ᠪᠥᠬᠦ ᠣᠷᠣᠨ ᠤ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠮᠡᠷᠭᠡᠵᠢᠯ ᠵᠢᠴᠢ ᠲᠠᠷᠢᠶᠠᠯᠠᠩ ᠤᠨ ᠮᠠᠰᠢᠨ ᠤ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠪᠣᠯᠪᠠᠰᠤᠷᠠᠯ ᠢ ᠲᠦᠩᠯᠢᠶᠣᠣ ᠬᠤᠲᠠ ᠳᠤ ᠲᠡᠭᠦᠰ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2025/4/17
      4 ᠰᠠᠷ᠎ᠠ ᠶᠢᠨ 13 ᠤ ᠡᠳᠦᠷ᠂ ᠪᠥᠬᠦ ᠣᠷᠣᠨ ᠤ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠮᠡᠷᠭᠡᠵᠢᠯ ᠵᠢᠴᠢ ᠲᠠᠷᠢᠶᠠᠯᠠᠩ ᠤᠨ ᠮᠠᠰᠢᠨ ᠤ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠪᠣᠯᠪᠠᠰᠤᠷᠠᠯ ᠤᠨ ᠠᠩᠭᠢ ᠲᠦᠩᠯᠢᠶᠣᠣ ᠬᠤᠲᠠ ᠳᠤ ᠲᠡᠭᠦᠰ ᠠᠮᠵᠢᠯᠲᠠ ᠲᠠᠢ ᠥᠨᠳᠥᠷᠯᠡᠪᠡ᠃ ᠡᠯ᠎ᠡ ᠠᠶᠢᠮᠠᠭ ᠬᠤᠲᠠ ᠪᠣᠯᠣᠨ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠭᠤᠣᠯᠳᠠᠯᠭ᠎ᠠ ᠲᠠᠢ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠲᠠᠷᠢᠶᠠᠯᠠᠩ ᠤᠨ ᠮᠠᠰᠢᠨ ᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠲᠠᠷᠢᠶᠠᠯᠠᠩ ᠤᠨ ᠮᠠᠰᠢᠨ ᠪᠣᠯᠣᠨ ᠲᠠᠷᠢᠶᠠᠯᠠᠩ ᠤᠨ ᠬᠠᠮᠠᠭᠠᠯᠠᠯᠲᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠲᠠᠷᠢᠶᠠᠯᠠᠩ ᠤᠨ ᠮᠠᠰᠢᠨ ᠤ ᠮᠡᠷᠭᠡᠵᠢᠯ ᠳᠡᠯᠭᠡᠷᠡᠭᠦᠯᠬᠦ ᠭᠤᠣᠯᠯᠠᠭᠴᠢ ᠵᠡᠷᠭᠡ 130 ᠭᠠᠷᠤᠢ ᠬᠥᠮᠥᠨ ᠣᠷᠣᠯᠴᠠᠪᠠ᠃ 
1.png
       ᠪᠣᠯᠪᠠᠰᠤᠷᠠᠯ ᠤᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠠᠩ ᠢᠦᠢ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ 2025 ᠣᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠭᠤᠣᠯᠳᠠᠯᠭ᠎ᠠ ᠲᠠᠢ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠲᠤᠰᠬᠠᠢ ᠮᠡᠷᠭᠡᠵᠢᠯᠲᠡᠨ ᠤ ᠵᠢᠯᠤᠭᠤᠳᠬᠤ ᠳᠤᠭᠤᠶᠢᠯᠠᠩ ᠤᠨ ᠳᠠᠷᠤᠭ᠎ᠠ ᠯᠦ ᠵᠠᠨ ᠶᠤᠸᠠᠨ ᠪᠣᠯᠣᠨ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠬᠤᠩ ᠵᠢᠶᠠᠩ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃ ᠬᠥᠯᠥᠨ ᠪᠤᠶᠢᠷ ᠬᠤᠳᠠ ᠶᠢᠨ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠠᠷ᠎ᠠ ᠬᠦᠷᠦᠰᠦ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠬᠡᠷᠡᠭᠵᠢᠭᠦᠯᠬᠦ ᠭᠤᠣᠯ ᠴᠣᠭᠴᠠ ᠪᠣᠯᠣᠨ 4 ᠠᠶᠢᠮᠠᠭ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠥᠯᠥᠭᠡᠯᠡᠭᠴᠢ ᠨᠡᠶᠢᠲᠡᠯᠢᠭ ᠶᠠᠷᠢᠶ᠎ᠠ ᠲᠠᠯᠪᠢᠵᠠᠢ᠃ 
2.png
       ᠲᠣᠰ ᠤᠳᠠᠭᠠᠨ ᠤ ᠪᠣᠯᠪᠠᠰᠤᠷᠠᠯ ᠤᠨ ᠠᠭᠤᠯᠭ᠎ᠠ  ᠨᠢ ᠡᠯᠪᠡᠭ ᠪᠠᠶᠠᠯᠢᠭ ᠪᠠᠶᠢᠵᠤ᠂ ᠣᠨᠣᠯ ᠤᠨ ᠬᠢᠴᠢᠶᠡᠯᠯᠡᠭᠡ ᠲᠠᠢ ᠮᠥᠷᠲᠡᠭᠡᠨ ᠪᠠᠰᠠ ᠲᠤᠬᠠᠢ ᠶᠢᠨ ᠲᠠᠯᠠᠪᠤᠷ ᠲᠤ ᠲᠣᠭᠤᠷᠢᠨ ᠦᠵᠡᠵᠡᠢ᠃ ᠤᠯᠤᠰ ᠪᠠ ᠬᠥᠷᠰᠢ ᠵᠡᠷᠭᠡᠯᠡᠳᠡᠭᠡ ᠮᠤᠵᠢ ᠬᠤᠲᠠ ᠲᠣᠭᠤᠷᠢᠭ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠲᠤᠰᠬᠠᠢ ᠮᠡᠷᠭᠡᠵᠢᠯᠲᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠤᠰᠬᠠᠢ ᠮᠡᠷᠭᠡᠵᠢᠯᠲᠡᠨ ᠢ ᠤᠷᠢᠵᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠮᠡᠷᠭᠡᠵᠢᠯ ᠤᠨ ᠤᠭ ᠶᠣᠰᠣ᠂ ᠮᠡᠷᠭᠡᠵᠢᠯ ᠤᠨ ᠵᠠᠭᠪᠤᠷ᠂ ᠮᠠᠰᠢᠨ ᠪᠠᠭᠠᠵᠢ ᠶᠢᠨ ᠬᠡᠯᠪᠡᠷᠢ ᠰᠣᠩᠭᠤᠬᠤ ᠪᠠ ᠬᠡᠷᠡᠭᠯᠡᠬᠦ ᠬᠠᠮᠠᠭᠠᠯᠠᠯᠲᠠ ᠶᠢᠨ ᠲᠣᠭᠤᠷᠢᠨ ᠳᠤ ᠭᠦᠨᠵᠡᠭᠡᠢ ᠲᠠᠶᠢᠯᠪᠤᠷᠢᠯᠠᠭᠤᠯᠪᠠ᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠭᠤᠭᠴᠤᠭ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠤ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠦᠷᠢ᠂ ᠲᠠᠷᠢᠶᠠᠯᠠᠩ ᠤᠨ ᠮᠠᠰᠢᠨ ᠤ ᠬᠡᠷᠡᠭᠯᠡᠭᠡ ᠠᠴᠠ ᠭᠠᠷᠭᠠᠵᠤ ᠰᠢᠨᠡᠳᠬᠡᠬᠦ ᠨᠥᠬᠦᠪᠦᠷᠢ ᠶᠢᠨ ᠲᠥᠷᠥ ᠶᠢᠨ ᠪᠣᠳᠣᠯᠭ᠎ᠠ ᠪᠠ ᠨᠥᠬᠦᠪᠦᠷᠢ ᠶᠢᠨ ᠪᠡᠯᠡ ᠮᠥᠩᠭᠦ ᠶᠢᠨ ᠲᠠᠰ ᠳᠡᠪᠰᠢᠭᠦᠯᠦᠨ ᠲᠠᠷᠬᠠᠭᠠᠬᠤ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠠᠵᠢᠯᠯᠠᠭᠠᠨ ᠤ ᠶᠠᠪᠤᠴᠠ ᠶᠢ ᠲᠠᠶᠢᠯᠪᠤᠷᠢᠯᠠᠬᠤ ᠶᠢᠨ ᠬᠠᠮᠲᠤ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠣᠷᠳᠣ ᠬᠤᠭᠤᠴᠠᠭᠠᠨ ᠤ ᠬᠢᠨᠠᠨ ᠬᠡᠮᠵᠢᠬᠦ ᠠᠵᠢᠯ ᠪᠠ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠠᠵᠢᠯᠯᠠᠭ᠎ᠠ ᠶᠢᠨ ᠲᠥᠯᠥᠪᠯᠡᠭᠡ ᠶᠢᠨ ᠬᠡᠷᠡᠭᠵᠢᠭᠦᠯᠦᠯᠲᠡ ᠵᠢᠴᠢ ᠰᠢᠯᠭᠠᠨ ᠠᠪᠬᠤ ᠮᠠᠲ᠋ᠧᠷᠢᠶᠠᠯ ᠵᠡᠷᠭᠡ ᠳᠤ ᠬᠤᠯᠪᠣᠭᠳᠠᠯ ᠪᠦᠬᠦᠢ ᠱᠠᠭᠠᠷᠳᠠᠯᠭ᠎ᠠ ᠳᠤᠷᠠᠳᠪᠠ᠃ ᠲᠤᠬᠠᠢ ᠶᠢᠨ ᠲᠠᠯᠠᠪᠠᠢ ᠳᠤ ᠲᠣᠭᠤᠷᠢᠨ ᠦᠵᠡᠬᠦ ᠭᠤᠭᠴᠤᠭ᠎ᠠ ᠳᠤ᠂ ᠲᠦᠩᠯᠢᠶᠣᠣ ᠬᠤᠲᠠ ᠶᠢᠨ 7 ᠵᠦᠢᠯ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠮᠡᠷᠭᠡᠵᠢᠯ ᠤᠨ ᠲᠤᠬᠠᠢ ᠶᠢᠨ ᠲᠠᠯᠠᠪᠠᠢ ᠶᠢᠨ ᠠᠵᠢᠯ ᠤᠨ ᠦᠵᠡᠭᠦᠯᠭᠡ ᠶᠢ ᠲᠣᠭᠤᠷᠢᠨ ᠦᠵᠡᠪᠡ︔ ᠠᠵᠢᠯᠯᠠᠭ᠎ᠠ ᠶᠢᠨ ᠳᠤᠮᠳᠠ᠂ ᠵᠢᠯᠣᠭᠤᠴᠢ ᠦᠭᠡᠢ ᠲᠷᠠᠺᠲ᠋ᠣᠷ᠂ ᠵᠢᠯᠣᠭᠤᠴᠢ ᠦᠭᠡᠢ ᠤᠷᠭᠤᠮᠠᠯ ᠤᠨ ᠬᠠᠮᠠᠭᠠᠯᠠᠯᠲᠠ ᠶᠢᠨ ᠨᠢᠰᠬᠡᠯ ᠵᠡᠷᠭᠡ ᠣᠲᠣ ᠦᠶ᠎ᠡ ᠶᠢᠨ ᠣᠶᠤᠨᠲᠤ ᠲᠠᠷᠢᠶᠠᠯᠠᠩ ᠤᠨ ᠮᠠᠰᠢᠨ ᠤ ᠦᠢᠯᠡᠳᠬᠦᠨ ᠦᠵᠡᠭᠦᠯᠦᠯᠭᠡ ᠳᠤ ᠣᠷᠣᠯᠴᠠᠵᠠᠢ᠃ ᠮᠡᠷᠭᠡᠵᠢᠯᠲᠡᠳ ᠪᠠᠰᠠ ᠲᠤᠬᠠᠢ ᠶᠢᠨ ᠲᠠᠯᠠᠪᠤᠷ ᠲᠤ ᠲᠠᠷᠢᠶᠠᠯᠠᠩ ᠤᠨ ᠮᠠᠰᠢᠨ ᠪᠠᠭᠠᠵᠢ ᠶᠢᠨ ᠠᠵᠢᠯᠯᠠᠭᠠᠨ ᠤ ᠭᠤᠣᠯᠳᠠᠯᠭ᠎ᠠ ᠪᠠ ᠠᠩᠬᠠᠷᠬᠤ ᠵᠦᠢᠯᠡᠰ ᠤᠨ ᠲᠤᠬᠠᠢ ᠨᠠᠷᠢᠨ ᠲᠠᠶᠢᠯᠪᠤᠷᠢᠯᠠᠯᠲᠠ ᠪᠠ ᠦᠯᠢᠭᠡᠷ ᠵᠢᠱᠢᠶ᠎ᠡ ᠦᠵᠡᠭᠦᠯᠵᠦ᠂ ᠰᠤᠷᠤᠭᠴᠢᠳ ᠮᠡᠷᠭᠡᠵᠢᠯᠲᠡᠳ ᠲᠠᠢ ᠰᠠᠨᠠᠯ ᠢᠶᠠᠨ ᠰᠣᠯᠢᠯᠴᠠᠵᠤ᠂ ᠪᠣᠳᠠᠲᠠᠢ ᠠᠵᠢᠯ ᠤᠨ ᠳᠤᠮᠳᠠ ᠲᠣᠬᠢᠶᠠᠯᠳᠤᠭᠰᠠᠨ ᠠᠰᠠᠭᠤᠳᠠᠯ ᠤᠨ ᠲᠤᠬᠠᠢ ᠰᠤᠳᠤᠯᠤᠨ ᠶᠠᠷᠢᠯᠴᠠᠵᠤ᠂ ᠲᠤᠬᠠᠢ ᠶᠢᠨ ᠲᠠᠯᠠᠪᠤᠷ ᠲᠤ ᠰᠤᠷᠤᠯᠴᠠᠬᠤ ᠠᠭᠤᠷ ᠠᠮᠢᠰᠬᠤᠯ ᠭᠦᠨ ᠵᠤᠵᠠᠭᠠᠨ ᠪᠠᠶᠢᠨ᠎ᠠ᠃ 
3.png
       ᠥᠪᠥᠷ ᠮᠣᠩᠭᠤᠯ ᠠᠴᠠ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠴᠢᠨᠠᠷ ᠰᠠᠶᠢᠲᠠᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ 3 ᠵᠦᠢᠯ ᠤᠨ ᠮᠡᠷᠭᠡᠵᠢᠯ ᠤᠨ ᠵᠠᠭᠪᠤᠷ ᠢ ᠭᠤᠣᠯᠯᠠᠨ ᠳᠡᠯᠭᠡᠷᠡᠭᠦᠯᠵᠦ᠂ ᠵᠦᠷᠢᠶᠡᠴᠢᠯᠡᠭᠰᠡᠨ ᠨᠥᠬᠦᠪᠦᠷᠢ ᠶᠢ ᠬᠡᠷᠡᠭᠵᠢᠭᠦᠯᠵᠦ᠂ ︽ᠴᠢᠨᠠᠷ ᠰᠠᠶᠢᠲᠠᠢ ᠪᠣᠯ ᠢᠯᠡᠭᠦᠬᠡᠨ ᠨᠥᠬᠦᠪᠦᠷᠢᠯᠡᠬᠦ︾ ᠶᠢ ᠠᠬᠢᠭᠤᠯᠪᠠ᠃ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠮᠡᠷᠭᠡᠵᠢᠯ ᠤᠨ ᠵᠢᠭᠠᠨ ᠵᠢᠯᠣᠭᠤᠳᠤᠯᠭ᠎ᠠ ᠶᠢ ᠳᠠᠷᠤᠮᠠᠯᠯᠠᠨ ᠲᠠᠷᠬᠠᠭᠠᠵᠤ᠂ ︽ᠵᠠᠯᠠᠶᠢᠳ ᠤᠨ ᠵᠠᠭᠪᠤᠷ︾ ︽ᠡᠷᠭᠦᠨ᠎ᠡ ᠶᠢᠨ ᠵᠠᠭᠪᠤᠷ︾ ︽ᠬᠥᠯᠥᠨ ᠪᠤᠶᠢᠷ ᠤᠨ ᠠᠲᠠᠷ ᠬᠠᠭᠠᠯᠪᠤᠷᠢᠯᠠᠯᠲᠠ ᠶᠢᠨ ᠵᠠᠭᠪᠤᠷ︾ ᠢ ᠳ᠋ᠦᠩᠨᠡᠨ ᠪᠦᠷᠢᠯᠳᠦᠭᠦᠯᠵᠦ᠂ ᠵᠠᠩᠭᠢᠯᠠᠭ᠎ᠠ ᠶᠢᠨ ᠭᠤᠭᠴᠤᠭ᠎ᠠ ᠶᠢᠨ ᠮᠡᠷᠭᠡᠵᠢᠯ ᠤᠨ ᠭᠤᠣᠯᠳᠠᠯᠭ᠎ᠠ ᠶᠢ ᠲᠣᠳᠣᠷᠬᠠᠶᠢᠯᠠᠪᠠ᠃ ᠮᠠᠨ ᠤ ᠣᠷᠣᠨ ᠤ ᠬᠠᠷ᠎ᠠ ᠬᠥᠷᠥᠰᠥ ᠶᠢᠨ ᠲᠠᠯᠠᠪᠠᠢ 4648 ᠲᠦᠮᠡᠨ ᠮᠦ ᠳᠤ ᠬᠦᠷᠪᠡ᠃ 2020 ᠣᠨ ᠠᠴᠠ ᠨᠠᠭᠠᠰᠢ᠂ ᠥᠪᠥᠷ ᠮᠣᠩᠭᠤᠯ ᠨᠢᠭᠡᠨᠲᠡ ᠬᠠᠮᠠᠭᠠᠯᠠᠯᠲᠠ ᠶᠢᠨ ᠴᠢᠨᠠᠷᠲᠠᠢ 8180.76 ᠲᠦᠮᠡᠨ ᠮᠦ ᠤᠳᠠᠭ᠎ᠠ ᠲᠠᠷᠢᠶᠠᠯᠠᠵᠤ᠂ ᠲᠠᠪᠤᠨ ᠵᠢᠯ ᠳᠠᠷᠠᠭᠠᠯᠠᠨ ᠤᠯᠤᠰ ᠤᠨ ᠪᠠᠭᠤᠯᠭᠠᠭᠰᠠᠨ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ ᠃ 21 ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠬᠡᠷᠡᠭᠵᠢᠭᠦᠯᠬᠦ ᠦᠷ᠎ᠡ ᠪᠦᠲᠦᠮᠵᠢ ᠶᠢ ᠬᠢᠨᠠᠨ ᠬᠡᠮᠵᠢᠬᠦ ᠴᠡᠭ ᠪᠠᠶᠢᠭᠤᠯᠵᠤ᠂ ᠡᠯ᠎ᠡ ᠭᠠᠵᠠᠷ ᠤᠨ ᠬᠢᠨᠠᠨ ᠬᠡᠮᠵᠢᠭᠰᠡᠨ ᠦᠷ᠎ᠡ ᠳ᠋ᠦᠩ ᠠᠴᠠ ᠠᠪᠴᠤ ᠦᠵᠡᠪᠡᠯ᠂ ᠡᠰᠢ ᠰᠦᠷᠡᠯ ᠢ ᠰᠢᠲᠠᠭᠠᠬᠤ ᠶᠢ ᠪᠠᠭᠠᠰᠬᠠᠵᠤ᠂ ᠲᠠᠷᠢᠶᠠᠨ ᠭᠠᠵᠠᠷ ᠤᠨ ᠰᠠᠯᠬᠢᠨ ᠳᠤ ᠢᠳᠡᠭᠳᠡᠵᠦ ᠤᠰᠤᠨ ᠤ ᠢᠳᠡᠭᠳᠡᠯ ᠢ ᠪᠦᠲᠦᠮᠵᠢᠲᠡᠶ ᠪᠠᠭᠠᠰᠬᠠᠵᠤ᠂ ᠲᠣᠭᠤᠰᠣ ᠰᠢᠷᠣᠢ ᠶᠢᠨ ᠣᠷᠭᠠᠨᠢᠭ ᠪᠣᠳᠠᠰ ᠤᠨ ᠠᠭᠤᠯᠤᠭᠳᠠᠴᠠ ᠶᠢ ᠨᠠᠭᠠᠲᠤ ᠵᠠᠬ᠎ᠠ ᠳᠠᠭᠠᠨ 0.2-0.4 ᠵᠠᠭᠤᠨ ᠤ ᠨᠢᠭᠡᠴᠢ ᠨᠡᠮᠡᠭᠳᠡᠭᠦᠯᠵᠦ᠂ ᠬᠥᠷᠥᠰᠥ ᠰᠢᠷᠣᠢ ᠶᠢᠨ ᠣᠷᠭᠠᠨᠢᠭ ᠪᠣᠳᠠᠰ ᠤᠨ ᠠᠭᠤᠯᠤᠭᠳᠠᠴᠠ ᠶᠢ ᠨᠠᠭᠠᠲᠤ ᠵᠠᠬ᠎ᠠ ᠳᠠᠭᠠᠨ 0.2-0.4 ᠵᠠᠭᠤᠨ ᠤ ᠨᠢᠭᠡᠴᠢ ᠨᠡᠮᠡᠭᠳᠡᠭᠦᠯᠵᠦ᠂ ᠬᠥᠷᠥᠰᠥ ᠰᠢᠷᠣᠢ ᠶᠢᠨ ᠣᠷᠭᠠᠨᠢᠭ ᠪᠣᠳᠠᠰ ᠤᠨ ᠠᠭᠤᠯᠤᠭᠳᠠᠴᠠ ᠶᠢ ᠨᠡᠮᠡᠭᠳᠡᠭᠦᠯᠦᠨ᠂ ᠴᠢᠬᠢᠯᠡᠬᠦ ᠴᠢᠬᠢ ᠶᠢ ᠬᠠᠮᠠᠭᠠᠯᠠᠬᠤ ᠨᠣᠷᠮ᠎ᠠ ᠶᠢ ᠥᠨᠳᠥᠷ ᠪᠣᠯᠭᠠᠵᠤ᠂ ᠪᠠᠰᠠ ᠠᠵᠢᠯᠯᠠᠬᠤ ᠥᠪᠡᠷ ᠤᠨ ᠥᠷᠲᠡᠭ ᠢ 16 ~ 90 ᠲᠥᠭᠦᠷᠢᠭ ᠠᠷᠪᠢᠯᠠᠵᠤ᠂ ᠠᠮᠤ ᠪᠤᠳᠠᠭᠠᠨ ᠤ ᠨᠢᠭᠡᠴᠢ ᠤᠨᠠᠯᠲᠠ ᠶᠢ ᠳᠡᠭᠡᠭᠰᠢᠯᠡᠭᠦᠯᠬᠦ ᠲᠠᠯ᠎ᠠ ᠪᠠᠷ᠂ ᠰᠠᠭᠤᠷᠢ ᠮᠣᠳᠣ 1000~1200 ᠭᠠᠷᠤᠢ ᠰᠠᠭᠤᠷᠢ ᠨᠡᠮᠡᠭᠳᠡᠭᠦᠯᠵᠦ᠂ ᠳᠠᠭᠠᠭᠠᠮᠠᠭᠠᠢ ᠮᠦᠷᠲᠡᠭᠡᠨ ᠤᠨᠠᠯᠲᠠ ᠶᠢ 17% ᠠᠴᠠ ᠳᠡᠭᠡᠭᠰᠢ ᠨᠡᠮᠡᠭᠳᠡᠭᠦᠯᠵᠦ᠂ ︽ᠲᠣᠨ ᠠᠮᠤ ᠪᠤᠳᠠᠭᠠᠨ ᠤ ᠲᠠᠷᠢᠶ᠎ᠠ︾ ᠳᠤ ᠬᠦᠷᠦᠭᠦᠯᠵᠦ᠂ ᠠᠮᠢ ᠠᠬᠤᠢ᠂ ᠠᠵᠤ ᠠᠬᠤᠢ ᠪᠠ ᠨᠡᠶᠢᠭᠡᠮ ᠤᠨ ᠣᠯᠠᠨ ᠵᠦᠢᠯ ᠤᠨ ᠦᠢᠯᠡᠳᠦᠯ ᠢ ᠭᠦᠢᠴᠡᠳ ᠪᠠᠳᠠᠷᠠᠭᠤᠯᠪᠠ᠃      ᠳᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠮᠡᠷᠭᠡᠵᠢᠯ ᠤᠨ ᠳᠡᠯᠭᠡᠷᠡᠭᠦᠯᠦᠯᠲᠡ ᠶᠢ ᠦᠷᠭᠦᠯᠵᠢᠯᠡᠨ ᠬᠦᠴᠦᠯᠡᠨ ᠠᠬᠢᠭᠤᠯᠵᠤ᠂ ︽ᠲᠠᠷᠢᠶᠠᠯᠠᠩ ᠤᠨ ᠮᠠᠰᠢᠨ ᠤ ᠳᠥᠷᠪᠡᠨ ᠵᠦᠢᠯ ᠤᠨ ᠨᠥᠬᠦᠪᠦᠷᠢ︾ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠮᠡᠷᠭᠡᠵᠢᠯ ᠤᠨ ᠪᠣᠯᠪᠠᠰᠤᠷᠠᠯ ᠪᠠ ᠵᠢᠯᠤᠭᠤᠳᠬᠤ ᠦᠢᠯᠡᠴᠢᠯᠡᠭᠡ ᠶᠢ ᠴᠢᠩᠭᠠᠳᠬᠠᠵᠤ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠢ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号