ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠸᠢᠳᠢᠤ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/11
      4 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ ᠲᠥᠷᠥ ᠶᠢᠨ ᠪᠣᠳᠣᠯᠭ᠎ᠠ ᠶᠢ ᠠᠬᠢᠭᠤᠯᠬᠤ ᠸᠢᠳᠢᠤ᠋ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠨᠡᠶᠢᠲᠡ 200 ᠭᠠᠷᠤᠢ ᠬᠥᠮᠥᠨ ᠣᠷᠣᠯᠴᠠᠵᠠᠢ᠃ 
图片1.png
     ᠬᠤᠷᠠᠯ ᠳᠡᠭᠡᠷ᠎ᠡ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠣᠳᠣᠬᠠᠨ ᠤ ᠪᠥᠬᠦ ᠣᠷᠣᠨ ᠤ ᠰᠦ ᠶᠢᠨ ᠦᠢᠯᠡᠰ ᠤᠨ ᠬᠥᠭᠵᠢᠯᠲᠡ ᠶᠢᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ︽ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠲᠣᠭᠲᠠᠭᠠᠭᠰᠠᠨ ᠠᠬᠤᠢ ᠪᠠᠶᠢᠳᠠᠯ ᠂ ᠨᠡᠶᠢᠲᠡᠯᠡᠭᠰᠡᠨ ᠵᠣᠷᠢᠯᠭ᠎ᠠ ᠪᠠ 9 ᠳᠡᠮᠵᠢᠯᠭᠡ ᠶᠢᠨ ᠠᠷᠭ᠎ᠠ ᠬᠡᠮᠵᠢᠶ᠎ᠡ ᠶᠢᠨ ᠲᠤᠬᠠᠢ ᠲᠠᠶᠢᠯᠤᠮᠵᠢ ᠬᠢᠪᠡ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠲᠣᠰ ᠲᠣᠰ ︽ᠮᠡᠳᠡᠭᠳᠡᠯ︾ ᠢ ᠠᠬᠢᠭᠤᠯᠤᠭᠰᠠᠨ ᠪᠠᠶᠢᠳᠠᠯ ᠢ ᠲᠠᠨᠢᠯᠴᠠᠭᠤᠯᠵᠤ ᠂ ᠲᠠᠷᠠᠭᠠᠴᠢ ᠶᠢᠨ ᠠᠯᠬᠤᠮ ᠤᠨ ᠠᠵᠢᠯ ᠤᠨ ᠱᠠᠭᠠᠷᠳᠠᠯᠭ᠎ᠠ ᠶᠢ ᠳᠤᠷᠠᠳᠪᠠ᠃      2022 ᠣᠨ ᠠᠴᠠ ᠨᠠᠭᠠᠰᠢ᠂ ᠬᠡᠷᠡᠭᠯᠡᠭᠡ ᠶᠢᠨ ᠳᠡᠰ ᠢ ᠪᠠᠭᠤᠷᠠᠭᠤᠯᠬᠤ᠂ ᠭᠠᠳᠠᠭᠠᠳᠤ ᠠᠴᠠ ᠣᠷᠣᠭᠤᠯᠬᠤ ᠬᠢᠮᠳᠠ ᠴᠠᠭᠠᠨ ᠢᠳᠡᠭᠡᠨ ᠤ ᠦᠢᠯᠡᠰ ᠤᠨ ᠳᠠᠭᠠᠷᠢᠯᠲᠠ ᠠᠴᠠ ᠪᠣᠯᠵᠤ᠂ ᠮᠠᠨ ᠤ ᠤᠯᠤᠰ ᠤᠨ ᠰᠦ ᠶᠢᠨ ᠦᠢᠯᠡᠰ ᠤᠨ ᠦᠨ᠎ᠡ ᠬᠠᠩᠰᠢ ᠦᠷᠭᠦᠯᠵᠢᠯᠡᠨ ᠳᠤᠷᠤᠭᠰᠢᠯᠠᠵᠤ᠂ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠶᠢᠨ ᠡᠵᠡᠩᠨᠡᠯᠲᠡ ᠬᠦᠴᠢᠷᠳᠡᠯ ᠳᠤ ᠲᠤᠯᠭᠠᠷᠠᠵᠤ᠂ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠨᠳᠦ ᠨᠣᠴᠢᠲᠠᠢ ᠬᠢᠵᠠᠭᠠᠷᠯᠠᠵᠤ ᠪᠠᠶᠢᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠠᠴᠠ ᠰᠦ ᠶᠢᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠨᠡ ᠵᠢᠯ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠰᠠᠭᠠᠯᠢ ᠶᠢᠨ ᠦᠨᠢᠶ᠎ᠡ ᠶᠢᠨ ᠠᠵᠤ ᠦᠢᠯᠡᠰ ᠤᠨ ᠬᠦᠴᠢᠷᠳᠡᠯ ᠢ ᠰᠢᠢᠳᠪᠦᠷᠢᠯᠡᠬᠦ ᠶᠢ ᠠᠩᠬ᠎ᠠ ᠤᠳᠠᠭ᠎ᠠ ᠳᠤᠷᠠᠳᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠠᠴᠠ᠂ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯᠲᠡᠢ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠡᠮᠦᠨᠡᠬᠢ ᠬᠤᠭᠤᠴᠠᠭᠠᠨ ᠳᠤ ᠲᠡᠵᠢᠭᠡᠨ ᠦᠷᠡᠵᠢᠭᠦᠯᠬᠦ ᠲᠠᠯᠠᠪᠠᠶ᠂ ᠰᠦ ᠶᠢᠨ ᠠᠵᠤ ᠠᠬᠤᠶᠢᠯᠠᠯ ᠥᠷᠭᠡᠨ ᠢᠶᠠᠷ ᠡᠭᠦᠳᠡ ᠪᠠᠨ ᠨᠡᠭᠡᠭᠡᠵᠦ ᠢᠳᠬᠠᠯ ᠬᠤᠷᠢᠶᠠᠭᠰᠠᠨ ᠤ ᠳᠠᠷᠠᠭ᠎ᠠ᠂ ᠪᠢᠳᠡ ᠲᠡᠵᠢᠭᠡᠯ ᠡᠪᠡᠰᠦ ᠪᠣᠷᠳᠣᠭᠠᠨ ᠤ ᠵᠢᠭᠡᠯᠡᠯᠭᠡ ᠶᠢᠨ ᠳᠠᠮ ᠬᠦᠦ᠂ ᠠᠷᠠᠴᠢᠯᠠᠨ ᠪᠤᠯᠪᠠᠰᠤᠷᠠᠭᠤᠯᠬᠤ ᠶᠢ ᠨᠢᠭᠡ ᠴᠣᠭᠴᠠᠵᠢᠭᠤᠯᠤᠭᠰᠠᠨ ᠨᠥᠬᠦᠪᠦᠷᠢ᠂ ᠲᠦᠭᠦᠬᠡᠢ ᠰᠢᠨ᠎ᠡ ᠰᠦ ᠶᠢᠨ ᠦᠨ᠎ᠡ ᠬᠠᠩᠰᠢ ᠶᠢᠨ ᠳᠠᠭᠠᠳᠬᠠᠯ᠂ ᠨᠤᠨᠳᠠᠭ ᠰᠦᠷᠴᠢᠬᠦ ᠨᠥᠬᠦᠪᠦᠷᠢ᠂ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠴᠠᠭᠠᠨ ᠢᠳᠡᠭᠡᠨ ᠤ ᠤᠬᠠᠭᠤᠯᠭ᠎ᠠ ᠲᠠᠨᠢᠯᠴᠠᠭᠤᠯᠭ᠎ᠠ᠂ ᠴᠠᠭᠠᠨ ᠢᠳᠡᠭᠡᠨ ᠤ ᠬᠡᠷᠡᠭᠯᠡᠭᠡ ᠶᠢ ᠨᠡᠮᠡᠭᠳᠡᠭᠦᠯᠬᠦ ᠪᠠ ᠪᠡᠯᠡ ᠮᠥᠩᠭᠦ ᠥᠭᠬᠦ ᠶᠢ ᠴᠢᠩᠭᠠᠳᠬᠠᠬᠤ ᠵᠡᠷᠭᠡ 9 ᠲᠠᠯ᠎ᠠ ᠪᠠᠷ ︽ᠰᠦ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ ᠲᠤᠬᠠᠢ ᠮᠡᠳᠡᠭᠳᠡᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠦᠨᠡᠨ ᠠᠯᠳᠠ ᠮᠥᠩᠭᠦ ᠪᠠᠷ ᠱᠠᠩᠨᠠᠬᠤ᠂ ᠨᠥᠬᠦᠪᠦᠷᠢ ᠮᠦᠩᠭᠦ ᠥᠭᠬᠦ ᠪᠠᠷ ᠳᠠᠮᠵᠢᠭᠤᠯᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠡᠯ᠎ᠡ ᠭᠤᠣᠯ ᠴᠣᠭᠴᠠ ᠶᠢᠨ ᠢᠲᠡᠭᠡᠯ ᠵᠣᠷᠢᠭ ᠢ ᠬᠦᠪᠴᠢᠯᠠᠬᠦ ᠬᠡᠷᠡᠭᠲᠡᠢ ᠭᠡᠵᠦ ᠴᠢᠬᠤᠯᠠᠴᠢᠯᠠᠪᠠ᠃ ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠠᠴᠠ ᠨᠠᠭᠠᠰᠢ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠥᠷᠭᠡᠨ ᠳᠡᠯᠭᠡᠷ ᠠᠩᠬᠠᠷᠤᠯ ᠢ ᠲᠠᠲᠠᠵᠤ᠂ ᠲᠠᠷᠢᠶᠠᠴᠢᠳ ᠤᠨ ᠡᠳᠦᠷ ᠤᠨ ᠰᠣᠨᠢᠨ ᠤ ᠲᠡᠷᠢᠭᠦᠨ ᠬᠡᠪᠯᠡᠯ ᠳᠤ ︽ᠥᠪᠥᠷ ᠮᠣᠩᠭᠤᠯ ᠤᠨ ᠨᠡᠶᠢᠲᠡᠯᠡᠭᠰᠡᠨ ᠠᠷᠭ᠎ᠠ ᠬᠡᠮᠵᠢᠶ᠎ᠡ ᠪᠠ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠳᠡᠮᠵᠢᠶ᠎ᠡ︾ ᠭᠡᠬᠦ ᠰᠡᠳᠬᠦᠯ ᠢ ᠨᠡᠶᠢᠲᠡᠯᠡᠵᠦ᠂ ᠠᠷᠠᠳ ᠤᠨ ᠰᠦᠯᠵᠢᠶ᠎ᠡ ᠂ ᠲᠥᠪ ᠤᠨ ᠷᠠᠳᠢᠣ᠋ ᠲᠧᠯᠸᠢᠰ ᠤᠨ ᠰᠦᠯᠵᠢᠶ᠎ᠡ᠂ ᠰᠢᠨ ᠯᠠᠩ ᠰᠦᠯᠵᠢᠶ᠎ᠡ᠂ ᠰᠦ ᠶᠢᠨ ᠦᠢᠯᠡᠰ ᠤᠨ ᠴᠠᠭ ᠤᠨ ᠰᠣᠨᠢᠨ ᠵᠡᠷᠭᠡ ᠭᠤᠣᠯ ᠵᠠᠭᠤᠴᠢᠯᠠᠭᠤᠷ ᠪᠠ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠡᠯ᠎ᠡ ᠱᠠᠲᠤᠨ ᠤ ᠬᠠᠮ ᠵᠠᠭᠤᠴᠢᠯᠠᠭᠤᠷ ᠤᠨ ᠲᠠᠪᠴᠠᠩ ᠲᠥᠷᠥ ᠶᠢᠨ ᠪᠣᠳᠣᠯᠭ᠎ᠠ ᠨᠡᠶᠢᠲᠡᠯᠡᠭᠰᠡᠨ ᠳᠤ ᠰᠢᠯᠵᠢᠭᠦᠯᠦᠨ ᠨᠡᠶᠢᠲᠡᠯᠡᠵᠦ᠂ ᠲᠣᠳᠣᠯᠠᠭᠰᠠᠨ ᠬᠡᠮᠵᠢᠶ᠎ᠡ ᠨᠢ 10 ᠲᠦᠮᠡ ᠭᠠᠷᠤᠢ ᠤᠳᠠᠭ᠎ᠠ ᠬᠦᠷᠴᠡᠢ᠃
图片2.png
    ᠲᠠᠷᠠᠭᠠᠴᠢ ᠶᠢᠨ ᠠᠯᠬᠤᠮ ᠳᠤ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠰᠦ ᠶᠢᠨ ᠦᠢᠯᠡᠰ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠦ ᠶᠢᠨ ᠦᠢᠯᠡᠰ ᠤᠨ ᠭᠤᠣᠯ ᠴᠣᠭᠴᠠ ᠶᠢᠨ ᠲᠥᠷᠥ ᠶᠢᠨ ᠪᠣᠳᠣᠯᠭ᠎ᠠ ᠶᠢᠨ ᠲᠤᠬᠠᠢ ︽ᠮᠡᠳᠡᠬᠦ ᠶᠣᠰᠣᠲᠠᠢ ᠶᠢ ᠨᠢ ᠮᠡᠳᠡᠵᠦ᠂ ᠡᠳ᠋ᠯᠡᠪᠡᠰᠦ ᠵᠣᠬᠢᠬᠤ ᠶᠢ ᠨᠢ ᠴᠥᠮ ᠡᠳ᠋ᠯᠡᠬᠦ︾ ᠶᠢ ᠦᠨᠡᠨ ᠬᠦ ᠪᠠᠲᠤᠯᠠᠵᠤ᠂ ᠰᠦ ᠶᠢᠨ ᠦᠢᠯᠡᠰ ᠤᠨ ᠬᠦᠴᠢᠷᠳᠡᠯ ᠢ ᠰᠢᠢᠳᠪᠦᠷᠢᠯᠡᠬᠦ ᠶᠢ ᠬᠦᠴᠦᠯᠡᠨ ᠠᠬᠢᠭᠤᠯᠵᠤ᠂ ᠪᠥᠬᠦ ᠣᠷᠣᠨ ᠤ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号