ᠬᠠᠪᠤᠷ ᠤᠨ ᠤᠷᠢᠬᠠᠨ ᠰᠠᠯᠬᠢ ᠲᠦᠮᠡᠨ ᠪᠠᠶᠢᠳᠠᠯ ᠢ ᠰᠢᠨᠡᠳᠭᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠢᠶᠠᠷ ᠲᠠᠷᠢᠶᠠᠯᠠᠩ ᠢ ᠲᠤᠰᠠᠯᠠᠬᠤ ᠠᠵᠢᠯ ᠡᠷᠴᠢᠮᠳᠡᠢ ᠶᠠᠪᠤᠭᠳᠠᠨᠠᠮ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ︽ᠨᠠᠮ ᠤᠨ ᠠᠴᠢ ᠳᠤ ᠲᠠᠯᠠᠷᠬᠠᠵᠤ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠰᠤᠷᠭᠠᠨ ᠬᠥᠮᠦᠵᠢᠯ ᠤᠨ ︽1257︾ ᠶᠢᠨ | ᠠᠵᠢᠯᠯᠠᠭ᠎ᠠ ᠶᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 4 | ᠰᠠᠷ᠎ᠠ ᠶᠢᠨ 10 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠷᠠᠳᠢᠣ᠋ | ᠲᠧᠯᠸᠢᠰ ᠤᠨ ᠰᠤᠷᠭᠠᠭᠤᠯᠢ ᠠᠴᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠲᠠᠷᠢᠮᠠᠯ ᠤᠨ ᠦᠢᠯᠡᠰ ᠤᠨ | ᠭᠠᠵᠠᠷ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠦᠢᠯᠡᠰ ᠢ ᠠᠬᠢᠭᠤᠯᠬᠤ ᠭᠠᠵᠠᠷ᠂ | ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠭᠠᠵᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠵᠠᠷ᠂ | ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ᠂ ᠠᠮᠢ ᠠᠬᠤᠢ ᠶᠢᠨ ᠲᠥᠪ ᠵᠢᠴᠢ | ᠯᠢᠶᠡᠩᠴᠧᠩ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠪᠴᠢᠶ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠬᠥᠭᠵᠢᠯᠲᠡ ᠶᠢᠨ ᠲᠥᠪ᠂ ᠯᠢᠶᠡᠩᠴᠧᠩ | ᠰᠢᠶᠠᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠲᠠᠢ ᠬᠠᠮᠲᠤᠷᠠᠨ᠂ ᠯᠢᠶᠡᠩᠴᠧᠩ ᠰᠢᠶᠠᠨ ᠤ ᠬᠤᠩ | ᠮᠣᠣ ᠪᠠᠯᠭᠠᠰᠤᠨ ᠳᠤ ︽︿1257﹀ ᠶᠢᠨ ᠠᠵᠢᠯᠯᠠᠭ᠎ᠠ︱ᠨᠠᠮ ᠤᠨ ᠪᠠᠶᠢᠭᠤᠯᠤᠯᠲᠠ ᠬᠦᠲᠦᠯᠤᠨ ᠳᠠᠭᠠᠭᠤᠯᠬᠤ᠂ | ᠲᠥᠷᠥ ᠶᠢᠨ ᠪᠣᠳᠣᠯᠭ᠎ᠠ ᠬᠦᠷᠭᠡᠬᠦ᠂ ᠮᠡᠷᠭᠡᠵᠢᠯ ᠬᠦᠷᠭᠡᠬᠦ᠂ ᠦᠢᠯᠡᠴᠢᠯᠡᠭᠡ ᠬᠦᠷᠭᠡᠬᠦ᠂ ᠬᠥᠳᠡᠭᠡ ᠲᠣᠰᠬᠤᠨ ᠳᠤ ᠬᠦᠷᠬᠦ᠂ | ᠲᠠᠷᠢᠶᠠᠴᠢᠨ ᠡᠷᠦᠬᠡ ᠳᠤ ᠬᠦᠷᠬᠦ᠂ ᠲᠠᠷᠢᠶᠠᠨ ᠭᠠᠵᠠᠷ ᠲᠤ ᠬᠦᠷᠬᠦ ︵ᠭᠤᠷᠪᠠ ᠶᠢ ᠬᠦᠷᠭᠡᠵᠦ ᠭᠤᠷᠪᠠ ᠳᠤ ᠬᠦᠷᠬᠦ︶︾ | ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠶᠢ ᠰᠢᠨ᠎ᠡ ᠪᠠᠷ ᠡᠭᠦᠳᠦᠨ ᠦᠷᠨᠢᠭᠦᠯᠬᠦ ᠶᠢᠨ ᠬᠠᠮᠳᠤ | ︽ᠮᠧᠩ ᠨᠤᠩ ᠴᠦᠸᠠᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ 110︾ ᠤᠬᠠᠭᠤᠯᠭ᠎ᠠ ᠶᠢᠨ ᠠᠵᠢᠯᠯᠠᠭ᠎ᠠ | ᠦᠷᠨᠢᠭᠦᠯᠪᠡ᠃ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠮᠡᠷᠭᠡᠵᠢᠯ ᠢ ᠳᠣᠷᠣᠭᠰᠢ ᠬᠦᠷᠭᠡᠬᠦ᠂ | ᠦᠢᠯᠡᠴᠢᠯᠡᠭᠡ ᠶᠢ ᠲᠣᠰᠬᠤᠨ ᠳᠤ ᠬᠦᠷᠭᠡᠬᠦ ᠪᠠᠷ ᠳᠠᠮᠵᠢᠭᠤᠯᠤᠨ ᠮᠠᠯᠴᠢᠨ ᠲᠠᠷᠢᠶᠠᠴᠢᠨ ᠤ ᠬᠦᠴᠢᠷ ᠵᠣᠪᠠᠭᠤᠷᠢ ᠶᠢ | ᠦᠨᠡᠨ ᠬᠦ ᠰᠢᠢᠳᠪᠦᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ | ︽ᠨᠠᠮ ᠤᠨ ᠪᠠᠶᠢᠭᠤᠯᠤᠯᠲᠠ ᠶᠢᠨ ᠤᠯᠠᠭᠠᠨ︾ ᠢᠶᠠᠷ ︽ᠬᠠᠪᠤᠷ ᠤᠨ ᠲᠠᠷᠢᠶᠠᠯᠠᠭ᠎ᠠ ᠶᠢᠨ ᠨᠣᠭᠤᠭᠠᠷᠠᠭᠤᠯᠤᠯᠲᠠ︾ ᠶᠢ | ᠬᠥᠲᠥᠯᠥᠨ ᠳᠠᠭᠠᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ︽ᠰᠠᠶᠢᠨ ᠡᠬᠢᠯᠡᠯᠲᠡ︾ ᠶᠢ ᠴᠢᠷᠮᠠᠶᠢᠨ ᠲᠡᠮᠡᠴᠡᠨ | ᠣᠯᠪᠠ᠃ | | | | ᠲᠣᠰ ᠤᠳᠠᠭᠠᠨ ᠤ ᠠᠵᠢᠯᠯᠠᠭ᠎ᠠ ᠨᠢ ᠮᠠᠯᠴᠢᠨ ᠲᠠᠷᠢᠶᠠᠴᠢᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠠᠵᠢᠯ ᠢᠶᠠᠷ ᠵᠣᠭᠰᠣᠴᠠ ᠪᠣᠯᠭᠠᠵᠤ᠂ ︽ᠭᠤᠷᠪᠠ ᠶᠢ ᠬᠦᠷᠭᠡᠵᠦ ᠭᠤᠷᠪᠠ ᠳᠤ ᠬᠦᠷᠬᠦ︾ ᠦᠢᠯᠡᠴᠢᠯᠡᠭᠡ ᠶᠢ ᠥᠷᠨᠢᠭᠦᠯᠵᠦ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ᠵᠢᠴᠢ ᠲᠤᠬᠠᠢ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ | ᠤᠳᠤᠷᠢᠳᠤᠯᠭ᠎ᠠ᠂ ᠲᠤᠰᠬᠠᠢ ᠮᠡᠷᠭᠡᠵᠢᠯᠲᠡᠨ᠂ ᠮᠡᠷᠭᠡᠵᠢᠯ ᠤᠨ ᠭᠤᠣᠯᠯᠠᠭᠴᠢ ᠬᠦᠴᠦᠨ ᠵᠡᠷᠭᠡ ᠠᠷᠪᠠ ᠭᠠᠷᠤᠢ | ᠬᠥᠮᠥᠨ ᠢᠶᠠᠷ ᠪᠦᠷᠢᠯᠳᠦᠭᠰᠡᠨ ᠦᠢᠯᠡᠴᠢᠯᠡᠭᠡᠨ ᠤ ᠪᠦᠯᠬᠦᠮ ᠤᠨ ᠬᠢᠨ ᠯᠢᠶᠡᠩᠴᠧᠩ ᠰᠢᠶᠠᠨ ᠤ ᠬᠤᠩ ᠮᠣᠣ | ᠪᠠᠯᠭᠠᠰᠤᠨ ᠤ ᠲᠠᠷᠢᠶᠠᠨ ᠭᠠᠵᠠᠷ ᠲᠤ ᠭᠦᠨᠵᠡᠭᠡᠶᠢᠷᠡᠨ ᠮᠠᠯᠴᠢᠨ ᠲᠠᠷᠢᠶᠠᠴᠢᠨ ᠳᠤ ᠲᠥᠷᠥ ᠶᠢᠨ ᠪᠣᠳᠣᠯᠭ᠎ᠠ ᠶᠢ | ᠲᠠᠶᠢᠯᠪᠤᠷᠢᠯᠠᠬᠤ᠂ ᠮᠡᠷᠭᠡᠵᠢᠯ ᠢ ᠤᠬᠠᠭᠤᠯᠤᠨ ᠲᠠᠶᠢᠯᠪᠤᠷᠢᠯᠠᠬᠤ᠂ ᠬᠡᠷᠡᠭᠴᠡᠭᠡ ᠱᠠᠭᠠᠷᠳᠠᠯᠭ᠎ᠠ ᠶᠢ ᠵᠣᠯᠭᠠᠭᠤᠯᠬᠤ ᠵᠡᠷᠭᠡ | ᠠᠵᠢᠯᠯᠠᠭ᠎ᠠ ᠥᠷᠨᠢᠭᠦᠯᠵᠦ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠤᠨ ᠳᠤᠮᠳᠠ ᠲᠤᠯᠭᠠᠷᠠᠭᠰᠠᠨ ᠪᠣᠳᠠᠲᠠᠢ | ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ | ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠶᠢ ᠠᠬᠢᠭᠤᠯᠪᠠ᠃ | | | | ᠨᠢᠭᠡ ᠳᠤ ᠲᠥᠷᠥ ᠶᠢᠨ ᠪᠣᠳᠣᠯᠭ᠎ᠠ ᠬᠦᠷᠭᠡᠪᠡ᠃ ᠪᠦᠯᠬᠦᠮ ᠨᠡᠶᠢᠲᠡ ᠶᠢᠨ ᠡᠯ᠎ᠡ ᠪᠦᠷᠢᠯᠳᠦᠭᠦᠨ ᠨᠠᠷ ᠲᠠᠷᠢᠶᠠᠴᠢᠨ | ᠡᠷᠦᠬᠡ ᠳᠤ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠥᠭᠴᠦ᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢᠨ ᠡᠮᠬᠢᠳᠬᠡᠯ︾᠂ ︽ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢᠨ ᠬᠠᠤᠯᠢ ᠴᠠᠭᠠᠵᠠ ᠶᠢᠨ | ᠳᠦᠷᠢᠮ ᠤᠨ ᠡᠮᠬᠢᠳᠬᠡᠯ︾ ᠵᠡᠷᠭᠡ 8 ᠲᠥᠷᠥᠯ ᠤᠨ ᠬᠡᠷᠡᠭᠯᠡᠭᠡᠨ ᠤ ᠭᠠᠷ ᠳᠡᠪᠲᠡᠷ ᠢ ᠲᠤᠬᠠᠢ ᠶᠢᠨ ᠲᠠᠯᠠᠪᠠᠶ ᠳᠤ | ᠲᠠᠷᠬᠠᠭᠠᠵᠤ᠂ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠠᠷᠢᠶᠠᠨ ᠭᠠᠵᠠᠷ ᠲᠤ | ᠬᠦᠷᠭᠡᠵᠦ᠂ ᠲᠥᠷᠥ ᠶᠢᠨ ᠪᠣᠳᠣᠯᠭ᠎ᠠ ᠶᠢ ᠮᠡᠳᠡᠬᠦ ᠨᠣᠷᠮ᠎ᠠ ᠶᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ ᠢ ᠬᠠᠪᠰᠤᠷᠤᠨ | ᠲᠥᠷᠥ ᠶᠢᠨ ᠪᠣᠳᠣᠯᠭ᠎ᠠ ᠶᠢᠨ ᠠᠪᠴᠢᠷᠠᠭᠰᠠᠨ ᠪᠣᠳᠠᠲᠤ ᠠᠰᠢᠭ ᠲᠤᠰᠠ ᠶᠢ ᠨᠠᠩ ᠰᠠᠶᠢᠲᠤᠷ ᠡᠳ᠋ᠯᠡᠭᠦᠯᠪᠡ᠃ | ᠬᠤᠶᠠᠷ ᠲᠤ ᠮᠡᠷᠭᠡᠵᠢᠯ ᠬᠦᠷᠭᠡᠪᠡ᠃ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠭᠠᠵᠠᠷ ᠤᠨ ᠮᠡᠷᠭᠡᠵᠢᠯ ᠤᠨ | ᠭᠤᠣᠯᠯᠠᠭᠴᠢ ᠬᠦᠴᠦᠨ ᠾᠧ ᠫᠧᠩ ᠴᠧᠩ ᠠᠴᠠ ᠬᠠᠪᠤᠷ ᠤᠨ ᠲᠠᠷᠢᠶᠠᠯᠠᠭ᠎ᠠ ᠶᠢᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠲᠤᠬᠠᠢ ᠶᠢᠨ ᠲᠠᠯᠠᠪᠤᠷ ᠲᠤ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠪᠠ | ᠡᠭᠡᠭᠦᠯᠦᠨ ᠬᠤᠷᠢᠶᠠᠬᠤ ᠮᠡᠷᠭᠡᠵᠢᠯ ᠢ ᠵᠢᠱᠢᠶ᠎ᠡ ᠦᠵᠡᠭᠦᠯᠬᠦ ᠶᠢᠨ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠳᠤ ᠬᠡᠷᠡᠭᠯᠡᠬᠦ ᠨᠢᠮᠭᠡᠨ ᠰᠦᠯᠢᠶᠥᠦ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ | ᠳᠦᠷᠢᠮ︾ ᠤᠨ ᠤᠬᠠᠭᠤᠯᠭ᠎ᠠ ᠶᠢᠨ ᠡᠯᠭᠦᠭᠡ ᠵᠢᠷᠤᠭ ᠢ ᠲᠠᠷᠬᠠᠭᠠᠵᠤ᠂ ᠮᠠᠯᠴᠢᠨ ᠲᠠᠷᠢᠶᠠᠴᠢᠨ ᠳᠤ ᠰᠦᠯᠢᠶᠥᠦ | ᠪᠦᠷᠬᠦᠪᠴᠢ ᠶᠢ ᠵᠥᠪ ᠢᠶᠠᠷ ᠰᠣᠩᠭᠤᠬᠤ᠂ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ᠂ ᠴᠠᠭ ᠲᠤᠬᠠᠢ ᠳᠤᠨᠢ ᠬᠤᠷᠢᠶᠠᠬᠤ᠂ | ᠣᠯᠠᠨ ᠡᠬᠢᠲᠦ ᠪᠣᠬᠢᠷᠲᠤᠯ ᠢ ᠪᠠᠭᠠᠰᠬᠠᠨ᠂ ᠲᠠᠷᠢᠶᠠᠨ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠲᠤᠪᠠᠷ | ᠬᠠᠮᠠᠭᠠᠯᠠᠬᠤ ᠶᠢ ᠬᠦᠲᠦᠯᠦᠨ ᠵᠢᠯᠤᠭᠤᠳᠪᠠ᠃ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ | ᠲᠥᠪ ᠤᠨ ᠲᠤᠰᠬᠠᠢ ᠮᠡᠷᠭᠡᠵᠢᠯᠲᠡᠨ ᠯᠦ ᠪᠧᠢ ᠠᠴᠠ ᠲᠠᠷᠢᠶᠠᠨ ᠡᠮ ᠤᠨ ᠨᠡᠷᠡᠰ ᠢ ᠨᠠᠷᠢᠨ ᠲᠠᠶᠢᠯᠪᠤᠷᠢᠯᠠᠵᠤ᠂ ᠬᠤᠣᠷ | ᠶᠡᠬᠡᠲᠡᠢ᠂ ᠦᠯᠡᠳᠡᠭᠳᠡᠯ ᠶᠡᠬᠡᠲᠡᠢ ᠲᠠᠷᠢᠶᠠᠨ ᠡᠮ ᠬᠡᠷᠡᠭᠯᠡᠬᠦ ᠶᠢ ᠴᠠᠭᠠᠵᠠᠯᠠᠬᠤ ᠪᠠ ᠣᠨᠴᠠ ᠲᠣᠭᠲᠠᠭᠰᠠᠨ ᠲᠠᠷᠢᠮᠠᠯ ᠳᠤ | ᠬᠡᠷᠡᠭᠯᠡᠬᠦ ᠶᠢ ᠬᠢᠵᠠᠭᠠᠷᠯᠠᠬᠤ ᠬᠡᠰᠡᠭ ᠲᠠᠷᠢᠶᠠᠨ ᠡᠮ ᠢ ᠪᠠᠭᠲᠠᠭᠠᠪᠠ᠃ ᠲᠠᠷᠢᠶᠠᠴᠢᠨ ᠡᠷᠦᠬᠡ ᠳᠤ ᠲᠠᠷᠢᠶᠠᠨ ᠡᠮ ᠤᠨ | ᠪᠣᠭᠤᠳᠠᠯ ᠪᠠᠭᠯᠠᠭ᠎ᠠ ᠶᠢ 2 - 3 ᠤᠳᠠᠭ᠎ᠠ ᠤᠬᠢᠶᠠᠵᠤ ᠴᠡᠪᠡᠷᠯᠡᠭᠰᠡᠨ ᠤ ᠳᠠᠷᠠᠭ᠎ᠠ ᠴᠡᠭ ᠲᠣᠭᠲᠠᠭᠠᠨ ᠬᠤᠷᠢᠶᠠᠨ | ᠠᠪᠴᠤ᠂ ᠣᠷᠴᠢᠨ ᠲᠣᠭᠤᠷᠢᠨ ᠢ ᠪᠣᠬᠢᠷᠲᠤᠭᠤᠯᠬᠤ ᠠᠴᠠ ᠵᠠᠶᠢᠯᠠᠰᠬᠢᠬᠤ ᠶᠢ ᠵᠢᠯᠤᠭᠤᠳᠪᠠ᠃ ᠲᠠᠷᠢᠶᠠᠨ ᠡᠮ ᠤᠨ ᠠᠮᠤᠷ | ᠲᠦᠪᠰᠢᠨ ᠤ ᠲᠤᠰᠠᠭᠠᠷᠯᠠᠬᠤ ᠬᠤᠭᠤᠴᠠᠭᠠᠨ ᠤ ᠬᠠᠮᠢᠶᠠᠷᠤᠯᠲᠠ ᠶᠢ ᠭᠤᠣᠯᠳᠠᠯᠭ᠎ᠠ ᠲᠠᠢ ᠴᠢᠬᠤᠯᠠᠴᠢᠯᠠᠵᠤ᠂ ᠰᠢᠨᠵᠢᠯᠡᠬᠦ | ᠤᠬᠠᠭᠠᠨᠴᠢ ᠪᠠᠷ ᠡᠮ ᠬᠡᠷᠡᠭᠯᠡᠬᠦ ᠶᠢ ᠱᠠᠭᠠᠷᠳᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠲᠠᠷᠢᠶᠠᠨ ᠡᠮ ᠤᠨ | ᠦᠯᠡᠳᠡᠭᠳᠡᠯ ᠢ ᠪᠠᠶᠢᠴᠠᠭᠠᠨ ᠬᠡᠮᠵᠢᠵᠦ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠵᠤ᠂ ᠢᠳᠡᠭᠡᠨ ᠤ ᠠᠮᠤᠷ | ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠬᠤ ᠶᠢ ᠭᠤᠣᠯᠯᠠᠨ ᠱᠠᠭᠠᠷᠳᠠᠪᠠ᠃ | ᠭᠤᠷᠪᠠ ᠳᠤ ᠦᠢᠯᠡᠴᠢᠯᠡᠭᠡ ᠬᠦᠷᠭᠡᠪᠡ᠃ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠳ ᠲᠠᠢ | ᠲᠣᠭᠤᠷᠢᠨ ᠰᠠᠭᠤᠵᠤ ᠴᠢᠯᠦᠭᠡᠲᠡᠢ ᠶᠠᠷᠢᠯᠴᠠᠵᠤ᠂ ᠮᠥᠷᠳᠡᠨ ᠰᠤᠷᠪᠤᠯᠵᠢᠯᠠᠬᠤ ᠦᠢᠯᠡᠴᠢᠯᠡᠭᠡ ᠦᠷᠨᠢᠭᠦᠯᠪᠡ᠃ ᠥᠨᠳᠥᠷ | ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠤ ᠬᠥᠮᠥᠵᠢᠭᠦᠯᠬᠦ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ | ᠪᠠᠶᠢᠴᠠᠭᠠᠯᠲᠠ ᠥᠷᠨᠢᠭᠦᠯᠵᠦ᠂ ᠮᠠᠯᠴᠢᠨ ᠲᠠᠷᠢᠶᠠᠴᠢᠨ ᠤ ᠪᠣᠯᠪᠠᠰᠤᠷᠠᠯ ᠤᠨ ᠲᠠᠯ᠎ᠠ ᠪᠠᠷ ᠬᠢ ᠪᠣᠳᠠᠲᠠᠢ ᠬᠡᠷᠡᠭᠴᠡᠭᠡ | ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠤ ᠰᠤᠷᠴᠤ | ᠬᠡᠷᠡᠭᠯᠡᠬᠦ ᠨᠡᠪᠲᠡᠷᠡᠭᠦᠯᠬᠦ ᠶᠡᠷᠦᠩᠬᠡᠶᠢᠯᠡᠭᠰᠡᠨ ᠲᠤᠷᠰᠢᠯᠲᠠ ᠶᠢᠨ ᠠᠵᠢᠯ ᠲᠠᠢ ᠤᠶᠠᠯᠳᠤᠭᠤᠯᠤᠨ᠂ ᠬᠤᠶᠢᠰᠢᠳᠠ | ᠬᠠᠨᠳᠤᠯᠭᠠᠲᠤ ᠴᠢᠨᠠᠷ ᠢᠶᠠᠷ ᠴᠢᠩᠭ᠎ᠠ᠂ ᠴᠢᠨᠠᠷ ᠰᠠᠶᠢᠲᠠᠢ ᠪᠣᠯᠪᠠᠰᠤᠷᠠᠯ ᠤᠨ ᠦᠢᠯᠡᠴᠢᠯᠡᠭᠡ ᠬᠠᠩᠭᠠᠬᠤ ᠳᠤ ᠰᠠᠭᠤᠷᠢ | ᠲᠠᠯᠪᠢᠵᠤ ᠦᠭᠭᠦᠭᠰᠡᠨ ᠪᠠᠶᠢᠨ᠎ᠠ᠃ | | | | | | ᠠᠵᠢᠯᠯᠠᠭ᠎ᠠ ᠶᠢᠨ ᠡᠴᠦᠰ ᠲᠤ ᠪᠥᠬᠦ ᠬᠥᠮᠥᠰ ᠰᠦᠢ ᠮᠧᠩ ᠳᠤᠷᠠᠰᠬᠠᠯ ᠤᠨ ᠬᠦᠷᠢᠶᠡᠯᠡᠩ ᠤᠨ ᠬᠤᠪᠢᠰᠬᠠᠯ ᠤᠨ | ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ ᠨᠠᠮ ᠤᠨ ᠡᠳᠦᠷᠯᠢᠭ ᠤᠨ ᠠᠵᠢᠯᠯᠠᠭ᠎ᠠ ᠥᠷᠨᠢᠭᠦᠯᠵᠦ᠂ ᠬᠤᠪᠢᠰᠬᠠᠯ ᠤᠨ | ᠲᠡᠮᠡᠴᠡᠯ ᠤᠨ ᠪᠡᠷᠬᠡ ᠬᠠᠲᠠᠭᠤᠵᠢᠯᠲᠠᠢ ᠥᠩᠭᠡᠷᠡᠯᠲᠡ ᠪᠠ ᠦᠷᠡᠭᠳᠡᠭᠰᠡᠨ ᠪᠠᠭᠠᠲᠤᠷᠴᠤᠳ ᠤᠨ ᠪᠠᠭᠠᠲᠤᠷᠯᠢᠭ ᠦᠢᠯᠡ | ᠠᠵᠢᠯᠯᠠᠭ᠎ᠠ ᠶᠢ ᠭᠦᠨᠵᠡᠭᠡᠢ ᠣᠶᠢᠯᠠᠭᠠᠵᠤ᠂ ᠬᠤᠪᠢᠰᠬᠠᠯ ᠤᠨ ᠲᠡᠦᠬᠡ ᠶᠢ ᠳᠠᠬᠢᠨ ᠡᠷᠭᠢᠴᠡᠭᠦᠯᠬᠦ᠂ ᠬᠤᠪᠢᠰᠬᠠᠯ ᠤᠨ ᠵᠣᠷᠢᠭ | ᠰᠠᠨᠠᠭ᠎ᠠ ᠶᠢ ᠣᠶᠢᠯᠠᠭᠠᠬᠤ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠬᠤᠪᠢᠰᠬᠠᠯ ᠤᠨ ᠤᠳᠤᠮᠰᠢᠯ ᠢ | ᠤᠯᠠᠮᠵᠢᠯᠠᠨ ᠵᠠᠯᠭᠠᠮᠵᠢᠯᠠᠬᠤ ᠶᠢ ᠤᠯᠠᠮ ᠨᠢᠭᠡ ᠠᠯᠬᠤᠮ ᠬᠥᠲᠥᠯᠥᠨ ᠵᠢᠯᠤᠭᠤᠳᠴᠤ᠂ ᠬᠤᠪᠢᠰᠬᠠᠯ ᠤᠨ ᠵᠣᠷᠢᠭ | ᠰᠠᠨᠠᠭ᠎ᠠ ᠶᠢ ᠪᠠᠳᠠᠷᠠᠭᠤᠯᠤᠨ᠂ ︽ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ | ᠤ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠪᠡ᠃ ᠠᠵᠢᠯᠯᠠᠭ᠎ᠠ ᠳᠤ ᠣᠷᠣᠯᠴᠠᠭᠰᠠᠨ ᠨᠠᠮ ᠤᠨ ᠭᠡᠰᠢᠭᠦᠨ | ᠢᠯᠡᠷᠬᠡᠶᠢᠯᠡᠬᠦ ᠳᠡᠭᠡᠨ᠂ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠮᠡᠷᠭᠡᠵᠢᠯ ᠢ ᠳᠡᠯᠭᠡᠷᠡᠭᠦᠯᠬᠦ ᠳᠤᠮᠳᠠᠬᠢ ᠬᠤᠯᠪᠣᠭᠠᠰᠤ ᠶᠢᠨ | ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠨ᠎ᠡ ᠭᠡᠵᠡᠢ᠃ | ᠠᠵᠢᠯᠯᠠᠭ᠎ᠠ ᠶᠢᠨ ᠤᠳᠠᠭᠠᠨ ᠳᠠᠭᠠᠭᠠᠮᠠᠭᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠶᠢᠨ | ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠠᠴᠠ ︽1 | ᠰᠠᠷ᠎ᠠ ᠶᠢᠨ ᠳᠣᠲᠣᠷ᠎ᠠ ᠬᠠᠷᠢᠭᠤ ᠰᠤᠷᠪᠤᠯᠵᠢᠯᠠᠬᠤ︾ ᠲᠣᠭᠲᠠᠴᠠ ᠶᠢ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠬᠢᠭᠡᠳ ᠮᠡᠷᠭᠡᠵᠢᠯ ᠤᠨ ᠬᠡᠷᠡᠭᠯᠡᠯᠲᠡ ᠶᠢᠨ ᠪᠠᠶᠢᠳᠠᠯ ᠢ ᠮᠥᠷᠳᠡᠬᠦ ᠶᠢᠨ ᠬᠠᠮᠲᠤ ᠨᠡᠶᠢᠲᠡᠯᠢᠭ | ᠴᠢᠨᠠᠷᠲᠠᠢ ᠠᠰᠠᠭᠤᠳᠠᠯ ᠳᠤ ᠴᠢᠭᠯᠡᠭᠦᠯᠦᠨ ᠰᠢᠢᠳᠪᠦᠷᠢᠯᠡᠬᠦ ᠲᠥᠰᠥᠯ ᠲᠣᠭᠲᠠᠭᠠᠨ᠎ᠠ᠃ ᠡᠭᠦᠨ ᠤ ᠬᠠᠮᠲᠤ᠂ ᠵᠢᠯ ᠤᠨ | ᠳᠣᠲᠣᠷ᠎ᠠ ︽ᠤᠮᠠᠷᠠᠲᠤ ᠬᠢᠯᠢ ᠶᠢᠨ ᠰᠢᠨ᠎ᠡ ᠲᠠᠷᠢᠶᠠᠴᠢᠨ︾ ᠢ ᠪᠣᠶᠢᠵᠢᠭᠤᠯᠬᠤ ᠨᠠᠷᠠᠲᠤ ᠲᠡᠮᠳᠡᠭᠲᠦ ᠶᠢ ᠭᠤᠣᠯᠳᠠᠯᠭ᠎ᠠ ᠲᠠᠢ | ᠪᠣᠶ ᠪᠣᠯᠭᠠᠵᠤ᠂ ᠰᠢᠰᠲ᠋ᠧᠮ ᠲᠠᠢ ᠪᠣᠯᠪᠠᠰᠤᠷᠠᠭᠤᠯᠬᠤ᠂ ᠮᠥᠷᠳᠡᠨ ᠵᠢᠯᠤᠭᠤᠳᠬᠤ ᠪᠠᠷ ᠳᠠᠮᠵᠢᠭᠤᠯᠤᠨ᠂ ᠨᠢᠭᠡ ᠪᠦᠯᠦᠭ | ᠮᠡᠷᠭᠡᠵᠢᠯ ᠢ ᠮᠡᠳᠡᠬᠦ᠂ ᠡᠵᠡᠩᠨᠡᠬᠦ ᠳᠡᠭᠡᠨ ᠴᠢᠳᠠᠮᠠᠭᠠᠢ᠂ ᠬᠠᠮᠢᠶᠠᠷᠴᠤ ᠴᠢᠳᠠᠬᠤ ᠥᠨᠳᠥᠷ ᠬᠡᠪ ᠪᠣᠯᠪᠠᠰᠤᠷᠠᠯ ᠲᠠᠢ ᠮᠠᠯᠴᠢᠨ | ᠲᠠᠷᠢᠶᠠᠴᠢᠨ ᠢ ᠬᠥᠮᠥᠵᠢᠭᠦᠯᠵᠦ᠂ ︽ᠨᠢᠭᠡ ᠭᠤᠣᠯ ᠱᠤᠭᠤᠮ ᠢ ᠨᠡᠪᠲᠡᠷᠡᠭᠦᠯᠬᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ | ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠢ ᠨᠡᠭᠡᠭᠡᠵᠦ ᠳᠤᠮᠳᠠ ᠤᠷᠤᠰᠬᠠᠯ ᠳᠤ | ᠣᠷᠣᠬᠤ︾ ᠳᠡᠭᠡᠷ᠎ᠡ ᠣᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠵᠤ᠂ ᠲᠠᠷᠢᠶᠠᠯᠠᠩ ᠮᠠᠯ ᠠᠵᠤ | ᠠᠬᠤᠢ ᠶᠢᠨ ᠣᠳᠣᠬᠢᠴᠢᠯᠠᠯᠲᠠ ᠳᠤ ᠪᠠᠲᠤ ᠪᠠᠬᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃ |