠂ ᠬᠤᠨᠢᠨ ᠤ ᠬᠥᠮᠥᠨ ᠤ ᠬᠦᠴᠦ ᠪᠠᠷ ᠦᠷ᠎ᠡ ᠲᠣᠭᠲᠠᠭᠠᠬᠤ ᠮᠡᠷᠭᠡᠵᠢᠯ ᠵᠡᠷᠭᠡ 5 ᠵᠦᠢᠯ ᠤᠨ ᠮᠡᠷᠭᠡᠵᠢᠯ ᠤᠨ ᠬᠦᠴᠢᠷ ᠠᠰᠠᠭᠤᠳᠠᠯ ᠳᠤ ᠴᠢᠭᠯᠡᠭᠦᠯᠦᠨ᠂ ︽ᠠᠰᠠᠭᠤᠳᠠᠯ ᠳᠤ ᠴᠢᠭᠯᠡᠭᠦᠯᠦᠨ︱ᠲᠤᠰᠬᠠᠢ ᠮᠡᠷᠭᠡᠵᠢᠯᠲᠡᠨ ᠬᠠᠮᠲᠤᠷᠠᠨ ᠣᠨᠣᠰᠢᠯᠠᠬᠤ︱ᠮᠥᠷᠳᠡᠨ ᠵᠢᠯᠤᠭᠤᠳᠬᠤ︾ ᠪᠢᠲᠡᠭᠦᠦ ᠴᠠᠭᠠᠷᠢᠭ ᠤᠨ ᠲᠣᠭᠲᠠᠴᠠ ᠶᠢ ᠪᠠᠶᠢᠭᠤᠯᠵᠤ᠂ ᠠᠯᠠᠰᠢᠨ ᠬᠤᠨᠢᠨ ᠤ ᠮᠠᠯᠵᠢᠬᠤ ᠣᠷᠣᠨ ᠳᠤ ᠰᠢᠨᠵᠢᠯᠡᠬᠦ ᠤᠬᠠᠭᠠᠨᠴᠢ ᠪᠠᠷ ᠮᠠᠯᠵᠢᠬᠤ + ᠲᠡᠵᠢᠭᠡᠯ ᠨᠥᠬᠦᠪᠦᠷᠢᠯᠡᠬᠦ ᠮᠡᠷᠭᠡᠵᠢᠯ᠂ ᠠᠯᠠᠰᠢᠨ ᠬᠤᠨᠢᠨ ᠤ ᠪᠠᠷᠢᠮᠵᠢᠶᠠᠵᠢᠭᠤᠯᠤᠨ ᠦᠢᠯᠡᠳᠪᠦᠷᠢᠯᠡᠬᠦ ᠴᠢᠨᠠᠷ ᠴᠢᠨᠰᠠᠭ᠎ᠠ ᠶᠢ ᠬᠡᠮᠵᠢᠨ ᠲᠣᠭᠲᠠᠭᠠᠬᠤ ᠮᠡᠷᠭᠡᠵᠢᠯ ᠵᠡᠷᠭᠡ ᠵᠠᠩᠭᠢᠯᠠᠭ᠎ᠠ ᠶᠢᠨ ᠲᠠᠯ᠎ᠠ ᠶᠢᠨ ᠮᠡᠷᠭᠡᠵᠢᠯ ᠢ ᠬᠡᠷᠡᠭᠵᠢᠭᠦᠯᠦᠨ ᠳᠡᠭᠡᠭᠰᠢᠯᠡᠭᠦᠯᠬᠦ ᠠᠵᠢᠯ ᠢ ᠵᠢᠯᠤᠭᠤᠳᠪᠠ᠃      ᠳᠥᠷᠪᠡ ᠳᠤ ᠬᠢᠴᠢᠶᠡᠯ ᠤᠨ ᠲᠠᠩᠬᠢᠮ ᠡᠷᠬᠢᠯᠡᠪᠡ᠃ ᠵᠢᠱᠢᠶ᠎ᠡ ᠦᠵᠡᠭᠦᠯᠬᠦ ᠡᠷᠦᠬᠡ ᠳᠤ ᠲᠦᠰᠢᠭᠯᠡᠨ ︽ᠭᠡᠷ ᠪᠦᠯᠢ ᠶᠢᠨ ᠮᠡᠷᠭᠡᠵᠢᠯ ᠤᠨ ᠬᠢᠴᠢᠶᠡᠯ ᠤᠨ ᠲᠠᠩᠬᠢᠮ︾ ᠢ ᠪᠠᠶᠢᠭᠤᠯᠵᠤ᠂ ︽ᠨᠢᠭᠡ ᠡᠷᠦᠬᠡ ᠪᠠᠷ ᠣᠯᠠᠨ ᠡᠷᠦᠬᠡ ᠶᠢ ᠳᠠᠭᠠᠭᠤᠯᠬᠤ︾ ᠵᠠᠭᠪᠤᠷ ᠢᠶᠠᠷ ᠳᠠᠮᠵᠢᠭᠤᠯᠤᠨ ᠬᠥᠮᠥᠨ ᠤ ᠬᠦᠴᠦ ᠪᠠᠷ ᠦᠷ᠎ᠡ ᠲᠣᠭᠲᠠᠭᠠᠬᠤ ᠮᠡᠷᠭᠡᠵᠢᠯ᠂ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠮᠡᠷᠭᠡᠵᠢᠯ ᠢ ᠳᠡᠯᠭᠡᠷᠡᠭᠦᠯᠵᠦ᠂ ᠮᠡᠷᠭᠡᠵᠢᠯ ᠤᠨ ᠡᠬᠢ ᠪᠠᠶᠠᠯᠢᠭ ᠢ ᠬᠠᠮᠲᠤᠪᠠᠷ ᠭᠥᠷᠳᠡᠬᠦ ᠪᠠ ᠳᠡᠯᠭᠡᠷᠡᠭᠦᠯᠬᠦ ᠶᠢ ᠪᠡᠶᠡᠯᠡᠭᠦᠯᠵᠦ ᠪᠠᠶᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠬᠦᠴᠦᠨ ᠢ ᠡᠮᠬᠢᠯᠡᠨ ᠨᠡᠶᠢᠯᠡᠭᠦᠯᠵᠦ᠂ ᠬᠡᠪᠢᠭᠴᠢ ᠠᠮᠢᠲᠠᠨ ᠤ ᠰᠢᠮ᠎ᠡ ᠲᠡᠵᠢᠭᠡᠯ ᠤᠨ ᠰᠤᠳᠤᠯᠭᠠᠨ ᠤ ᠲᠤᠰᠬᠠᠢ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠭᠤᠴᠠᠭᠠᠨ ᠳᠠᠬᠢ ᠦᠬᠡᠷ ᠬᠤᠨᠢ ᠶᠢ ᠡᠷᠡᠭᠦᠯ ᠢᠶᠠᠷ ᠲᠡᠵᠢᠭᠡᠨ ᠦᠷᠡᠵᠢᠭᠦᠯᠬᠦ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠤᠰᠬᠠᠢ ᠰᠡᠳᠦᠪᠲᠦ ᠪᠣᠯᠪᠠᠰᠤᠷᠠᠯ ᠢ ᠥᠷᠨᠢᠭᠦᠯᠵᠦ᠂ ᠦᠢᠯᠡᠳᠪᠦᠷᠢᠯᠡᠯ ᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠳᠤ ᠰᠢᠭᠤᠳ ᠴᠢᠭᠯᠡᠭᠦᠯᠦᠨ᠂ ᠮᠠᠯᠴᠢᠳ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠪᠡ᠃ 
图片4.png
       ᠲᠠᠪᠤ ᠳᠤ ᠰᠢᠨ᠎ᠡ ᠶᠢ ᠡᠭᠦᠳᠬᠦ ᠶᠢ ᠠᠳᠬᠤᠪᠠ᠃ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠳ᠋ᠠ ᠪᠧᠢ ᠨᠦᠩ ᠪᠦᠯᠦᠭᠯᠡᠯ ᠵᠡᠷᠭᠡ ᠪᠠᠶᠢᠭᠤᠯᠤᠮᠵᠢ ᠲᠠᠢ ᠬᠤᠯᠪᠤᠭᠠᠯᠠᠨ᠂ ︽ᠨᠠᠮ ᠤᠨ ᠭᠡᠰᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠩᠨᠡᠭᠡ︾ ᠶᠢ ᠬᠠᠮᠲᠤᠪᠠᠷ ᠪᠠᠶᠢᠭᠤᠯᠵᠤ᠂ ︽ᠬᠤᠨᠢᠨ ᠤ ᠪᠡᠶ᠎ᠡ ᠶᠢᠨ ᠬᠡᠮᠵᠢᠶ᠎ᠡ ᠶᠢ ᠬᠡᠮᠵᠢᠨ ᠲᠣᠭᠲᠠᠭᠠᠬᠤ ᠰᠢᠰᠲ᠋ᠧᠮ︾ ︽ᠬᠤᠶᠠᠷ ᠵᠢᠯ ᠭᠤᠷᠪᠠ ᠲᠦᠯᠯᠡᠬᠦ︾ ᠵᠡᠷᠭᠡ 3 ᠵᠦᠢᠯ ᠤᠨ ᠰᠢᠨ᠎ᠡ ᠮᠡᠷᠭᠡᠵᠢᠯ ᠢ ᠦᠨᠳᠦᠰᠦᠨ ᠱᠠᠲᠤᠨ ᠳᠤ ᠲᠤᠷᠰᠢᠨ ᠬᠡᠷᠡᠭᠯᠡᠬᠦ ᠶᠢ ᠠᠬᠢᠭᠤᠯᠪᠠ᠃      ᠡᠨᠡ ᠵᠢᠯ ᠠᠴᠠ ᠨᠠᠭᠠᠰᠢ᠂ ᠬᠠᠮᠲᠤᠷᠠᠭᠰᠠᠨ ᠦᠢᠯᠡᠴᠢᠯᠡᠭᠡᠨ ᠤ ᠠᠩᠭᠢ ᠮᠠᠯᠴᠢᠳ ᠢ ᠨᠡᠶᠢᠲᠡ 40 ᠭᠠᠷᠤᠢ ᠬᠥᠮᠥᠨ ᠤᠳᠠᠭ᠎ᠠ ᠪᠣᠯᠪᠠᠰᠤᠷᠠᠭᠤᠯᠵᠤ᠂ 13 ᠮᠡᠷᠭᠡᠵᠢᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠰᠠᠭᠤᠷᠢᠨ ᠭᠠᠵᠠᠷ ᠢ ᠲᠣᠭᠲᠠᠭᠠᠵᠤ᠂ ᠵᠢᠱᠢᠶ᠎ᠡ ᠦᠵᠡᠭᠦᠯᠬᠦ ᠡᠷᠦᠬᠡ ᠶᠢᠨ ᠵᠢᠯ ᠳᠤᠮᠳᠠᠴᠢ ᠶᠢᠨ ᠣᠷᠣᠯᠭ᠎ᠠ ᠶᠢ 10% ᠠᠴᠠ ᠳᠡᠭᠡᠭᠰᠢ ᠨᠡᠮᠡᠭᠳᠡᠭᠦᠯᠬᠦ ᠪᠠᠷ ᠵᠢᠱᠢᠵᠦ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠦᠢᠯᠡᠴᠢᠯᠡᠭᠡᠨ ᠤ ᠠᠩᠭᠢ ᠶᠢᠨ ᠬᠢᠨ ︽ᠮᠠᠯᠴᠢᠨ ᠲᠦᠮᠡᠨ ᠤ ᠶᠠᠭᠤ ᠶᠢ ᠬᠠᠯᠠᠮᠵᠢᠯᠠᠵᠤ᠂ ᠶᠠᠭᠤ ᠬᠡᠷᠡᠭᠴᠡᠭᠡ ᠲᠠᠢ ᠪᠣᠯ ᠶᠠᠭᠤ ᠶᠢ ᠤᠬᠠᠭᠤᠯᠵᠤ᠂ ᠶᠠᠭᠤ ᠶᠢ ᠬᠠᠩᠭᠠᠵᠤ᠂ ᠶᠠᠭᠤ ᠶᠢ ᠰᠢᠢᠳᠪᠦᠷᠢᠯᠡᠬᠦ︾ ᠪᠠᠷ ᠤᠳᠤᠷᠢᠳᠤᠮᠵᠢ ᠪᠣᠯᠭᠠᠵᠤ᠂ ᠲᠤᠰᠠᠲᠠᠢ ᠮᠡᠷᠭᠡᠵᠢᠯ ᠢᠶᠠᠷ ᠮᠠᠯᠴᠢᠨ ᠲᠦᠮᠡᠨ ᠳᠤ ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ ᠪᠣᠳᠠᠲᠠᠢ ᠠᠰᠢᠭ ᠬᠦᠷᠲᠡᠭᠡᠵᠦ᠂ ᠮᠠᠯᠴᠢᠳ ᠢ ᠨᠠᠩ ᠪᠠᠶᠠᠨ ᠴᠢᠨᠡᠭᠡᠯᠢᠭ᠂ ᠲᠠᠯ᠎ᠠ ᠨᠤᠲᠤᠭ ᠢ ᠨᠠᠩ ᠦᠵᠡᠰᠬᠦᠯᠡᠩᠲᠦ ᠰᠠᠶᠢᠬᠠᠨ ᠪᠣᠯᠭᠠᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号