ᠠᠰᠠᠭᠤᠯᠲᠠ᠄ ︽ᠠᠷᠭ᠎ᠠ︾ ᠳᠤ ᠭᠤᠣᠯᠳᠠᠭᠤ ᠶᠠᠮᠠᠷ ᠶᠠᠮᠠᠷ ᠠᠭᠤᠯᠭ᠎ᠠ ᠶᠢ ᠪᠠᠭᠲᠠᠭᠠᠬᠤ ᠪᠣᠶ︖ | ᠬᠠᠷᠢᠭᠤᠯᠲᠠ᠄ ︽ᠠᠷᠭ᠎ᠠ︾ ᠨᠢ ᠨᠡᠶᠢᠲᠡ 22 ᠵᠦᠢᠯ ᠲᠠᠢ᠂ ᠭᠤᠣᠯᠳᠠᠭᠤ ᠲᠠᠪᠤᠨ ᠲᠠᠯ᠎ᠠ ᠶᠢᠨ ᠠᠭᠤᠯᠭ᠎ᠠ ᠶᠢ | ᠪᠠᠭᠲᠠᠭᠠᠨ᠎ᠠ᠃ | ᠨᠢᠭᠡ ᠳᠤ ᠵᠥᠪᠰᠢᠶᠡᠷᠡᠬᠦ ᠬᠡᠪᠴᠢᠶ᠎ᠡ ᠶᠢ ᠲᠣᠭᠲᠠᠭᠠᠪᠠ᠃ ᠲᠠᠷᠢᠶᠠᠴᠢᠨ ᠡᠷᠦᠭᠡ ᠶᠢᠨ ᠲᠡᠵᠢᠭᠡᠵᠦ ᠪᠠᠶᠢᠭ᠎ᠠ | ᠦᠷ᠎ᠡ ᠶᠢᠨ ᠮᠠᠯ ᠵᠢᠭᠦᠷᠲᠡᠨ ᠢ ᠥᠪᠡᠷ ᠢᠶᠠᠨ ᠦᠷᠡᠵᠢᠭᠦᠯᠦᠨ ᠲᠡᠵᠢᠭᠡᠬᠦ ᠳᠤ ᠬᠡᠷᠡᠭᠯᠡᠬᠦ ᠪᠠ ᠪᠠᠭ᠎ᠠ ᠬᠡᠮᠵᠢᠶᠡᠨ ᠤ | ᠦᠯᠡᠳᠡᠪᠦᠷᠢ ᠲᠥᠯ ᠮᠠᠯ᠂ ᠵᠢᠭᠦᠷᠲᠡᠨ ᠤ ᠴᠤᠷᠪᠠᠭ᠎ᠠ ᠶᠢ ᠬᠤᠳᠠᠯᠳᠤᠬᠤ ᠳᠤ ᠬᠡᠷᠡᠭᠯᠡᠬᠦ ᠵᠢᠴᠢ ᠬᠡᠭᠡᠯᠳᠦᠭᠦᠯᠭᠡ ᠳᠤ | ᠬᠡᠷᠡᠭᠯᠡᠬᠦ ᠦᠷ᠎ᠡ ᠶᠢᠨ ᠮᠠᠯ ᠲᠡᠵᠢᠭᠡᠪᠦᠷᠢ ᠶᠢ ᠲᠡᠵᠢᠭᠡᠬᠦ ᠠᠴᠠ ᠭᠠᠳᠠᠨ᠎ᠠ᠂ ᠦᠷ᠎ᠡ ᠶᠢᠨ ᠮᠠᠯ ᠵᠢᠭᠦᠷᠲᠡᠨ ᠪᠤᠶᠤ ᠲᠠᠸᠠᠷ ᠤᠨ | ᠲᠥᠯ ᠮᠠᠯ᠂ ᠵᠢᠭᠦᠷᠲᠡᠨ ᠤ ᠴᠤᠷᠪᠠᠭ᠎ᠠ ᠶᠢ ᠦᠢᠯᠡᠳᠪᠦᠷᠢᠯᠡᠵᠦ ᠡᠵᠡᠩᠨᠡᠬᠦ ᠳᠤ ᠴᠦᠮ ᠦᠷ᠎ᠡ ᠶᠢᠨ ᠮᠠᠯ ᠵᠢᠭᠦᠷᠲᠡᠨ ᠢ | ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠣᠯᠣᠭᠰᠠᠨ ᠪᠠᠶᠢᠬᠤ ᠬᠡᠷᠡᠭᠲᠡᠢ᠃ | ᠬᠤᠶᠠᠷ ᠲᠤ ᠬᠢᠨᠠᠨ ᠣᠯᠭᠤᠬᠤ ᠡᠷᠬᠡ ᠶᠢᠨ ᠬᠡᠪᠴᠢᠶ᠎ᠡ ᠶᠢ ᠲᠣᠳᠣᠷᠬᠠᠢ ᠪᠣᠯᠭᠠᠪᠠ᠃ ᠦᠷ᠎ᠡ ᠶᠢᠨ ᠮᠠᠯ | ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠳᠤ ᠨᠢᠭᠡᠳᠦᠯᠲᠡᠢ ᠬᠠᠮᠢᠶᠠᠷᠤᠯᠲᠠ ᠶᠢ | ᠬᠡᠷᠡᠭᠵᠢᠭᠦᠯᠵᠦ᠂ ᠣᠷᠣᠨ ᠨᠤᠲᠤᠭ ᠤᠨ ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ ᠮᠥᠴᠢᠷ ᠤᠳ ᠲᠤᠰᠢᠶᠠᠯ | ᠬᠠᠷᠢᠭᠤᠴᠠᠯᠭ᠎ᠠ ᠶᠢᠨ ᠢᠶᠠᠨ ᠶᠣᠰᠣᠭᠠᠷ ᠱᠠᠲᠤ ᠬᠤᠪᠢᠶᠠᠨ ᠬᠠᠷᠢᠭᠤᠴᠠᠨ᠎ᠠ᠃ ᠡᠭᠦᠨ ᠳᠤ᠂ ᠭᠡᠷ ᠤᠨ ᠲᠡᠵᠢᠭᠡᠪᠦᠷᠢ ᠶᠢᠨ | ᠥᠨᠳᠡᠭᠡᠨ ᠡᠰ᠂ ᠦᠷ᠎ᠡ ᠶᠢᠨ ᠰᠢᠩᠭᠡᠨ᠂ ᠬᠦᠪᠦᠷᠡᠯ ᠵᠡᠷᠭᠡ ᠤᠳᠤᠮᠯᠠᠯ ᠤᠨ ᠮᠠᠲ᠋ᠧᠷᠢᠶᠠᠯ ᠪᠠ ᠳᠡᠭᠡᠳᠦᠰ ᠤᠨ ᠦᠶ᠎ᠡ ᠠᠴᠠ | ᠳᠡᠭᠡᠭᠰᠢᠬᠢ ᠦᠷ᠎ᠡ ᠶᠢᠨ ᠮᠠᠯ ᠵᠢᠭᠦᠷᠲᠡᠨ ︵ᠡᠭᠦᠯᠳᠡᠷ ᠪᠠ ᠢᠵᠢ ᠪᠦᠷᠢᠳᠦᠭᠦᠯᠬᠦ ᠰᠢᠰᠲ᠋ᠧᠮ ᠢ ᠪᠠᠭᠲᠠᠭᠠᠨ᠎ᠠ︶ ᠢ | ᠦᠢᠯᠡᠳᠪᠦᠷᠢᠯᠡᠵᠦ ᠡᠵᠡᠩᠨᠡᠬᠦ ᠨᠥᠬᠦᠴᠡᠯ ᠤᠨ ᠱᠠᠭᠠᠷᠳᠠᠯᠭ᠎ᠠ ᠥᠨᠳᠥᠷ᠂ ᠨᠥᠯᠥᠭᠡᠯᠡᠬᠦ ᠬᠡᠪᠴᠢᠶ᠎ᠡ ᠶᠡᠭᠡ ᠪᠠᠶᠢᠵᠤ᠂ | ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠪᠠᠶᠢᠭ᠎ᠠ ᠭᠠᠵᠠᠷ ᠤᠨ ᠮᠤᠵᠢ ᠶᠢᠨ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ | ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠬᠢᠨᠠᠨ ᠣᠯᠭᠤᠨ᠎ᠠ︔ ᠡᠴᠢᠭᠡ ᠡᠬᠡ ᠶᠢᠨ ᠦᠶ᠎ᠡ ᠶᠢᠨ | ᠡᠭᠦᠯᠳᠡᠷ ᠤᠨ ᠮᠠᠯ ᠵᠢᠭᠦᠷᠲᠡᠨ ︵ᠡᠭᠦᠯᠳᠡᠷ ᠪᠠ ᠢᠵᠢ ᠪᠦᠷᠢᠳᠦᠭᠦᠯᠬᠦ ᠰᠢᠰᠲ᠋ᠧᠮ ᠢ ᠪᠠᠭᠲᠠᠭᠠᠨ᠎ᠠ︶ ᠪᠠ ᠲᠠᠸᠠᠷ ᠤᠨ | ᠲᠥᠯ ᠮᠠᠯ᠂ ᠴᠤᠷᠪᠠᠭ᠎ᠠ ᠶᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠪᠠᠶᠢᠭ᠎ᠠ ᠭᠠᠵᠠᠷ ᠤᠨ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ | ᠬᠥᠳᠡᠭᠡ ᠲᠣᠰᠬᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠭᠤᠶᠤᠴᠢᠯᠠᠯ ᠢ ᠬᠦᠯᠢᠶᠡᠨ ᠬᠢᠨᠠᠨ ᠣᠯᠭᠤᠵᠤ᠂ | ᠪᠣᠳᠠᠲᠠᠢ ᠬᠢᠨᠠᠨ ᠣᠯᠭᠤᠬᠤ ᠡᠷᠬᠡ ᠶᠢᠨ ᠬᠡᠪᠴᠢᠶ᠎ᠡ ᠶᠢ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠲᠠᠷᠢᠶᠠᠯᠠᠩ ᠬᠥᠳᠡᠭᠡ ᠲᠣᠰᠬᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠵᠤ ᠨᠡᠶᠢᠲᠡᠯᠡᠨ᠎ᠡ᠃ | ᠭᠤᠷᠪᠠ ᠳᠤ ᠵᠥᠪᠰᠢᠶᠡᠷᠡᠬᠦ ᠨᠥᠬᠦᠴᠡᠯ ᠢ ᠨᠠᠷᠢᠯᠢᠭᠵᠢᠭᠤᠯᠪᠠ᠃ ᠦᠢᠯᠡᠳᠪᠦᠷᠢᠯᠡᠵᠦ ᠡᠵᠡᠩᠨᠡᠬᠦ ᠪᠠᠷ | ᠭᠤᠶᠤᠴᠢᠯᠠᠬᠤ ᠦᠷ᠎ᠡ ᠶᠢᠨ ᠮᠠᠯ ᠵᠢᠭᠦᠷᠲᠡᠨ ᠨᠢ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ | ᠺᠣᠮᠢᠰ ᠢᠶᠠᠷ ᠬᠢᠨᠠᠨ ᠲᠣᠭᠲᠠᠭᠠᠯᠭᠠᠭᠰᠠᠨ ᠪᠤᠶᠤ ᠬᠢᠨᠠᠨ ᠲᠣᠭᠲᠠᠭᠠᠯᠭᠠᠭᠰᠠᠨ ᠡᠭᠦᠯᠳᠡᠷ᠂ ᠢᠵᠢ ᠪᠦᠷᠢᠳᠦᠭᠦᠯᠬᠦ ᠰᠢᠰᠲ᠋ᠧᠮ | ᠪᠠᠶᠢᠬᠤ ᠬᠡᠷᠡᠭᠲᠡᠢ᠂ ᠡᠰᠡᠬᠦᠯ᠎ᠡ ᠵᠥᠪᠰᠢᠶᠡᠷᠡᠭᠦᠯᠦᠭᠡᠳ ᠣᠷᠣᠭᠤᠯᠵᠤ ᠠᠪᠴᠢᠷᠠᠭᠰᠠᠨ ᠬᠢᠯᠢ ᠶᠢᠨ ᠭᠠᠳᠠᠨᠠᠬᠢ ᠡᠭᠦᠯᠳᠡᠷ᠂ | ᠢᠵᠢ ᠪᠦᠷᠢᠳᠦᠭᠦᠯᠬᠦ ᠰᠢᠰᠲ᠋ᠧᠮ ᠪᠠᠶᠢᠬᠤ ᠬᠡᠷᠡᠭᠲᠡᠢ︔ ᠭᠤᠶᠤᠴᠢᠯᠠᠭᠴᠢ ᠨᠢ ᠠᠷᠠᠴᠢᠯᠠᠨ ᠲᠡᠵᠢᠭᠡᠬᠦ ᠬᠡᠪᠴᠢᠶ᠎ᠡ᠂ | ᠲᠤᠰᠬᠠᠢ ᠮᠡᠷᠭᠡᠵᠢᠯᠲᠡᠨ᠂ ᠦᠷᠡᠵᠢᠭᠦᠯᠦᠨ ᠪᠣᠶᠢᠵᠢᠭᠤᠯᠬᠤ ᠲᠥᠬᠦᠭᠡᠷᠦᠮᠵᠢ ᠵᠡᠷᠭᠡ ᠲᠠᠯ᠎ᠠ ᠶᠢᠨ ᠨᠥᠬᠦᠴᠡᠯ ᠢ | ᠪᠦᠷᠢᠳᠦᠭᠦᠯᠦᠭᠰᠡᠨ ᠪᠠᠶᠢᠬᠤ ᠬᠡᠷᠡᠭᠲᠡᠢ᠃ ᠭᠡᠷ ᠤᠨ ᠲᠡᠵᠢᠭᠡᠪᠦᠷᠢ ᠶᠢᠨ ᠥᠨᠳᠡᠭᠡᠨ ᠡᠰ᠂ ᠦᠷ᠎ᠡ ᠶᠢᠨ ᠰᠢᠩᠭᠡᠨ᠂ ᠬᠦᠪᠦᠷᠡᠯ | ᠵᠡᠷᠭᠡ ᠤᠳᠤᠮᠯᠠᠯ ᠤᠨ ᠮᠠᠲ᠋ᠧᠷᠢᠶᠠᠯ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠢ ᠭᠤᠶᠤᠴᠢᠯᠠᠬᠤ ᠳᠤ ᠪᠠᠰᠠ | ᠤᠳᠤᠮᠯᠠᠯ ᠤᠨ ᠮᠠᠲ᠋ᠧᠷᠢᠶᠠᠯ ᠢ ᠦᠢᠯᠡᠳᠪᠦᠷᠢᠯᠡᠬᠦ᠂ ᠰᠢᠯᠭᠠᠨ ᠪᠠᠶᠢᠴᠠᠭᠠᠬᠤ᠂ ᠬᠠᠳᠠᠭᠠᠯᠠᠬᠤ᠂ ᠲᠡᠭᠡᠭᠡᠪᠦᠷᠢᠯᠡᠬᠦ ᠵᠡᠷᠭᠡ | ᠲᠠᠯ᠎ᠠ ᠶᠢᠨ ᠨᠥᠬᠦᠴᠡᠯ ᠢ ᠪᠦᠷᠢᠳᠦᠭᠦᠯᠵᠦ᠂ ᠬᠤᠯᠪᠣᠭᠳᠠᠯ ᠪᠦᠬᠦᠢ ᠪᠠᠷᠢᠮᠵᠢᠶ᠎ᠠ ᠪᠠ ᠮᠡᠷᠭᠡᠵᠢᠯ ᠤᠨ ᠱᠠᠭᠠᠷᠳᠠᠯᠭ᠎ᠠ ᠳᠤ | ᠨᠡᠶᠢᠴᠡᠭᠰᠡᠨ ᠪᠠᠶᠢᠬᠤ ᠵᠡᠷᠭᠡ ᠶᠢ ᠦᠨᠡᠨ ᠬᠦ ᠪᠠᠲᠤᠯᠠᠪᠠ᠃ | ᠳᠥᠷᠪᠡ ᠳᠤ ᠵᠥᠪᠰᠢᠶᠡᠷᠡᠯ ᠤᠨ ᠵᠢᠷᠤᠮ ᠢ ᠵᠢᠷᠤᠮᠵᠢᠭᠤᠯᠪᠠ᠃ ᠦᠷ᠎ᠡ ᠶᠢᠨ ᠮᠠᠯ ᠵᠢᠭᠦᠷᠲᠡᠨ ᠢ | ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠢ ᠭᠥᠯᠢᠶᠡᠨ ᠠᠪᠴᠤ ᠰᠢᠢᠳᠪᠦᠷᠢᠯᠡᠬᠦ ᠶᠢ ᠬᠠᠷᠭᠤᠭᠤᠯᠤᠨ ᠣᠯᠭᠤᠬᠤ ᠲᠠᠰ | ᠳᠠᠷᠠᠭᠠᠯᠠᠯ᠂ ᠭᠦᠢᠴᠡᠳᠬᠡᠬᠦ ᠴᠠᠭ ᠬᠤᠭᠤᠴᠠᠭ᠎ᠠ᠂ ᠲᠤᠬᠠᠢ ᠶᠢᠨ ᠲᠠᠯᠠᠪᠤᠷ ᠲᠤ ᠬᠢᠨᠠᠨ ᠲᠣᠭᠲᠠᠭᠠᠬᠤ ᠵᠡᠷᠭᠡ | ᠱᠠᠭᠠᠷᠳᠠᠯᠭ᠎ᠠ ᠶᠢ ᠲᠣᠳᠣᠷᠬᠠᠶᠢᠯᠠᠵᠤ᠂ ᠵᠥᠪᠰᠢᠶᠡᠷᠡᠯ ᠤᠨ ᠦᠨᠡᠮᠯᠡᠯ ᠢ ᠬᠤᠪᠢᠷᠠᠭᠤᠯᠬᠤ᠂ ᠳᠠᠭᠢᠵᠤ ᠭᠤᠶᠤᠴᠢᠯᠠᠬᠤ | ᠨᠥᠬᠦᠴᠡᠯ ᠵᠢᠴᠢ ᠬᠦᠴᠦᠨ ᠦᠭᠡᠢ ᠪᠣᠯᠭᠠᠬᠤ ᠵᠡᠷᠭᠡ ᠲᠠᠯ᠎ᠠ ᠪᠠᠷ ᠲᠣᠭᠲᠠᠭᠠᠯ ᠭᠠᠷᠭᠠᠪᠠ᠃ | ᠲᠠᠪᠤ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠡᠷᠬᠢᠯᠡᠨ ᠬᠠᠮᠢᠶᠠᠷᠬᠤ | ᠰᠠᠯᠠᠭ᠎ᠠ ᠮᠥᠴᠢᠷ ᠢ ᠦᠷ᠎ᠡ ᠶᠢᠨ ᠮᠠᠯ ᠵᠢᠭᠦᠷᠲᠡᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠦᠷ᠎ᠡ ᠶᠢᠨ ᠮᠠᠯ ᠵᠢᠭᠦᠷᠲᠡᠨ ᠤ ᠦᠢᠯᠡᠳᠪᠦᠷᠢᠯᠡᠯ ᠤᠨ ᠴᠢᠨᠠᠷ ᠴᠢᠨᠰᠠᠭ᠎ᠠ ᠶᠢ ᠬᠡᠮᠵᠢᠨ ᠲᠣᠭᠲᠠᠭᠠᠬᠤ | ᠪᠠ ᠤᠳᠤᠮᠯᠠᠯ ᠤᠨ ᠮᠠᠲ᠋ᠧᠷᠢᠶᠠᠯ ᠤᠨ ᠶᠠᠰᠤ ᠴᠢᠨᠠᠷ ᠢ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠵᠡᠷᠭᠡ ᠰᠣᠩᠭᠤᠨ | ᠪᠠᠶᠢᠴᠠᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠬᠠᠤᠯᠢ ᠶᠢ | ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠨ᠎ᠡ᠃ | ᠮᠡᠳᠡᠭᠡ ᠵᠠᠩᠭᠢ ᠶᠢᠨ ᠢᠷᠡᠯᠲᠡ᠄ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠰᠣᠨᠢᠨ ᠮᠡᠳᠡᠭᠡᠨ ᠤ ᠠᠯᠪᠠᠨ | ᠭᠡᠷ |