1. ᠬᠤᠭᠤᠴᠠᠭ᠎ᠠ ᠬᠤᠪᠢᠶᠠᠨ ᠲᠡᠵᠢᠭᠡᠨ᠎ᠡ᠄ ᠡᠩ ᠤᠨ ᠪᠠᠶᠢᠳᠠᠯ ᠳᠤ ᠬᠤᠶᠠᠷ ᠬᠤᠭᠤᠴᠠᠭ᠎ᠠ ᠬᠤᠪᠢᠶᠠᠨ᠎ᠠ᠄ | ᠴᠤᠷᠪᠠᠭ᠎ᠠ ᠨᠡᠪᠴᠢᠨ ᠭᠠᠷᠤᠭᠰᠠᠨ ᠤ ᠳᠠᠷᠠᠭᠠᠬᠢ 4 ᠭᠠᠷᠠᠭ ᠪᠣᠯ ᠡᠬᠢᠨ ᠤ ᠬᠤᠭᠤᠴᠠᠭ᠎ᠠ᠂ ᠲᠤᠰ ᠬᠤᠭᠤᠴᠠᠭᠠᠨ ᠤ | ᠲᠡᠵᠢᠭᠡᠯ ᠳᠠᠬᠢ ᠤᠭᠤᠷᠠᠭ ᠤᠨ ᠠᠭᠤᠯᠤᠭᠳᠠᠴᠠ ᠥᠨᠳᠥᠷ᠂ ᠸᠢᠲ᠋ᠠᠮᠢᠨ ᠪᠣᠯᠣᠨ ᠪᠢᠴᠢᠯ ᠡᠯᠧᠮᠧᠨ᠋ᠲ ᠤᠨ ᠠᠭᠤᠯᠤᠭᠳᠠᠴᠠ | ᠪᠦᠷᠢᠨ ᠪᠠᠶᠢᠬᠤ ᠬᠡᠷᠡᠭᠲᠡᠢ᠃ 4 ᠭᠠᠷᠠᠭ ᠤᠨ ᠳᠠᠷᠠᠭ᠎ᠠ ᠪᠣᠯ ᠰᠡᠭᠦᠯᠴᠢ ᠶᠢᠨ ᠬᠤᠭᠤᠴᠠᠭ᠎ᠠ ᠪᠣᠯᠣᠨ᠎ᠠ᠂ ᠡᠨᠡ | ᠬᠤᠭᠤᠴᠠᠭᠠᠨ ᠤ ᠡᠨᠧᠷᠭᠢ ᠨᠢ ᠥᠨᠳᠥᠷ᠂ ᠤᠭᠤᠷᠠᠭ ᠨᠢ ᠪᠠᠭ᠎ᠠ ᠳᠣᠣᠷ᠎ᠠ ᠪᠠᠶᠢᠬᠤ ᠬᠡᠷᠡᠭᠲᠡᠢ᠃ | 2. ᠲᠡᠵᠢᠭᠡᠯ ᠪᠣᠷᠳᠤᠭ᠎ᠠ ᠵᠣᠬᠢᠰᠲᠠᠢ ᠲᠡᠵᠢᠭᠡᠨ᠎ᠡ᠄ ᠬᠡᠲᠦᠷᠬᠡᠢ ᠡᠷᠲᠡ ᠡᠬᠢᠯᠡᠵᠦ ᠲᠡᠵᠢᠭᠡᠵᠦ ᠪᠣᠯᠬᠤ ᠦᠭᠡᠢ᠂ | ᠥᠨᠳᠡᠭᠡᠨ ᠰᠢᠷ᠎ᠠ ᠶᠢᠨ ᠮᠠᠭᠤ ᠰᠢᠩᠭᠡᠭᠡᠭᠳᠡᠬᠦ ᠠᠴᠠ ᠰᠡᠷᠭᠡᠶᠢᠯᠡᠬᠦ ᠶᠢᠨ ᠲᠥᠯᠥᠭᠡ ᠬᠠᠮᠤᠭ ᠰᠠᠶᠢᠨ ᠨᠢ ᠨᠡᠪᠴᠢᠭᠰᠡᠨ ᠤ | ᠳᠠᠷᠠᠭᠠᠬᠢ 24 ᠴᠠᠭ ᠤᠨ ᠳᠠᠷᠠᠭ᠎ᠠ ᠲᠡᠵᠢᠭᠡᠨ᠎ᠡ᠃ ᠡᠩ ᠤᠨ ᠦᠶ᠎ᠡ ᠳᠤ ᠪᠠᠭ᠎ᠠ ᠬᠡᠮᠵᠢᠶ᠎ᠡ ᠪᠠᠷ ᠠᠷᠪᠢᠨ ᠤᠳᠠᠭ᠎ᠠ | ᠲᠡᠵᠢᠭᠡᠵᠦ᠂ ᠬᠠᠮᠤᠭ ᠰᠠᠶᠢᠨ ᠨᠢ ᠮᠥᠬᠦᠯᠢᠭᠲᠦ ᠪᠣᠷᠳᠤᠭ᠎ᠠ ᠲᠡᠵᠢᠭᠡᠨ᠎ᠡ᠂ ᠮᠥᠬᠦᠯᠢᠭᠲᠦ ᠪᠣᠷᠳᠤᠭ᠎ᠠ ᠨᠢ ᠨᠤᠨᠳᠠᠭ | ᠪᠣᠷᠳᠤᠭ᠎ᠠ ᠠᠴᠠ ᠮᠢᠬᠠᠯᠠᠭᠤᠯᠬᠤ ᠨᠢ ᠬᠤᠷᠳᠤᠨ ᠪᠠᠶᠢᠳᠠᠭ᠃ | 3. ᠤᠰᠤ ᠭᠦᠢᠴᠡᠳ ᠤᠤᠭᠤᠯᠭᠠᠨ᠎ᠠ᠄ ᠭᠦᠢᠴᠡᠳ ᠤᠰᠤ ᠤᠤᠭᠤᠯᠭᠠᠬᠤ ᠶᠢ ᠪᠠᠲᠤᠯᠠᠨ᠎ᠠ᠂ ᠣᠨᠴᠠᠭᠠᠶᠢᠯᠠᠨ | ᠨᠡᠪᠴᠢᠭᠰᠡᠨ ᠤ ᠳᠠᠷᠠᠭᠠᠬᠢ 24 ᠴᠠᠭ ᠤᠨ ᠳᠣᠲᠣᠷ᠎ᠠ ᠵᠠᠪᠠᠯ ᠭᠦᠢᠴᠡᠳ ᠤᠰᠤ ᠤᠤᠭᠤᠯᠭᠠᠬᠤ ᠬᠡᠷᠡᠭᠲᠡᠢ᠂ | ᠳᠠᠷᠠᠭ᠎ᠠ ᠳᠤ ᠨᠢ ᠤᠰᠤᠨ ᠤ ᠰᠠᠪᠠᠨ ᠳᠤ ᠪᠠᠶᠢᠩᠭᠤ ᠤᠰᠤ ᠪᠠᠶᠢᠯᠭᠠᠬᠤ ᠶᠢᠨ ᠬᠠᠮᠲᠤ ᠠᠷᠢᠭᠤᠨ ᠴᠡᠪᠡᠷ ᠢ ᠪᠠᠲᠤᠯᠠᠬᠤ | ᠬᠡᠷᠡᠭᠲᠡᠢ᠃ | 4. ᠨᠢᠭᠲᠠᠴᠠ ᠪᠠ ᠰᠠᠯᠬᠢ ᠨᠡᠪᠲᠡᠷᠡᠬᠦ ᠶᠢ ᠠᠩᠬᠠᠷᠬᠤ ᠬᠡᠷᠡᠭᠲᠡᠢ᠄ ᠰᠠᠯᠬᠢ ᠨᠡᠪᠲᠡᠷᠡᠭᠦᠯᠦᠨ ᠠᠭᠠᠷ ᠰᠣᠯᠢᠯᠴᠠᠬᠤ | ︵ᠣᠨᠴᠠᠭᠠᠶᠢᠯᠠᠨ ᠵᠤᠨ ᠤ ᠤᠯᠠᠷᠢᠯ ᠳᠤ᠂ ᠨᠡᠪᠴᠢᠭᠰᠡᠨ ᠤ ᠳᠠᠷᠠᠭᠠᠬᠢ10 ᠡᠳᠦᠷ ᠤᠨ ᠳᠠᠷᠠᠭᠠᠬᠢ︶ ᠵᠢᠴᠢ ᠨᠢᠭᠲᠠᠴᠠ ᠶᠢ | ᠴᠢᠩᠭᠠᠳᠬᠠᠨ᠎ᠠ᠃ ᠨᠡᠪᠴᠢᠭᠰᠡᠨ ᠤ ᠳᠠᠷᠠᠭᠠᠬᠢ ᠬᠤᠶᠠᠷ ᠭᠠᠷᠠᠭ ᠲᠤ ᠨᠢᠭᠲᠠ ᠰᠢᠭ ᠪᠠᠶᠢᠵᠤ ᠪᠣᠯᠣᠨ᠎ᠠ᠂ ᠬᠤᠶᠠᠷ | ᠭᠠᠷᠠᠭ ᠤᠨ ᠳᠠᠷᠠᠭ᠎ᠠ ᠠᠭᠠᠵᠢᠮ ᠢᠶᠠᠷ ᠰᠢᠩᠭᠡᠷᠡᠭᠦᠯᠦᠨᠡ ︵ᠲᠠᠯᠠᠪᠠᠶ ᠪᠠᠨ ᠨᠡᠮᠡᠭᠳᠡᠭᠦᠯᠬᠦ ᠪᠤᠶᠤ ᠰᠦᠷᠦᠭ | ᠰᠢᠯᠵᠢᠭᠦᠯᠦᠨ᠎ᠡ︶᠃ ᠵᠠᠷᠴᠢᠮ ᠨᠢ ᠡᠪᠦᠯ ᠳᠡᠭᠡᠨ ᠨᠢᠭᠲᠠ ᠵᠤᠨ ᠳᠠᠭᠠᠨ ᠰᠡᠶᠢᠷᠡᠭ ᠪᠠᠶᠢᠳᠠᠭ᠃ 1~2 ᠭᠠᠷᠠᠭ ᠤᠨ | ᠴᠤᠷᠪᠠᠭ᠎ᠠ ᠶᠢ ᠲᠡᠭᠰᠢ ᠳᠥᠷᠪᠡᠯᠵᠢᠨ ᠮᠧᠲᠷ ᠪᠦᠷᠢ ᠳᠤ 40~30 ᠲᠣᠯᠣᠭᠠᠢ᠂ 3~4 ᠭᠠᠷᠠᠭ ᠤᠨ ᠴᠤᠷᠪᠠᠭ᠎ᠠ ᠶᠢ | ᠲᠡᠭᠰᠢ ᠳᠥᠷᠪᠡᠯᠵᠢᠨ ᠮᠧᠲᠷ ᠪᠦᠷᠢ ᠳᠤ 30~20 ᠲᠣᠯᠣᠭᠠᠢ᠂ 5~6 ᠭᠠᠷᠠᠭ ᠤᠨ ᠴᠤᠷᠪᠠᠭ᠎ᠠ ᠶᠢ ᠲᠡᠭᠰᠢ | ᠳᠥᠷᠪᠡᠯᠵᠢᠨ ᠮᠧᠲᠷ ᠪᠦᠷᠢ ᠳᠤ 20~15 ᠲᠣᠯᠣᠭᠠᠢ᠂ 7~8 ᠭᠠᠷᠠᠭ ᠤᠨ ᠴᠤᠷᠪᠠᠭ᠎ᠠ ᠶᠢ ᠲᠡᠭᠰᠢ ᠳᠥᠷᠪᠡᠯᠵᠢᠨ | ᠮᠧᠲᠷ ᠪᠦᠷᠢ ᠳᠤ15~10 ᠲᠣᠯᠣᠭᠠᠢ ᠪᠠᠶᠢᠯᠭᠠᠨ᠎ᠠ᠃ | 5. ᠵᠣᠬᠢᠰᠲᠠᠢ ᠭᠡᠷᠡᠯ ᠤᠨ ᠲᠤᠰᠤᠯᠲᠠ ᠶᠢ ᠪᠠᠲᠤᠯᠠᠬᠤ ᠬᠡᠷᠡᠭᠲᠡᠢ᠄ ᠨᠡᠪᠴᠢᠭᠰᠡᠨ ᠤ ᠳᠠᠷᠠᠭᠠᠬᠢ1~3 | ᠡᠳᠦᠷ ᠤᠨ ᠴᠤᠷᠪᠠᠭ᠎ᠠ ᠳᠤ ᠡᠳᠦᠷ ᠲᠤ 24 ᠴᠠᠭ᠂ 4 ~7 ᠡᠳᠦᠷ ᠤᠨ ᠴᠤᠷᠪᠠᠭ᠎ᠠ ᠳᠤ ᠡᠳᠦᠷ ᠲᠤ 23 ᠴᠠᠭ᠂ | 8~25 ᠡᠳᠦᠷ ᠤᠨ ᠴᠤᠷᠪᠠᠭ᠎ᠠ ᠳᠤ ᠣᠷᠣᠢ ᠪᠦᠷᠢ ᠬᠤᠶᠠᠷ ᠴᠠᠭ ᠨᠡᠭᠡᠭᠡᠵᠦ ᠬᠤᠶᠠᠷ ᠴᠠᠭ ᠬᠠᠭᠠᠨ᠎ᠠ᠂ 25 | ᠡᠳᠦᠷ ᠠᠴᠠ ᠰᠡᠭᠦᠯᠡᠷᠬᠢ ᠴᠤᠷᠪᠠᠭ᠎ᠠ ᠳᠤ ᠡᠳᠦᠷ ᠪᠦᠷᠢ ᠶᠢᠨ ᠭᠡᠷᠡᠯ ᠤᠨ ᠲᠤᠰᠤᠯᠲᠠ ᠶᠢ 12 ᠴᠠᠭ ᠠᠴᠠ ᠳᠡᠭᠡᠭᠰᠢ | ᠪᠠᠶᠢᠯᠭᠠᠬᠤ ᠶᠢ ᠪᠠᠲᠤᠯᠠᠨ᠎ᠠ᠃ | 6. ᠬᠤᠰᠢᠭᠤ ᠶᠢ ᠨᠢ ᠲᠠᠰᠤᠯᠬᠤ ᠬᠡᠷᠡᠭᠲᠡᠢ᠄ ᠨᠡᠪᠴᠢᠭᠰᠡᠨ ᠤ ᠳᠠᠷᠠᠭ᠎ᠠ ᠪᠤᠶᠤ 10 ~14 ᠡᠳᠦᠷ ᠤᠨ | ᠬᠤᠭᠤᠴᠠᠭᠠᠨ ᠳᠤ ᠬᠤᠶᠠᠷ ᠵᠦᠢᠯ ᠤᠨ ᠠᠷᠭ᠎ᠠ ᠶᠢ ᠬᠡᠷᠡᠭᠯᠡᠨ᠎ᠡ᠃ ᠨᠢᠭᠡᠳᠦᠭᠡᠷ ᠵᠦᠢᠯ ᠨᠢ᠄ ᠳᠡᠭᠡᠷ᠎ᠡ ᠠᠴᠠ ᠬᠠᠭᠠᠰ ᠢ ᠨᠢ | ᠲᠠᠰᠤᠯᠵᠤ᠂ ᠳᠣᠣᠷ᠎ᠠ ᠠᠴᠠ ᠭᠤᠷᠪᠠᠨ ᠤ ᠨᠢᠭᠡ ᠶᠢ ᠨᠢ ᠲᠠᠰᠤᠯᠤᠨ᠎ᠠ᠃ ᠬᠤᠶᠠᠳᠤᠭᠠᠷ ᠵᠦᠢᠯ ᠨᠢ᠄ ᠳᠡᠭᠡᠳᠦ ᠳᠣᠣᠷᠠᠳᠤ | ᠬᠤᠶᠠᠷ ᠬᠤᠰᠢᠭᠤ ᠨᠢ ᠪᠦᠷ ᠬᠠᠭᠠᠰ ᠢᠶᠠᠷ ᠲᠠᠰᠤᠯᠤᠨ᠎ᠠ᠃ ᠬᠠᠮᠤᠭ ᠰᠠᠶᠢᠨ ᠨᠢ ᠴᠠᠬᠢᠯᠭᠠᠨ ᠮᠠᠰᠢᠨ ᠢᠶᠠᠷ ᠲᠠᠰᠤᠯᠵᠤ᠂ | ᠸᠠᠺᠼᠢᠨ ᠤ ᠲᠠᠷᠢᠯᠭ᠎ᠠ ᠬᠢᠬᠦ ᠠᠴᠠ ᠡᠮᠦᠨ᠎ᠡ ᠪᠠ ᠬᠤᠶᠢᠨ᠎ᠠ ᠨᠢᠭᠡ ᠡᠳᠦᠷ ᠲᠠᠰᠤᠯᠬᠤ ᠶᠢ ᠴᠡᠭᠡᠷᠯᠡᠨ᠎ᠡ᠃ | ᠬᠤᠰᠢᠭᠤ ᠶᠢ ᠨᠢ ᠲᠠᠰᠤᠯᠤᠭᠰᠠᠨ ᠤ ᠳᠠᠷᠠᠭ᠎ᠠ ᠪᠣᠷᠳᠣᠭᠠᠨ ᠳᠤ ᠨᠢ ᠵᠣᠬᠢᠬᠤ ᠬᠡᠮᠵᠢᠶᠡᠨ ᠤ ᠸᠢᠲ᠋ᠠᠮᠢᠨ K ᠪᠠ ᠸᠢᠲ᠋ᠠᠮᠢᠨ | C ᠨᠡᠮᠡᠵᠦ᠂ ᠤᠤᠭᠤᠬᠤ ᠤᠰᠤᠨ ᠳᠤ ᠨᠢ ᠫᠧᠨᠢᠼᠢᠯᠢᠨ ᠢ ᠨᠡᠮᠡᠨ᠎ᠡ᠃ | 7. ᠴᠠᠭ ᠲᠤᠨᠢ ᠲᠣᠬᠢᠷᠠᠭᠤᠯᠤᠨ ᠬᠤᠳᠠᠯᠳᠤᠬᠤ ᠬᠡᠷᠡᠭᠲᠡᠢ᠄ ᠠᠯᠠᠰᠢᠨ ᠲᠠᠬᠢᠶ᠎ᠠ ᠥᠰᠦᠭᠡᠳ ᠵᠣᠬᠢᠬᠤ | ᠬᠡᠮᠵᠢᠶᠡᠨ ᠳᠤ ᠭᠦᠷᠪᠡᠯ ᠥᠰᠦᠯᠲᠡ ᠶᠢᠨ ᠬᠤᠷᠳᠤᠴᠠ ᠨᠢ ᠤᠳᠠᠭᠠᠰᠢᠷᠠᠵᠤ᠂ ᠲᠡᠵᠢᠭᠡᠬᠦ ᠥᠪᠡᠷ ᠤᠨ ᠥᠷᠲᠡᠭ ᠨᠢ | ᠳᠡᠭᠡᠭᠰᠢᠯᠡᠨ᠎ᠡ᠂ ᠡᠶᠢᠮᠦ ᠠᠴᠠ ᠴᠠᠭ ᠲᠤᠬᠠᠢ ᠳᠤᠨᠢ ᠬᠤᠳᠠᠯᠳᠤᠬᠤ ᠬᠡᠷᠡᠭᠲᠡᠢ᠃ ᠴᠤᠷᠪᠠᠭ᠎ᠠ ᠣᠷᠣᠭᠤᠯᠬᠤ ᠦᠶ᠎ᠡ ᠳᠤ | ᠰᠠᠶᠢᠨ ᠴᠠᠭ ᠠᠭᠤᠷ ᠢ ᠰᠣᠩᠭᠤᠨ ᠵᠥᠭᠡᠭᠡᠪᠦᠷᠢᠯᠡᠵᠦ᠂ ᠬᠤᠳᠠᠯᠳᠤᠬᠤ ᠦᠶ᠎ᠡ ᠳᠤ ᠵᠥᠭᠡᠭᠡᠪᠦᠷᠢᠯᠡᠬᠦ ᠳᠤ ᠪᠠᠨ | ᠰᠢᠬᠠᠭᠳᠠᠨ ᠳᠠᠷᠤᠭᠳᠠᠬᠤ ᠠᠴᠠ ᠰᠡᠷᠭᠡᠶᠢᠯᠡᠬᠦ ᠬᠡᠷᠡᠭᠲᠡᠢ᠃ |