ᠠᠦ᠋ᠰᠲᠷᠠᠯᠢᠶ᠎ᠠ ᠶᠢᠨ 50 ᠭᠠᠷᠤᠢ ᠮᠠᠯᠴᠢᠨ ᠣᠷᠳᠣᠰ ᠬᠤᠳᠠ ᠶᠢᠨ ᠦᠦᠰᠢᠨ ᠬᠤᠰᠢᠭᠤᠨ ᠳᠤ ᠢᠷᠡᠵᠦ ᠲᠤᠷᠰᠢᠯᠭ᠎ᠠ ᠰᠣᠯᠢᠯᠴᠠᠪᠠ
ᠨᠡᠶᠢᠲᠡᠯᠡᠭᠰᠡᠨ ᠴᠠᠭ᠄
2025/4/11
      ᠣᠶᠢᠷ᠎ᠠ ᠳᠤ᠂ ᠠᠦ᠋ᠰᠲᠷᠠᠯᠢᠶ᠎ᠠ ᠶᠢᠨ 50 ᠭᠠᠷᠤᠢ ᠮᠠᠯᠴᠢᠨ ᠣᠷᠳᠣᠰ ᠬᠤᠳᠠ ᠶᠢᠨ ᠦᠦᠰᠢᠨ ᠬᠤᠰᠢᠭᠤᠨ ᠳᠤ ᠢᠷᠡᠵᠦ ᠣᠷᠳᠣᠰ ᠤᠨ ᠨᠠᠷᠢᠨ ᠨᠣᠣᠰᠣᠲᠤ ᠬᠤᠨᠢᠨ ᠤ ᠠᠵᠤ ᠦᠢᠯᠡᠰ ᠪᠠ ᠮᠣᠣᠠᠣᠰᠣ ᠶᠢᠨ ᠡᠯᠡᠰᠦᠷᠬᠡᠭ ᠭᠠᠵᠠᠷ ᠤᠨ ᠠᠮᠢ ᠠᠬᠤᠢ ᠶᠢᠨ ᠵᠠᠰᠠᠯᠲᠠ ᠶᠢᠨ ᠲᠤᠬᠠᠢ ᠲᠣᠭᠤᠷᠢᠨ ᠦᠵᠡᠵᠦ᠂ ᠬᠤᠶᠠᠷ ᠲᠠᠯ᠎ᠠ ᠪᠠᠷ ᠢᠶᠠᠨ ᠲᠤᠷᠰᠢᠯᠭ᠎ᠠ ᠪᠠᠨ ᠰᠣᠯᠢᠯᠴᠠᠵᠠᠢ᠃ ᠲᠣᠰ ᠠᠵᠢᠯᠯᠠᠭ᠎ᠠ ᠳᠤ ᠠᠦ᠋ᠰᠲᠷᠠᠯᠢᠶ᠎ᠠ ᠶᠢᠨ ᠮᠠᠯᠴᠢᠳ ᠦᠦᠰᠢᠨ ᠬᠤᠰᠢᠭᠤᠨ ᠤ ᠣᠷᠳᠣᠰ ᠤᠨ ᠨᠠᠷᠢᠨ ᠨᠣᠣᠰᠣᠲᠤ ᠬᠤᠨᠢ ᠮᠠᠯᠵᠢᠵᠤ ᠪᠠᠶᠢᠭ᠎ᠠ ᠬᠤᠷᠰᠢᠶ᠎ᠠ᠂ ᠵᠢᠱᠢᠶᠡᠴᠢ ᠡᠷᠣᠭᠡ ᠵᠡᠷᠭᠡ ᠳᠤ ᠭᠦᠨᠵᠡᠭᠡᠶᠢᠷᠡᠨ᠂ ᠠᠦ᠋ᠰᠲᠷᠠᠯᠢᠶ᠎ᠠ ᠶᠢᠨ ᠨᠠᠷᠢᠨ ᠨᠣᠣᠰᠣᠲᠤ ᠬᠤᠨᠢ ᠪᠠ ᠣᠷᠳᠣᠰ ᠤᠨ ᠨᠠᠷᠢᠨ ᠨᠣᠣᠰᠣᠲᠤ ᠬᠤᠨᠢᠨ ᠤ ᠮᠢᠬ᠎ᠠ ᠨᠣᠣᠰᠣᠨ ᠤ ᠵᠥᠷᠢᠶ᠎ᠡ ᠶᠢ ᠪᠠᠶᠢᠴᠠᠭᠠᠨ ᠰᠤᠳᠤᠯᠵᠤ᠂ ᠬᠤᠶᠠᠷ ᠲᠠᠯ᠎ᠠ ᠪᠠᠷ ᠢᠶᠠᠨ ᠨᠠᠷᠢᠨ ᠨᠣᠣᠰᠣᠲᠤ ᠬᠤᠨᠢᠨ ᠤ ᠲᠤᠬᠠᠢ ᠬᠠᠮᠲᠤᠷᠠᠨ ᠠᠵᠢᠯᠯᠠᠬᠤ ᠭᠡᠷ᠎ᠡ ᠲᠣᠭᠲᠠᠵᠠᠢ᠃ ᠪᠠᠰᠠ ᠮᠣᠣᠠᠣᠰᠣ ᠶᠢᠨ ᠡᠯᠡᠰᠦᠷᠬᠡᠭ ᠭᠠᠵᠠᠷ ᠤᠨ ᠠᠮᠢ ᠠᠬᠤᠢ ᠶᠢᠨ ᠵᠠᠰᠠᠯᠲᠠ ᠶᠢᠨ ᠣᠶᠢᠵᠢᠭᠤᠯᠤᠯᠲᠠ ᠶᠢᠨ ᠰᠠᠭᠤᠷᠢᠨ ᠳᠤ ᠬᠦᠷᠴᠦ ᠪᠣᠳᠠᠲᠤ ᠦᠢᠯᠡᠳᠦᠯᠭᠡ ᠳᠤ ᠣᠷᠣᠯᠴᠠᠪᠠ᠃ ᠵᠢᠷᠤᠭ ᠪᠣᠯ ᠠᠦ᠋ᠰᠲᠷᠠᠯᠢᠶ᠎ᠠ ᠶᠢᠨ ᠮᠠᠯᠴᠢᠳ ᠣᠷᠳᠣᠰ ᠤᠨ ᠨᠠᠷᠢᠨ ᠨᠣᠣᠰᠣᠲᠤ ᠬᠤᠨᠢ ᠶᠢ ᠦᠵᠡᠵᠦ ᠪᠠᠶᠢᠭ᠎ᠠ ᠨᠢ᠃
53.png
      ᠳᠤᠰ ᠰᠣᠨᠢᠨ ᠤ ᠰᠤᠷᠪᠤᠯᠵᠢᠯᠠᠬᠴᠢ ᠪᠤᠶ᠋ᠬᠠᠨᠡᠷᠢᠯ ᠴᠢᠮᠡᠭᠡᠯᠡᠭᠴᠢ ᠲᠠᠨ᠎ᠠ ᠰᠡᠭᠦᠳᠡᠷᠯᠡᠪᠡ 
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号