4 ᠰᠠᠷ᠎ᠠ ᠶᠢᠨ 12 ᠤᠨ ᠡᠳᠦᠷ᠂ ᠪᠥᠬᠦ ᠤᠯᠤᠰ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ | ᠮᠡᠷᠭᠡᠵᠢᠯ ᠤᠨ ᠪᠣᠯᠪᠠᠰᠤᠷᠠᠯ ᠵᠢᠴᠢ ᠲᠤᠬᠠᠢ ᠶᠢᠨ ᠲᠠᠯᠠᠪᠤᠷ ᠤᠨ ᠦᠵᠡᠭᠦᠯᠭᠡ ᠶᠢᠨ ᠬᠤᠷᠠᠯ ᠢ ᠮᠠᠨ ᠤ ᠣᠷᠣᠨ ᠤ | ᠲᠦᠩᠯᠢᠶᠣᠣ ᠬᠤᠲᠠ ᠳᠤ ᠠᠮᠵᠢᠯᠲᠠ ᠲᠠᠢ ᠡᠷᠬᠢᠯᠡᠪᠡ᠃ ᠲᠣᠰ ᠤᠳᠠᠭᠠᠨ ᠤ ᠬᠤᠷᠠᠯ ᠢ ᠳᠤᠮᠳᠠᠳᠤ ᠤᠯᠤᠰ ᠤᠨ | ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠯᠤᠰ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ | ᠰᠤᠳᠤᠯᠭᠠᠨ ᠤ ᠬᠦᠷᠢᠶᠡᠯᠡᠩ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ᠂ ᠲᠦᠩᠯᠢᠶᠣᠣ ᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ | ᠳᠠᠭᠠᠭᠠᠴᠢᠯᠠᠨ ᠡᠷᠭᠢᠯᠡᠵᠦ᠂ ᠪᠥᠬᠦ ᠤᠯᠤᠰ ᠤᠨ ᠡᠯ᠎ᠡ ᠭᠠᠵᠠᠷ ᠤᠨ ᠲᠠᠷᠢᠶᠠᠯᠠᠩ ᠤᠨ ᠬᠦᠷᠢᠶ᠎ᠡ ᠴᠠᠷᠠᠭᠠᠨ ᠳᠠᠬᠢ ᠲᠤᠰᠬᠠᠢ | ᠡᠷᠳᠡᠮᠲᠡᠨ᠂ ᠮᠡᠷᠭᠡᠵᠢᠯᠲᠡᠨ ᠵᠢᠴᠢ ᠬᠠᠮᠢᠶ᠎ᠠ ᠪᠦᠬᠦᠢ ᠠᠵᠤ ᠠᠬᠤᠶᠢᠯᠠᠯ ᠤᠨ ᠲᠥᠯᠥᠭᠡᠯᠡᠭᠴᠢ ᠨᠠᠷ ᠨᠢᠭᠡ ᠲᠠᠩᠬᠢᠮ ᠳᠤ | ᠴᠤᠭᠯᠠᠷᠠᠵᠤ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠮᠡᠷᠭᠡᠵᠢᠯ ᠤᠨ ᠬᠥᠭᠵᠢᠯᠲᠡ ᠪᠠ ᠬᠡᠷᠡᠭᠯᠡᠯᠲᠡ ᠶᠢ | ᠬᠠᠮᠲᠤ ᠪᠠᠷ ᠶᠠᠷᠢᠯᠴᠠᠵᠤ᠂ ᠵᠣᠷᠢᠯᠭ᠎ᠠ ᠨᠢ ᠮᠠᠨ ᠤ ᠤᠯᠤᠰ ᠤᠨ ᠲᠠᠷᠢᠶᠠᠯᠠᠩ ᠤᠨ ᠪᠣᠬᠢᠷᠲᠤᠯ ᠦᠭᠡᠢ ᠦᠷᠭᠦᠯᠵᠢᠬᠦᠶᠢᠴᠡ | ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠪᠠ ᠲᠠᠷᠢᠶᠠᠯᠠᠩ ᠤᠨ | ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠲᠣᠰ ᠤᠳᠠᠭᠠᠨ ᠤ | ᠠᠵᠢᠯᠯᠠᠭ᠎ᠠ ᠨᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠮᠠᠰᠢᠨᠴᠢᠯᠠᠯᠲᠠ ᠶᠢᠨ | ᠬᠠᠮᠢᠶᠠᠷᠤᠯᠲᠠ ᠶᠢᠨ ᠵᠤᠷᠭᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠳᠡᠮᠵᠢᠯᠭᠡ ᠶᠢ ᠣᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠠᠩ ᠢᠦᠢ ᠠᠵᠢᠯᠯᠠᠭ᠎ᠠ ᠳᠤ | ᠣᠷᠣᠯᠴᠠᠭᠰᠠᠨ ᠪᠥᠭᠡᠳ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠪᠡ᠃ | | | | ᠦᠳᠡ ᠶᠢᠨ ᠡᠮᠦᠨᠡᠬᠢ ᠦᠵᠡᠭᠦᠯᠭᠡ ᠶᠢᠨ ᠲᠤᠬᠠᠢ ᠶᠢᠨ ᠲᠠᠯᠠᠪᠠᠢ ᠳᠤ᠂ ᠤᠯᠠᠨ ᠲᠡᠷᠢᠭᠦᠨ ᠤ ᠬᠠᠮᠠᠭᠠᠯᠠᠯᠲᠠ ᠶᠢᠨ | ᠴᠢᠨᠠᠷᠲᠠᠢ ᠲᠠᠷᠢᠶᠠᠯᠠᠭ᠎ᠠ ᠶᠢᠨ ᠮᠠᠰᠢᠨ ᠪᠠᠭᠠᠵᠢ ᠶᠢ ᠲᠡᠷᠢ ᠲᠡᠭᠰᠢ ᠵᠢᠭᠰᠠᠭᠠᠵᠤ᠂ ᠬᠠᠭᠠᠯᠪᠤᠷᠢᠯᠠᠬᠤ ᠦᠭᠡᠢ ᠪᠠᠷ ᠲᠠᠷᠢᠬᠤ | ᠪᠠ ᠬᠥᠷᠥᠰᠥ ᠶᠢ ᠭᠦᠨ ᠰᠤᠯᠠᠷᠠᠭᠤᠯᠵᠤ ᠲᠡᠭᠰᠢᠯᠡᠬᠦ ᠵᠡᠷᠭᠡ ᠵᠠᠩᠭᠢᠯᠠᠭ᠎ᠠ ᠶᠢᠨ ᠠᠵᠢᠯ ᠤᠨ ᠭᠤᠭᠴᠤᠭ᠎ᠠ ᠶᠢ ᠳᠠᠷᠠᠭᠠᠯᠠᠨ | ᠳᠡᠯᠭᠡᠨ ᠦᠵᠡᠭᠦᠯᠵᠡᠢ᠃ ᠲᠤᠬᠠᠢ ᠶᠢᠨ ᠲᠠᠯᠠᠪᠠᠶ ᠳᠤ ᠪᠠᠰᠠ ᠦᠵᠡᠭᠦᠯᠭᠡ ᠶᠢᠨ ᠲᠣᠭᠤᠷᠢᠭ ᠭᠠᠷᠭᠠᠵᠤ᠂ ᠣᠯᠠᠨ | ᠵᠦᠢᠯ ᠤᠨ ᠬᠠᠮᠠᠭᠠᠯᠠᠯᠳᠠ ᠶᠢᠨ ᠴᠢᠨᠠᠷᠲᠠᠢ ᠲᠠᠷᠢᠶᠠᠯᠠᠭ᠎ᠠ ᠶᠢᠨ ᠰᠢᠨ᠎ᠡ ᠬᠡᠯᠪᠡᠷᠢ ᠶᠢᠨ ᠲᠠᠷᠢᠶᠠᠯᠠᠩ ᠤᠨ ᠮᠠᠰᠢᠨ | ᠪᠠᠭᠠᠵᠢ ᠶᠢ ᠳᠡᠯᠭᠡᠨ ᠦᠵᠡᠭᠦᠯᠵᠦ᠂ ᠬᠤᠷᠠᠯ ᠳᠤ ᠣᠷᠣᠯᠴᠠᠭᠰᠠᠳ ᠣᠶᠢᠷ᠎ᠠ ᠵᠠᠢ ᠠᠴᠠ ᠲᠣᠭᠤᠷᠢᠨ ᠦᠵᠡᠵᠦ᠂ | ᠵᠥᠪᠯᠡᠯᠭᠡ ᠥᠭᠴᠦ᠂ ᠠᠵᠤ ᠠᠬᠤᠶᠢᠯᠠᠯ ᠤᠨ ᠮᠡᠷᠭᠡᠵᠢᠯᠲᠡᠳ ᠲᠠᠢ ᠭᠦᠨᠵᠡᠭᠡᠢ ᠰᠣᠯᠢᠯᠴᠠᠭᠰᠠᠨ ᠪᠠᠶᠢᠨ᠎ᠠ᠃ ᠵᠢᠯᠣᠭᠤᠴᠢ | ᠦᠭᠡᠢ ᠲᠷᠠᠺᠲ᠋ᠣᠷ᠂ ᠣᠶᠤᠨᠲᠤ ᠳᠠᠷᠢᠬᠤ ᠮᠠᠰᠢᠨ ᠵᠡᠷᠭᠡ ᠣᠶᠤᠨᠴᠢᠯᠠᠭᠰᠠᠨ ᠲᠠᠷᠢᠶᠠᠯᠠᠩ ᠤᠨ ᠮᠠᠰᠢᠨ ᠤ ᠲᠣᠨᠤᠭ | ᠲᠥᠬᠦᠭᠡᠷᠦᠮᠵᠢ ᠶᠢ ᠵᠢᠯᠤᠭᠤᠳᠬᠤ ᠨᠢ ᠨᠠᠩ ᠴᠤ ᠮᠠᠰᠢ ᠣᠯᠠᠨ ᠣᠷᠣᠯᠴᠠᠭᠴᠢ ᠶᠢᠨ ᠠᠩᠬᠠᠷᠤᠯ ᠢ ᠲᠠᠲᠠᠪᠠ᠃ | | | | ᠦᠳᠡ ᠶᠢᠨ ᠬᠤᠶᠢᠨᠠᠬᠢ ᠪᠣᠯᠪᠠᠰᠤᠷᠠᠯ ᠤᠨ ᠭᠤᠭᠴᠤᠭ᠎ᠠ ᠳᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ | ᠲᠠᠷᠢᠶᠠᠯᠠᠩ ᠤᠨ ᠮᠠᠰᠢᠨᠴᠢᠯᠠᠯᠲᠠ ᠶᠢᠨ ᠶᠡᠷᠦᠩᠬᠡᠢ ᠦᠷᠳᠡᠭᠡ ᠶᠢᠨ ᠳᠡᠳ᠋ ᠳᠠᠷᠤᠭ᠎ᠠ ᠯᠢᠦ ᠰᠢᠶᠣᠣ ᠸᠧᠢ ᠴᠢᠬᠤᠯᠠ | ᠶᠠᠷᠢᠶ᠎ᠠ ᠲᠠᠯᠪᠢᠵᠤ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠪᠤᠯ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ | ᠲᠠᠢ ᠶᠢ ᠴᠢᠬᠤᠯᠠᠴᠢᠯᠠᠵᠤ᠂ ᠥᠩᠭᠡᠷᠡᠭᠰᠡᠨ ᠤ ᠲᠤᠰ ᠬᠦᠷᠢᠶ᠎ᠡ ᠴᠠᠷᠠᠭᠠᠨ ᠳᠤ ᠣᠯᠣᠭᠰᠠᠨ ᠠᠮᠵᠢᠯᠲᠠ ᠶᠢ ᠨᠤᠲᠠᠯᠠᠭᠰᠠᠨ | ᠪᠥᠭᠡᠳ ᠢᠷᠡᠭᠡᠳᠦᠢ ᠶᠢᠨ ᠠᠵᠢᠯ ᠳᠤ ᠰᠢᠨ᠎ᠡ ᠱᠠᠭᠠᠷᠳᠠᠯᠭ᠎ᠠ ᠪᠠ ᠬᠦᠰᠡᠯ ᠡᠷᠡᠮᠡᠯᠵᠡᠯ ᠳᠤᠷᠠᠳᠴᠠᠢ᠃ ᠳᠠᠷᠠᠭ᠎ᠠ ᠨᠢ ᠡᠯ᠎ᠡ | ᠭᠠᠵᠠᠷ ᠠᠴᠠ ᠢᠷᠡᠭᠰᠡᠨ ᠨᠠᠷᠠᠲᠤ ᠲᠤᠰᠬᠠᠢ ᠮᠡᠷᠭᠡᠵᠢᠯᠲᠡᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠮᠡᠷᠭᠡᠵᠢᠯ ᠤᠨ | ᠤᠭ ᠶᠣᠰᠣ᠂ ᠦᠢᠯᠡᠳᠦᠯᠭᠡ ᠶᠢᠨ ᠲᠤᠷᠰᠢᠯᠭ᠎ᠠ᠂ ᠬᠠᠮᠤᠭ ᠤᠨ ᠰᠢᠨ᠎ᠡ ᠰᠤᠳᠤᠯᠭᠠᠨ ᠤ ᠦᠷ᠎ᠡ ᠪᠦᠲᠦᠭᠡᠯ ᠵᠡᠷᠭᠡ ᠶᠢᠨ | ᠲᠣᠭᠤᠷᠢᠨ ᠳᠤ ᠲᠠᠶᠢᠯᠤᠮᠵᠢ ᠬᠢᠵᠡᠢ᠃ ᠲᠤᠰᠬᠠᠢ ᠮᠡᠷᠭᠡᠵᠢᠯᠲᠡᠳ ᠪᠣᠳᠠᠲᠤ ᠬᠡᠷᠡᠭ ᠤᠨ ᠵᠢᠱᠢᠶ᠎ᠡ ᠲᠠᠢ ᠪᠠᠨ | ᠤᠶᠠᠯᠳᠤᠭᠤᠯᠤᠨ᠂ ᠠᠳᠠᠯᠢ ᠪᠤᠰᠤ ᠭᠠᠵᠠᠷ ᠣᠷᠣᠨ ᠤ ᠬᠡᠷᠡᠭᠯᠡᠭᠡᠨ ᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ | ᠵᠠᠭᠪᠤᠷ ᠢ ᠭᠦᠨᠵᠡᠭᠡᠢ ᠪᠥᠭᠡᠳ ᠣᠶᠢᠯᠠᠭᠠᠮᠵᠢᠲᠠᠢ ᠵᠠᠳᠠᠯᠤᠨ ᠰᠢᠨᠵᠢᠯᠡᠵᠦ᠂ ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ | ᠮᠡᠷᠭᠡᠵᠢᠯ ᠤᠨ ᠬᠦᠴᠢᠷ ᠠᠰᠠᠭᠤᠳᠠᠯ ᠢ ᠬᠡᠷᠬᠢᠨ ᠰᠢᠢᠳᠪᠦᠷᠢᠯᠡᠬᠦ ᠲᠤᠬᠠᠢ ᠣᠯᠠᠨ ᠳᠤ ᠬᠠᠮᠠᠭᠠᠯᠠᠯᠲᠠ ᠶᠢᠨ ᠴᠢᠨᠠᠷᠲᠠᠢ | ᠲᠠᠷᠢᠶᠠᠯᠠᠭ᠎ᠠ ᠶᠢᠨ ᠮᠡᠷᠭᠡᠵᠢᠯ ᠢ ᠨᠠᠩ ᠪᠥᠬᠦ ᠲᠠᠯ᠎ᠠ ᠪᠠᠷ ᠭᠦᠨᠵᠡᠭᠡᠢ ᠣᠶᠢᠯᠠᠭᠠᠭᠤᠯᠪᠠ᠃ | | | | ᠰᠢᠨ᠎ᠡ ᠪᠠᠷ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷ᠎ᠠ ᠬᠥᠷᠥᠰᠥ ᠶᠢ | ᠬᠠᠮᠠᠭᠠᠯᠠᠬᠤ ᠳᠦᠷᠢᠮ︾ ᠨᠢ ᠬᠠᠷ᠎ᠠ ᠬᠥᠷᠥᠰᠥ ᠶᠢ ᠬᠠᠮᠠᠭᠠᠯᠠᠬᠤ ᠪᠠ ᠠᠰᠢᠭᠯᠠᠬᠤ ᠲᠤᠬᠠᠢ ᠲᠣᠳᠣᠷᠬᠠᠢ ᠬᠠᠤᠯᠢ | ᠴᠠᠭᠠᠵᠠ ᠲᠣᠭᠲᠠᠭᠠᠯ ᠭᠠᠷᠭᠠᠵᠤ᠂ ᠬᠠᠷ᠎ᠠ ᠬᠥᠷᠥᠰᠥ ᠶᠢ ᠬᠠᠮᠠᠭᠠᠯᠠᠬᠤ ᠪᠠ ᠲᠠᠷᠢᠶᠠᠯᠠᠬᠤ ᠮᠡᠷᠭᠡᠵᠢᠯ ᠢ ᠵᠠᠰᠠᠵᠤ | ᠰᠡᠷᠭᠦᠭᠡᠬᠦ ᠶᠢ ᠬᠠᠤᠯᠢ ᠶᠣᠰᠣᠭᠠᠷ ᠪᠠᠲᠤᠯᠠᠪᠠ᠃ ᠲᠣᠰ ᠤᠳᠠᠭᠠᠨ ᠤ ᠪᠥᠬᠦ ᠤᠯᠤᠰ ᠤᠨ ᠬᠠᠮᠠᠭᠠᠯᠠᠯᠲᠠ ᠶᠢᠨ ᠴᠢᠨᠠᠷᠲᠠᠢ | ᠲᠠᠷᠢᠶᠠᠯᠠᠭ᠎ᠠ ᠶᠢᠨ ᠮᠡᠷᠭᠡᠵᠢᠯ ᠤᠨ ᠪᠣᠯᠪᠠᠰᠤᠷᠠᠯ ᠵᠢᠴᠢ ᠲᠤᠬᠠᠢ ᠶᠢᠨ ᠲᠠᠯᠠᠪᠤᠷ ᠤᠨ ᠦᠵᠡᠭᠦᠯᠭᠡ ᠶᠢᠨ ᠬᠤᠷᠠᠯ ᠢ | ᠠᠮᠵᠢᠯᠲᠠ ᠲᠠᠢ ᠡᠷᠬᠢᠯᠡᠭᠰᠡᠨ ᠨᠢ ᠮᠠᠨ ᠤ ᠤᠯᠤᠰ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠮᠡᠷᠭᠡᠵᠢᠯ ᠤᠨ | ᠰᠣᠯᠢᠯᠴᠠᠭ᠎ᠠ ᠪᠠ ᠳᠡᠯᠭᠡᠷᠡᠭᠦᠯᠦᠯᠲᠡ ᠳᠤ ᠴᠢᠬᠤᠯᠠ ᠲᠠᠪᠴᠠᠩ ᠬᠠᠩᠭᠠᠵᠤ᠂ ᠲᠠᠷᠢᠶᠠᠯᠠᠩ ᠤᠨ ᠪᠣᠬᠢᠷᠲᠤᠯ ᠦᠭᠡᠢ | ᠬᠥᠭᠵᠢᠯᠲᠡ ᠶᠢ ᠠᠬᠢᠭᠤᠯᠬᠤ᠂ ᠲᠠᠷᠢᠶᠠᠨ ᠭᠠᠵᠠᠷ ᠤᠨ ᠡᠬᠢ ᠪᠠᠶᠠᠯᠢᠭ ᠢ ᠬᠠᠮᠠᠭᠠᠯᠠᠬᠤ᠂ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠳᠤ ᠴᠢᠬᠤᠯᠠ ᠠᠬᠢᠭᠤᠯᠬᠤ ᠦᠢᠯᠡᠳᠦᠯ ᠲᠠᠢ ᠶᠤᠮ᠃ ᠬᠤᠷᠠᠯ ᠳᠤ ᠣᠷᠣᠯᠴᠠᠭᠰᠠᠳ | ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠰᠣᠷᠣᠭᠰᠠᠨ ᠮᠡᠳᠡᠯᠭᠡ ᠪᠠ | ᠲᠤᠷᠰᠢᠯᠭ᠎ᠠ ᠪᠠᠨ ᠲᠣᠰ ᠲᠣᠰ ᠤᠨ ᠠᠵᠢᠯ ᠤᠨ ᠪᠠᠶᠢᠷᠢ ᠳᠠᠭᠠᠨ ᠠᠪᠴᠢᠷᠠᠵᠤ᠂ ᠬᠠᠮᠠᠭᠠᠯᠠᠯᠲᠠ ᠶᠢᠨ ᠴᠢᠨᠠᠷᠲᠠᠢ | ᠲᠠᠷᠢᠶᠠᠯᠠᠭ᠎ᠠ ᠶᠢᠨ ᠮᠡᠷᠭᠡᠵᠢᠯ ᠢ ᠢᠳᠡᠪᠬᠢᠲᠡᠢ ᠪᠠᠷ ᠳᠡᠯᠭᠡᠷᠡᠭᠦᠯᠦᠨ ᠬᠡᠷᠡᠭᠯᠡᠵᠦ᠂ ᠮᠠᠨ ᠤ ᠤᠯᠤᠰ ᠤᠨ ᠲᠠᠷᠢᠶᠠᠯᠠᠩ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃ |