ᠪᠥᠬᠦ ᠣᠷᠣᠨ ᠤ ᠦᠷ᠎ᠡ ᠪᠦᠲᠦᠭᠡᠯ ᠢ ᠬᠤᠷᠢᠶᠠᠩᠭᠤᠶᠢᠯᠠᠬᠤ ᠠᠵᠢᠯ ᠢ ᠤᠯᠠᠮ ᠨᠢᠭᠡ ᠠᠯᠬᠤᠮ ᠥᠨᠳᠥᠷ | ᠪᠦᠲᠦᠮᠵᠢᠲᠡᠶ ᠪᠠᠷ ᠲᠦᠯᠬᠢᠨ ᠠᠬᠢᠭᠤᠯᠵᠤ᠂ ᠦᠷ᠎ᠡ ᠪᠦᠲᠦᠭᠡᠯ ᠢ ᠬᠤᠷᠢᠶᠠᠩᠭᠤᠶᠢᠯᠠᠬᠤ ᠶᠠᠰᠤ ᠴᠢᠨᠠᠷ ᠢ ᠪᠠᠲᠤᠯᠠᠬᠤ ᠶᠢᠨ | ᠲᠥᠯᠥᠭᠡ᠂ 4 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ | ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠠᠴᠠ ᠭᠤᠷᠪᠠᠳᠤᠭᠠᠷ ᠤᠳᠠᠭᠠᠨ ᠤ ᠪᠥᠬᠦ ᠤᠯᠤᠰ ᠤᠨ | ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠬᠤᠷᠢᠶᠠᠩᠭᠤᠶᠢᠯᠠᠬᠤ ᠮᠡᠷᠭᠡᠵᠢᠯ ᠤᠨ | ᠰᠤᠳᠤᠯᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ | ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠤᠨ ᠲᠤᠰᠬᠠᠢ | ᠠᠩᠭᠢ ᠶᠢᠨ ᠬᠠᠷᠢᠭᠤᠴᠠᠯᠭᠠᠲᠠᠨ ᠭᠤᠤ ᠹᠠᠨ ᠱᠧᠨ ᠭᠠᠵᠠᠷ ᠤᠨ ᠳᠠᠷᠤᠭ᠎ᠠ ᠬᠤᠷᠠᠯ ᠢ ᠡᠷᠭᠢᠯᠡᠵᠦ᠂ ᠬᠤᠰᠢᠭᠤ ᠰᠢᠶᠠᠨ ᠤ | ᠦᠷ᠎ᠡ ᠪᠦᠲᠦᠭᠡᠯ ᠢ ᠬᠤᠷᠢᠶᠠᠩᠭᠤᠶᠢᠯᠠᠬᠤ ᠮᠡᠷᠭᠡᠵᠢᠯ ᠤᠨ ᠲᠤᠯᠭᠠᠭᠤᠷᠢᠯᠠᠬᠤ ᠨᠢᠭᠡᠴᠡ ᠶᠢᠨ ᠲᠦᠯᠦᠭᠡᠯᠡᠭᠴᠢ ᠥᠪᠥᠷ | ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ ᡂᠢ ᠸᠧᠨ ᠹᠧᠩ ᠤᠨ | ᠪᠦᠯᠬᠦᠮ ᠵᠢᠴᠢ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ | ᠪᠠᠶᠢᠴᠠᠭᠠᠯᠲᠠ ᠶᠢᠨ ᠠᠯᠪᠠᠨ ᠭᠡᠷ ᠤᠨ ᠲᠤᠰᠬᠠᠢ ᠠᠩᠭᠢ ᠶᠢᠨ ᠠᠵᠢᠯᠲᠠᠨ ᠬᠤᠷᠠᠯ ᠳᠤ ᠣᠷᠣᠯᠴᠠᠪᠠ᠃ | | | | ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠫᠷᠤᠹᠧᠰᠰᠤᠷ ᡂᠢ ᠸᠧᠨ ᠹᠧᠩ ᠤᠨ ᠪᠦᠯᠬᠦᠮ ᠤᠨ ᠬᠢᠨ ᠬᠥᠷᠥᠰᠥ | ᠰᠢᠷᠣᠢ ᠶᠢᠨ ᠲᠦᠷᠦᠯ ᠵᠦᠢᠯ ᠤᠨ ᠵᠢᠷᠤᠭ᠂ ᠰᠢᠨᠵᠢ ᠴᠢᠨᠠᠷ ᠤᠨ ᠵᠢᠷᠤᠭ᠂ ᠬᠥᠷᠥᠰᠥ ᠰᠢᠷᠣᠢ ᠶᠢᠨ ᠵᠣᠬᠢᠴᠠᠬᠤ | ᠴᠢᠨᠠᠷ ᠤᠨ ᠦᠨᠡᠯᠡᠯᠲᠡ᠂ ᠲᠠᠷᠢᠶᠠᠨ ᠭᠠᠵᠠᠷ ᠤᠨ ᠶᠠᠰᠤ ᠴᠢᠨᠠᠷ ᠤᠨ ᠲᠡᠰ ᠤᠨ ᠦᠨᠡᠯᠡᠯᠲᠡ ᠵᠡᠷᠭᠡ ᠠᠭᠤᠯᠭ᠎ᠠ ᠶᠢᠨ | ᠲᠣᠭᠤᠷᠢᠨ ᠳᠤ ᠬᠠᠷᠢᠭᠤ ᠮᠡᠳᠡᠭᠦᠯᠦᠯᠲᠡ ᠬᠢᠵᠡᠢ᠃ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ | ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠤᠨ ᠲᠤᠰᠬᠠᠢ ᠠᠩᠭᠢ ᠶᠢᠨ ᠠᠵᠢᠯᠲᠠᠨ | ᠬᠠᠮᠢᠶ᠎ᠠ ᠪᠦᠬᠦᠢ ᠮᠡᠷᠭᠡᠵᠢᠯᠲᠡᠳ ᠲᠠᠢ ᠮᠡᠷᠭᠡᠵᠢᠯ ᠤᠨ ᠨᠠᠷᠢᠨ ᠰᠣᠯᠢᠯᠴᠠᠭ᠎ᠠ ᠬᠢᠵᠦ᠂ ᠤᠯᠤᠰ ᠤᠨ ᠬᠠᠮᠢᠶ᠎ᠠ ᠪᠦᠬᠦᠢ | ᠮᠡᠷᠭᠡᠵᠢᠯ ᠤᠨ ᠵᠢᠷᠤᠮᠵᠢᠯ ᠵᠢᠴᠢ ᠦᠷ᠎ᠡ ᠪᠦᠲᠦᠭᠡᠯ ᠤᠨ ᠬᠤᠷᠢᠶᠠᠩᠭᠤᠶᠢᠯᠠᠯ ᠤᠨ ᠳᠤᠮᠳᠠ ᠪᠠᠶᠢᠩᠭᠤ ᠲᠣᠬᠢᠶᠠᠯᠳᠤᠳᠠᠭ | ᠠᠰᠠᠭᠤᠳᠠᠯ ᠳᠤ ᠴᠢᠭᠯᠡᠭᠦᠯᠦᠨ ᠰᠤᠳᠤᠯᠤᠨ ᠶᠠᠷᠢᠯᠴᠠᠵᠤ ᠂ ᠬᠠᠮᠢᠶ᠎ᠠ ᠪᠦᠬᠦᠢ ᠦᠷ᠎ᠡ ᠪᠦᠲᠦᠭᠡᠯ ᠤᠨ ᠲᠤᠬᠠᠢ ᠨᠢᠭᠡᠳ | ᠨᠢᠭᠡ ᠪᠠᠷ ᠰᠠᠶᠢᠵᠢᠷᠠᠭᠤᠯᠬᠤ ᠰᠠᠨᠠᠭᠤᠯᠭ᠎ᠠ ᠳᠤᠷᠠᠳᠪᠠ᠃ | | | | | | ᠭᠠᠵᠠᠷ ᠤᠨ ᠳᠠᠷᠤᠭ᠎ᠠ ᠭᠤᠤ ᠹᠠᠨ ᠱᠧᠨ ᠴᠢᠬᠤᠯᠠᠴᠢᠯᠠᠭᠰᠠᠨ ᠨᠢ᠂ ᠦᠷ᠎ᠡ ᠪᠦᠲᠦᠭᠡᠯ ᠢ ᠬᠤᠷᠢᠶᠠᠩᠭᠤᠶᠢᠯᠠᠬᠤ | ᠨᠢᠭᠡᠴᠡ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠶᠢ ᠪᠠᠷᠢᠮᠲᠠᠯᠠᠵᠤ᠂ ᠤᠯᠤᠰ ᠤᠨ ᠮᠡᠷᠭᠡᠵᠢᠯ ᠤᠨ | ᠵᠢᠷᠤᠮᠵᠢᠯ ᠢ ᠴᠢᠩᠭ᠎ᠠ ᠵᠢᠷᠤᠮᠯᠠᠨ ᠦᠷ᠎ᠡ ᠪᠦᠲᠦᠭᠡᠯ ᠢ ᠪᠦᠷᠢᠯᠳᠦᠭᠦᠯᠬᠦ ᠪᠠ ᠬᠤᠷᠢᠶᠠᠩᠭᠤᠶᠢᠯᠠᠬᠤ ᠠᠵᠢᠯ ᠢ ᠥᠷᠨᠢᠭᠦᠯᠵᠦ᠂ | ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ | ᠪᠠᠶᠢᠴᠠᠭᠠᠯᠲᠠ ᠵᠢᠨᠠᠯᠪᠠᠨ ᠭᠡᠷ ᠤᠨ ᠲᠤᠰᠬᠠᠢ ᠠᠩᠭᠢ ᠦᠷᠭᠦᠯᠵᠢᠯᠡᠨ ᠳᠠᠭᠠᠵᠤ᠂ ᠡᠯ᠎ᠡ ᠬᠠᠮᠢᠶ᠎ᠠ ᠪᠦᠬᠦᠢ ᠨᠢᠭᠡᠴᠡ ᠲᠠᠢ | ᠢᠳᠡᠪᠬᠢᠲᠡᠢ ᠵᠣᠯᠭᠠᠭᠤᠯᠵᠤ᠂ ᠪᠥᠬᠦ ᠣᠷᠣᠨ ᠤ ᠦᠷ᠎ᠡ ᠪᠦᠲᠦᠭᠡᠯ ᠢ ᠬᠤᠷᠢᠶᠠᠩᠭᠤᠶᠢᠯᠠᠬᠤ ᠠᠵᠢᠯ ᠢ ᠴᠢᠨᠠᠷ ᠰᠠᠶᠢᠲᠠᠢ | ᠥᠨᠳᠥᠷ ᠪᠦᠲᠦᠮᠵᠢᠲᠡᠶ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠪᠥᠬᠦ ᠤᠯᠤᠰ ᠤᠨ ᠦᠷ᠎ᠡ ᠪᠦᠲᠦᠭᠡᠯ ᠢ | ᠬᠤᠷᠢᠶᠠᠩᠭᠤᠶᠢᠯᠠᠬᠤ ᠳᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠡᠢ᠃ | ᠮᠡᠳᠡᠭᠡ ᠵᠠᠩᠭᠢ ᠶᠢᠨ ᠢᠷᠡᠯᠲᠡ᠄ ᠥᠪᠥᠷ ᠮᠣᠩᠭᠤᠯ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ | ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ | |