ᠪᠥᠬᠦ ᠣᠷᠣᠨ ᠤ ᠲᠦᠭᠦᠭᠡᠷᠦᠮᠵᠢᠲᠦ ᠲᠠᠷᠢᠶᠠᠯᠠᠩ ᠤᠨ ᠣᠳᠣᠬᠢᠴᠢᠯᠠᠭᠰᠠᠨ ᠬᠥᠭᠵᠢᠯᠲᠡ ᠶᠢᠨ ᠪᠣᠯᠪᠠᠰᠤᠷᠠᠯ ᠤᠨ ᠠᠩᠭᠢ ᠪᠠᠶᠠᠨᠨᠠᠭᠤᠷ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2025/4/17
      4 ᠰᠠᠷ᠎ᠠ ᠶᠢᠨ 16 ᠤ ᠡᠳᠦᠷ᠂ ᠪᠥᠬᠦ ᠣᠷᠣᠨ ᠤ ᠲᠦᠭᠦᠭᠡᠷᠦᠮᠵᠢᠲᠦ ᠲᠠᠷᠢᠶᠠᠯᠠᠩ ᠤᠨ ᠣᠳᠣᠬᠢᠴᠢᠯᠠᠭᠰᠠᠨ ᠬᠥᠭᠵᠢᠯᠲᠡ ᠶᠢᠨ ᠪᠣᠯᠪᠠᠰᠤᠷᠠᠯ ᠤᠨ ᠠᠩᠭᠢ ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤᠨ ᠳᠤ ᠶᠠᠪᠤᠭᠳᠠᠪᠠ᠃ 
111.png
 
222.png
       ᠪᠣᠯᠪᠠᠰᠤᠷᠠᠯ ᠤᠨ ᠬᠤᠭᠤᠴᠠᠭᠠᠨ ᠳᠤ᠂ ᠰᠤᠷᠤᠭᠴᠢᠳ ᠤᠷᠢᠳ ᠬᠤᠵᠢᠳ ᠬᠠᠩᠭᠢᠨ ᠬᠤᠶᠢᠲᠤ ᠬᠤᠰᠢᠭᠤᠨ ᠤ ᠱᠠᠨᠪᠠ ᠪᠠᠯᠭᠠᠰᠤ᠂ ᠡᠯ ᠳ᠋ᠣᠣ ᠴᠢᠶᠣᠤ ᠪᠠᠯᠭᠠᠰᠤ᠂ ᠱᠤᠸᠠᠩ ᠮᠢᠶᠣᠣ ᠪᠠᠯᠭᠠᠰᠤ᠂ ᠮᠧᠩ ᠬᠠᠢ ᠪᠠᠯᠭᠠᠰᠤᠨ ᠤ 5 ᠲᠦᠭᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠪᠠ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ ᠬᠦᠷᠴᠦ ᠲᠤᠬᠠᠢ ᠶᠢᠨ ᠲᠠᠯᠠᠪᠤᠷ ᠤᠨ ᠪᠣᠯᠪᠠᠰᠤᠷᠠᠯ ᠬᠢᠵᠦ᠂ ᠲᠦᠭᠦᠭᠡᠷᠦᠮᠵᠢᠲᠦ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ᠂ ᠪᠦᠲᠦᠭᠡᠨ ᠪᠠᠶᠢᠭᠤᠯᠤᠯᠲᠠ ᠶᠢᠨ ᠵᠠᠭᠪᠤᠷ᠂ ᠴᠢᠬᠢ ᠪᠣᠶᠢᠵᠢᠭᠤᠯᠬᠤ ᠵᠢᠴᠢ ᠦᠢᠯᠡᠳᠪᠦᠷᠢᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠡᠯᠭᠡᠷᠡᠭᠦᠯᠦᠯᠲᠡ᠂ ᠬᠦᠷᠢᠶ᠎ᠡ ᠬᠠᠰᠢᠶ᠎ᠠ ᠶᠢᠨ ᠠᠵᠤ ᠠᠬᠤᠢ ᠵᠡᠷᠭᠡ ᠪᠠᠶᠢᠳᠠᠯ ᠢ ᠰᠤᠷᠤᠯᠴᠠᠨ ᠣᠶᠢᠯᠠᠭᠠᠪᠠ᠃ ᠲᠤᠰᠬᠠᠢ ᠰᠡᠳᠦᠪᠲᠦ ᠪᠣᠯᠪᠠᠰᠤᠷᠠᠯ ᠤᠨ ᠬᠢᠴᠢᠶᠡᠯ ᠢ ᠰᠣᠨᠣᠰᠪᠠ᠃ ᠪᠠᠶᠠᠨᠨᠠᠭᠤᠷ ᠬᠤᠳᠠ᠂ ᠤᠯᠠᠭᠠᠨᠬᠠᠳᠠ ᠬᠤᠳᠠ᠂ ᠪᠤᠭᠤᠲᠤ ᠬᠤᠳᠠ᠂ ᠬᠠᠩᠭᠢᠨ ᠬᠤᠶᠢᠲᠤ ᠬᠤᠰᠢᠭᠤ᠂ ᠨᠢᠩᠴᠧᠩ ᠰᠢᠶᠠᠨ᠂ ᠰᠠᠶᠢᠬᠠᠨ ᠲᠣᠭᠤᠷᠢᠭ ᠤᠨ  ᠬᠢᠨ ᠣᠨᠴᠠᠯᠢᠭᠲᠤ ᠲᠥᠬᠦᠭᠡᠷᠦᠮᠵᠢᠲᠦ ᠲᠠᠷᠢᠶᠠᠯᠠᠩ᠂ ᠲᠥᠬᠦᠭᠡᠷᠦᠮᠵᠢᠲᠦ ᠲᠠᠷᠢᠶᠠᠯᠠᠩ ᠤᠨ ᠬᠦᠴᠦᠷᠬᠡᠭ ᠬᠤᠳᠠ ᠶᠢ ᠪᠠᠶᠢᠭᠤᠯᠬᠤ᠂ ᠬᠠᠭᠤᠴᠢᠨ ᠲᠥᠬᠦᠭᠡᠷᠦᠮᠵᠢ ᠶᠢ ᠥᠭᠡᠷᠡᠴᠢᠯᠡᠨ ᠲᠡᠰ ᠳᠡᠪᠰᠢᠭᠦᠯᠬᠦ᠂ ᠰᠢᠨ᠎ᠡ ᠬᠡᠯᠪᠡᠷᠢ ᠶᠢᠨ ᠲᠥᠬᠦᠭᠡᠷᠦᠮᠵᠢ ᠶᠢᠨ ᠵᠢᠱᠢᠶ᠎ᠡ ᠦᠵᠡᠭᠦᠯᠦᠨ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ᠂ ᠤᠮᠠᠷᠠᠲᠤ ᠶᠢᠨ ︽ᠱᠧᠦ ᠭᠤᠸᠠᠩ︾ ᠢ ᠪᠦᠲᠦᠭᠡᠨ ᠪᠠᠶᠢᠭᠤᠯᠬᠤ᠂ ᠲᠠᠷᠢᠶᠠᠯᠠᠩ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠲᠠᠯ᠎ᠠ ᠪᠠᠷ ᠨᠡᠶᠢᠲᠡᠯᠢᠭ ᠶᠠᠷᠢᠶ᠎ᠠ ᠲᠠᠯᠪᠢᠵᠠᠢ᠃ 
333.png
 
444.png
       ᠪᠣᠯᠪᠠᠰᠤᠷᠠᠯ ᠤᠨ ᠳᠤᠮᠳᠠ ᠣᠯᠠᠨ ᠢᠶᠠᠷ ᠢᠶᠠᠨ ᠰᠠᠨᠠᠯ ᠨᠢᠭᠡᠲᠡᠢ ᠦᠵᠡᠭᠰᠡᠨ ᠨᠢ᠂ ᠥᠪᠥᠷ ᠮᠣᠩᠭᠤᠯ ᠤᠨ ᠲᠦᠭᠦᠭᠡᠷᠦᠮᠵᠢᠲᠦ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠳᠤ ᠬᠥᠭᠵᠢᠯᠲᠡ ᠶᠢᠨ ᠲᠥᠯᠦᠪᠵᠢᠭᠦᠯᠭᠡ᠂ ᠭᠤᠣᠯᠳᠠᠯᠭ᠎ᠠ ᠲᠠᠢ ᠪᠠᠶᠢᠷᠢᠯᠠᠭᠤᠯᠤᠯᠲᠠ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠪᠦᠲᠦᠭᠡᠨ ᠪᠠᠶᠢᠭᠤᠯᠤᠯᠲᠠ ᠶᠢᠨ ᠠᠬᠢᠴᠠ᠂ ᠴᠢᠬᠤᠯᠠ ᠶᠡᠭᠡ ᠲᠥᠷᠥᠯ ᠵᠦᠢᠯ᠂ ᠡᠭᠦᠯᠳᠡᠷ ᠴᠢᠬᠢ ᠪᠣᠶᠢᠵᠢᠭᠤᠯᠬᠤ᠂ ᠮᠡᠷᠭᠡᠵᠢᠯ ᠳᠡᠯᠭᠡᠷᠡᠭᠦᠯᠬᠦ᠂ ᠲᠤᠯᠭᠠᠭᠤᠷᠢᠯᠠᠯ ᠢ ᠪᠠᠲᠤᠯᠠᠬᠤ᠂ ᠨᠠᠷᠠᠲᠤ ᠲᠡᠮᠳᠡᠭᠲᠦ ᠶᠢ ᠡᠵᠡᠩᠨᠡᠨ ᠪᠣᠷᠣᠯᠠᠭᠤᠯᠬᠤ᠂ ᠲᠠᠷᠢᠶᠠᠯᠠᠩ ᠲᠠᠢ ᠬᠤᠯᠪᠤᠭᠠᠯᠠᠨ ᠲᠠᠷᠢᠶᠠᠯᠠᠩ ᠢ ᠳᠠᠶᠢᠴᠢᠯᠠᠬᠤ ᠵᠡᠷᠭᠡ 10 ᠲᠠᠯ᠎ᠠ ᠶᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠃ ᠡᠭᠦᠨ ᠤ ᠬᠠᠮᠲᠤ᠂ ︽ᠭᠡᠷᠡᠯ ᠴᠠᠬᠢᠯᠭᠠᠨ᠂ ᠰᠠᠯᠬᠢᠨ ᠬᠦᠴᠦᠨ ᠤ ᠴᠠᠬᠢᠯᠭᠠᠨ+ᠲᠦᠭᠦᠭᠡᠷᠦᠮᠵᠢᠲᠦ ᠲᠠᠷᠢᠶᠠᠯᠠᠩ︾ ᠤᠨ ᠵᠠᠭᠪᠤᠷ ᠢ ᠢᠳᠡᠪᠬᠢᠲᠡᠢ ᠪᠠᠷ ᠳᠡᠯᠭᠡᠷᠡᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠣᠶᠢᠷ᠎ᠠ ᠬᠠᠪᠢ ᠶᠢᠨ ᠠᠵᠤ ᠦᠢᠯᠡᠳᠪᠦᠷᠢ ᠶᠢᠨ ᠬᠠᠶᠠᠭᠳᠠᠮᠠᠯ ᠢᠯᠴᠢ᠂ ᠦᠯᠡᠳᠡᠪᠦᠷᠢ ᠢᠯᠴᠢ ᠶᠢ ᠠᠰᠢᠭᠯᠠᠵᠤ᠂ ᠡᠨᠧᠷᠭᠢ ᠶᠢᠨ ᠰᠤᠷᠪᠤᠯᠵᠢ ᠶᠢ ᠠᠰᠢᠭᠯᠠᠬᠤ ᠰᠢᠨ᠎ᠡ ᠵᠠᠭᠪᠤᠷ ᠢ ᠬᠠᠶᠢᠨ ᠰᠦᠪᠡᠭᠴᠢᠯᠡᠬᠦ ᠬᠡᠷᠡᠭᠲᠡᠢ᠃ ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠴᠤ᠂ ᠲᠤᠰᠬᠤᠨ ᠤ ᠬᠠᠮᠲᠤ ᠶᠢᠨ ᠠᠵᠤ ᠠᠬᠤᠢ ᠣᠷᠣᠯᠴᠠᠭᠰᠠᠨ ᠲᠥᠬᠦᠭᠡᠷᠦᠮᠵᠢᠲᠦ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠬᠡᠷᠡᠭᠲᠡᠢ᠃ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠪᠦᠬᠦ ᠬᠡᠯᠬᠢᠶ᠎ᠡ ᠶᠢᠨ ᠬᠥᠭᠵᠢᠯᠲᠡ ᠶᠢ ᠲᠦᠷᠭᠡᠪᠴᠢᠯᠡᠨ ᠠᠬᠢᠭᠤᠯᠬᠤ ᠬᠡᠷᠡᠭᠲᠡᠢ ᠭᠡᠵᠡᠢ᠃
555.png
666.png
      ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠦᠭᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠥᠯ ︵2023 ᠣᠨ︱2025 ᠣᠨ︶︾ ︽ᠲᠦᠭᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ︾ ᠵᠡᠷᠭᠡ 6 ᠵᠦᠢᠯ ᠤᠨ ᠳᠡᠮᠵᠢᠬᠦ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠠᠬᠢᠭᠤᠯᠤᠨ ᠨᠡᠶᠢᠲᠡᠯᠡᠵᠦ᠂ ᠮᠠᠨ ᠤ ᠣᠷᠣᠨ ᠤ ᠲᠦᠭᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢ ᠬᠦᠴᠦᠯᠡᠨ ᠠᠬᠢᠭᠤᠯᠵᠤ᠂ ᠮᠠᠰᠢ ᠰᠠᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ᠃ ᠪᠥᠬᠦ ᠣᠷᠣᠨ ᠳᠤ ᠨᠢᠭᠡᠨᠲᠡ 5000 ᠲᠦᠮᠡᠨ ᠰᠠᠭᠤᠷᠢ ᠠᠴᠠ ᠳᠡᠭᠡᠭᠰᠢᠬᠢ ᠡᠷᠴᠢᠮᠵᠢᠭᠦᠯᠦᠭᠰᠡᠨ ᠴᠢᠬᠢ ᠪᠣᠶᠢᠵᠢᠭᠤᠯᠬᠤ ᠲᠥᠪ ᠢ 20 ᠪᠠᠶᠢᠭᠤᠯᠵᠤ᠂ ᠪᠥᠬᠦ ᠣᠷᠣᠨ ᠤ ᠵᠠᠭᠤᠨ ᠮᠦ ᠠᠴᠠ ᠳᠡᠭᠡᠭᠰᠢᠬᠢ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ 1520 ᠪᠣᠯᠭᠠᠵᠤ᠂ ᠲᠦᠭᠦᠭᠡᠷᠦᠮᠵᠢᠲᠦ ᠲᠠᠷᠢᠶᠠᠯᠠᠩ ᠤᠨ ᠶᠡᠷᠦᠩᠬᠡᠢ ᠲᠠᠯᠠᠪᠠᠶ ᠶᠢ 261 ᠲᠦᠮᠡᠨ ᠮᠦ ᠳᠤ ᠬᠦᠷᠦᠭᠦᠯᠵᠦ᠂ ᠲᠦᠭᠦᠭᠡᠷᠦᠮᠵᠢᠲᠦ ᠲᠠᠷᠢᠶᠠᠯᠠᠩ ᠤᠨ ᠦᠢᠯᠡᠳᠬᠦᠨ ᠤ ᠶᠡᠷᠦᠩᠬᠡᠢ ᠥᠷᠲᠡᠭ ᠢ 272 ᠳ᠋ᠦᠩᠰᠢᠭᠤᠷ ᠲᠥᠭᠦᠷᠢᠭ ᠲᠤ ᠬᠦᠷᠦᠭᠦᠯᠦᠭᠰᠡᠨ ᠪᠠᠶᠢᠨ᠎ᠠ᠃ ᠪᠥᠬᠦ ᠣᠷᠣᠨ ᠤ 110 ᠲᠦᠮᠡᠨ ᠲᠦᠭᠦᠭᠡᠷᠦᠮᠵᠢᠲᠦ ᠲᠠᠷᠢᠶᠠᠯᠠᠩ ᠤᠨ ᠠᠵᠢᠯ ᠡᠷᠬᠢᠯᠡᠭᠰᠡᠳ ᠤᠨ ᠬᠥᠮᠥᠨ ᠳᠤᠮᠳᠠᠴᠢ ᠶᠢᠨ ᠵᠢᠯ ᠤᠨ ᠣᠷᠣᠯᠭ᠎ᠠ ᠨᠢ 5 ᠲᠦᠮᠡᠨ ᠲᠥᠭᠦᠷᠢᠭ ᠪᠠᠶᠢᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢᠨ ᠴᠢᠬᠤᠯᠠ ᠢᠷᠡᠯᠲᠡ ᠪᠣᠯᠤᠭᠰᠠᠨ ᠪᠠᠶᠢᠨ᠎ᠠ᠃
777.png
888.png
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号