ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠲᠢᠶᠠᠨᠵᠢᠨ ᠤ ᠤᠣ ᠴᠢᠶᠦ᠋ᠨ ᠮᠠᠯ ᠠᠵᠤ ᠠᠬᠤᠢ ᠶᠢᠨ ᠺᠣᠮᠫᠠᠨᠢ ᠳᠤ ᠬᠦᠷᠴᠦ ᠠᠯᠠᠰᠢᠨ ᠬᠤᠨᠢᠨ ᠤ ᠡᠭᠦᠯᠳᠡᠷ ᠪᠣᠶᠢᠵᠢᠭᠤᠯᠬᠤ ᠮᠡᠷᠭᠡᠵᠢᠯ ᠢ ᠰᠣᠯᠢᠯᠴᠠᠨ ᠰᠤᠷᠤᠯᠴᠠᠪᠠ
ᠨᠡᠶᠢᠲᠡᠯᠡᠭᠰᠡᠨ ᠴᠠᠭ᠄
2025/4/13
      ᠬᠥᠯᠥᠨ ᠪᠤᠶᠢᠷ ᠬᠤᠲᠠ ᠶᠢᠨ ᠠᠯᠠᠰᠢᠨ ᠬᠤᠨᠢᠨ ᠤ ᠡᠭᠦᠯᠳᠡᠷ ᠪᠣᠶᠢᠵᠢᠭᠤᠯᠬᠤ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠣᠷᠣᠨ ᠤ ᠳᠣᠲᠣᠷ᠎ᠠ ᠭᠠᠳᠠᠨᠠᠬᠢ ᠠᠯᠠᠰᠢᠨ ᠬᠤᠨᠢᠨ ᠤ ᠡᠭᠦᠯᠳᠡᠷ ᠪᠣᠶᠢᠵᠢᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 1 ᠤ ᠡᠳᠦᠷ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠦᠯᠬᠦᠮ ᠳᠠᠭᠠᠭᠤᠯᠵᠤ᠂ ᠬᠥᠯᠥᠨ ᠪᠤᠶᠢᠷ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ᠂ ᠬᠥᠯᠥᠨ ᠪᠤᠶᠢᠷ ᠤᠨ ᠬᠤᠨᠢᠨ ᠤ ᠡᠭᠦᠯᠳᠡᠷ ᠪᠣᠶᠢᠵᠢᠭᠤᠯᠬᠤ ᠭᠤᠣᠯ ᠲᠠᠯᠠᠪᠠᠶ ᠶᠢᠨ ᠬᠠᠮᠢᠶ᠎ᠠ ᠪᠦᠬᠦᠢ ᠬᠥᠮᠥᠰ ᠢᠶᠠᠷ ᠪᠦᠷᠢᠯᠳᠦᠭᠰᠡᠨ ᠠᠵᠢᠯᠯᠠᠬᠤ ᠳᠤᠭᠤᠶᠢᠯᠠᠩ᠂ ᠲᠢᠶᠠᠨᠵᠢᠨ ᠤ ᠤᠣ ᠴᠢᠶᠦ᠋ᠨ ᠮᠠᠯ ᠠᠵᠤ ᠠᠬᠤᠢ ᠶᠢᠨ ᠺᠣᠮᠫᠠᠨᠢ ᠳᠤ ᠬᠦᠷᠴᠦ ᠠᠯᠠᠰᠢᠨ ᠬᠤᠨᠢᠨ ᠤ ᠡᠭᠦᠯᠳᠡᠷ ᠪᠣᠶᠢᠵᠢᠭᠤᠯᠬᠤ ᠮᠡᠷᠭᠡᠵᠢᠯ ᠵᠢᠴᠢ ᠠᠯᠠᠰᠢᠨ ᠬᠤᠨᠢᠨ ᠤ ᠭᠤᠣᠯ ᠡᠭᠦᠯᠳᠡᠷ ᠪᠣᠶᠢᠵᠢᠭᠤᠯᠬᠤ ᠲᠠᠯᠠᠪᠠᠶ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠰᠤᠷᠤᠯᠴᠠᠨ ᠰᠣᠯᠢᠯᠴᠠᠪᠠ᠃ 
图片11.png
       ᠠᠵᠢᠯᠯᠠᠬᠤ ᠳᠤᠭᠤᠶᠢᠯᠠᠩ ᠤᠨ  ᠬᠢᠨ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠪᠠ ᠶᠠᠷᠢᠯᠴᠠᠨ ᠰᠣᠯᠢᠯᠴᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠢᠶᠠᠨᠵᠢᠨ ᠤ ᠤᠣ ᠴᠢᠶᠦ᠋ᠨ ᠤᠯᠤᠰ ᠤᠨ ᠠᠯᠠᠰᠢᠨ ᠬᠤᠨᠢᠨ ᠤ ᠡᠭᠦᠯᠳᠡᠷ ᠪᠣᠶᠢᠵᠢᠭᠤᠯᠬᠤ ᠭᠤᠣᠯ ᠲᠠᠯᠠᠪᠠᠶ᠂ ᠤᠯᠤᠰ ᠤᠨ ᠦᠢᠯᠡᠳᠪᠦᠷᠢᠯᠡᠯ ᠤᠨ ᠴᠢᠳᠠᠮᠵᠢ ᠶᠢ ᠬᠡᠮᠵᠢᠨ ᠲᠣᠭᠲᠠᠭᠠᠬᠤ ᠲᠥᠪ ᠵᠢᠴᠢ ᠰᠦᠯᠵᠢᠶᠡᠨ ᠳᠡᠭᠡᠷᠡᠬᠢ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠲᠠᠪᠴᠠᠩ ᠤᠨ ᠠᠯᠠᠰᠢᠨ ᠬᠤᠨᠢᠨ ᠤ ᠡᠭᠦᠯᠳᠡᠷ ᠪᠣᠶᠢᠵᠢᠭᠤᠯᠬᠤ ᠶᠢ ᠰᠤᠳᠤᠯᠤᠨ ᠨᠡᠭᠡᠭᠡᠬᠦ᠂ ᠬᠠᠮᠢᠶᠠᠷᠬᠤ ᠵᠢᠴᠢ ᠳᠡᠯᠭᠡᠷᠡᠭᠦᠯᠬᠦ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃      ᠬᠤᠷᠠᠯ ᠳᠡᠭᠡᠷ᠎ᠡ᠂ ᠲᠢᠶᠠᠨᠵᠢᠨ ᠤ ᠤᠣ ᠴᠢᠶᠦ᠋ᠨ ᠮᠠᠯ ᠠᠵᠤ ᠠᠬᠤᠢ ᠶᠢᠨ ᠺᠣᠮᠫᠠᠨᠢ ᠪᠣᠯ ᠮᠠᠨ ᠤ ᠤᠯᠤᠰ ᠤᠨ ᠠᠯᠠᠰᠢᠨ ᠬᠤᠨᠢᠨ ᠤ ᠭᠤᠣᠯ ᠡᠭᠦᠯᠳᠡᠷ ᠪᠣᠶᠢᠵᠢᠭᠤᠯᠬᠤ ᠳᠠᠭᠠᠭᠤᠯᠤᠭᠴᠢ ᠠᠵᠤ ᠠᠬᠤᠶᠢᠯᠠᠯ ᠪᠣᠯᠣᠨ᠎ᠠ᠂ ᠨᠢᠭᠡᠨᠲᠡ ᠥᠪᠡᠷᠮᠢᠴᠡ ᠣᠨᠴᠠᠯᠢᠭ ᠲᠠᠢ ︽ᠪᠣᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ︾ ᠶᠢ ᠨᠢᠭᠡ ᠴᠣᠭᠴᠠᠵᠢᠭᠤᠯᠤᠭᠰᠠᠨ ᠬᠤᠳᠠᠯᠳᠤᠭᠠᠨ ᠤ ᠦᠷ᠎ᠡ ᠪᠣᠶᠢᠵᠢᠭᠤᠯᠬᠤ ᠵᠠᠭᠪᠤᠷ ᠢ ᠪᠦᠷᠢᠯᠳᠦᠭᠦᠯᠵᠦ᠂ ᠡᠭᠦᠨ ᠤ ᠬᠠᠮᠲᠤ ᠬᠥᠯᠥᠨ ᠪᠤᠶᠢᠷ ᠬᠤᠲᠠ ᠶᠢᠨ ᠬᠥᠯᠥᠨ ᠪᠤᠶᠢᠷ ᠤᠨ ᠬᠤᠨᠢᠨ ᠤ ᠡᠭᠦᠯᠳᠡᠷ ᠪᠣᠶᠢᠵᠢᠭᠤᠯᠬᠤ ᠭᠤᠣᠯ ᠲᠠᠯᠠᠪᠠᠶ ᠶᠢᠨ ᠣᠳᠣᠬᠠᠨ ᠤ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠪᠠ ᠵᠥᠷᠢᠶ᠎ᠡ ᠶᠢ ᠵᠠᠳᠠᠯᠵᠤ᠂ ᠬᠤᠶᠠᠷ ᠲᠠᠯ᠎ᠠ ᠪᠠᠷ ᠢᠶᠠᠨ ᠠᠯᠠᠰᠢᠨ ᠬᠤᠨᠢᠨ ᠤ ᠰᠢᠨ᠎ᠡ ᠡᠭᠦᠯᠳᠡᠷ ᠢ ᠣᠷᠣᠭᠤᠯᠤᠨ ᠠᠪᠴᠢᠷᠠᠬᠤ᠂ ᠦᠷ᠎ᠡ ᠪᠣᠶᠢᠵᠢᠭᠤᠯᠬᠤ ᠲᠠᠯᠠᠪᠠᠶ ᠶᠢᠨ ᠮᠡᠷᠭᠡᠵᠢᠯ ᠤᠨ ᠰᠣᠯᠢᠯᠴᠠᠭ᠎ᠠ ᠪᠠ ᠦᠢᠯᠡᠴᠢᠯᠡᠭᠡ᠂ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠬᠠᠮᠲᠤᠷᠠᠯᠴᠠᠭᠠᠨ ᠤ ᠶᠠᠪᠤᠳᠠᠯ ᠤᠨ ᠲᠤᠬᠠᠢ ᠰᠤᠳᠤᠯᠤᠨ ᠶᠠᠷᠢᠯᠴᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠬᠠᠮᠲᠤᠷᠠᠯᠴᠠᠭᠠᠨ ᠤ ᠪᠣᠳᠠᠲᠠᠢ ᠠᠭᠤᠯᠭ᠎ᠠ ᠶᠢᠨ ᠲᠤᠬᠠᠢ ᠠᠬᠢᠭᠤᠯᠬᠤ ᠶᠢ ᠶᠠᠷᠢᠯᠴᠠᠭᠰᠠᠨ ᠪᠠᠶᠢᠨ᠎ᠠ᠃      ᠲᠣᠰ ᠤᠳᠠᠭᠠᠨ ᠤ ᠰᠤᠷᠤᠯᠴᠠᠯᠭ᠎ᠠ ᠰᠣᠯᠢᠯᠴᠠᠭ᠎ᠠ ᠪᠠᠷ ᠳᠠᠮᠵᠢᠭᠤᠯᠤᠨ᠂ ᠠᠵᠢᠯᠯᠠᠬᠤ ᠳᠤᠭᠤᠶᠢᠯᠠᠩ ᠤᠨ  ᠬᠢᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠣᠶᠢᠵᠢᠭᠤᠯᠬᠤ ᠬᠠᠷᠠᠭ᠎ᠠ ᠶᠢ ᠥᠷᠭᠡᠳᠬᠡᠵᠦ᠂ ᠦᠷ᠎ᠡ ᠪᠣᠶᠢᠵᠢᠭᠤᠯᠬᠤ ᠬᠠᠮᠢᠶᠠᠷᠤᠯᠲᠠ ᠶᠢᠨ ᠰᠡᠳᠬᠢᠮᠵᠢ ᠶᠢ ᠥᠷᠭᠡᠳᠬᠡᠨ᠂ ᠬᠤᠶᠢᠰᠢᠳᠠ ᠶᠢᠨ ᠠᠯᠠᠰᠢᠨ ᠬᠤᠨᠢᠨ ᠤ ᠦᠷ᠎ᠡ ᠪᠣᠶᠢᠵᠢᠭᠤᠯᠬᠤ ᠰᠢᠨ᠎ᠡ ᠶᠢ ᠡᠭᠦᠳᠬᠦ ᠠᠵᠢᠯ ᠢ ᠨᠠᠩ ᠰᠠᠶᠢᠲᠤᠷ ᠥᠷᠨᠢᠭᠦᠯᠬᠦ ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠃ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠡᠭᠡᠭᠡᠯᠲᠡᠲᠤ ᠬᠠᠮᠲᠤᠷᠠᠯᠴᠠᠭ᠎ᠠ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠳᠠᠪᠠᠭᠤᠯᠢᠭ ᠦᠷ᠎ᠡ ᠶᠢᠨ ᠠᠵᠤ ᠠᠬᠤᠶᠢᠯᠠᠯ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠲᠡᠷᠢᠭᠦᠨ ᠤ ᠮᠡᠷᠭᠡᠵᠢᠯ ᠪᠠ ᠬᠠᠮᠢᠶᠠᠷᠤᠯᠲᠠ ᠶᠢᠨ ᠲᠤᠷᠰᠢᠯᠭ᠎ᠠ ᠶᠢ ᠢᠳᠡᠪᠬᠢᠲᠡᠢ ᠰᠤᠷᠤᠯᠴᠠᠨ ᠲᠣᠯᠢᠯᠠᠵᠤ᠂ ᠪᠦᠬᠦ ᠬᠤᠲᠠ ᠶᠢᠨ ᠦᠷ᠎ᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃      ᠮᠡᠳᠡᠭᠡ ᠵᠠᠩᠭᠢ ᠶᠢᠨ ᠢᠷᠡᠯᠲᠡ᠄ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
ᠢᠷᠡᠯᠲᠡ᠄ ᠬᠦᠯᠦᠨ ᠪᠣᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号