ᠵᠢᠭᠠᠰᠤ ᠠᠩᠨᠠᠬᠤ ᠶᠢ ᠴᠠᠭᠠᠵᠠᠯᠠᠬᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ︱ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠣᠯᠠᠨ ᠲᠦᠮᠡᠨ ᠤ ᠬᠦᠮᠦᠵᠢᠯ ᠤᠨ ︽1257︾ ᠪᠠᠶᠢᠩᠭᠤᠵᠢᠭᠰᠠᠨ ᠠᠵᠢᠯᠯᠠᠭ᠎ᠠ ᠶᠢᠨ ᠰᠢᠷᠢᠰ ᠮᠡᠳᠡᠭᠡᠯᠡᠯ ︵ᠳᠣᠯᠤᠭ᠎ᠠ︶
ᠨᠡᠶᠢᠲᠡᠯᠡᠭᠰᠡᠨ ᠴᠠᠭ᠄
2025/4/17
      【ᠨᠠᠶᠢᠷᠠᠭᠤᠯᠤᠭᠴᠢ ᠶᠢᠨ ᠦᠭᠡ】ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠱᠤᠭᠤᠮ ᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ᠂ ᠺᠠᠳ᠋ᠷ᠂ ᠡᠵᠡᠩᠨᠡᠯᠲᠡ ᠶᠢᠨ ᠭᠤᠣᠯ ᠴᠣᠭᠴᠠ ᠪᠣᠯᠣᠨ ᠮᠠᠯᠴᠢᠨ ᠲᠠᠷᠢᠶᠠᠴᠢᠨ ᠵᠡᠷᠭᠡ ᠳᠥᠷᠪᠡᠨ ᠲᠥᠷᠥᠯ ᠤᠨ ᠭᠤᠣᠯ ᠴᠣᠭᠴᠠ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠥᠬᠦ ᠣᠷᠣᠨ ᠳᠤ ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠣᠯᠠᠨ ᠲᠦᠮᠡᠨ ᠤ ᠬᠥᠮᠦᠵᠢᠯ ᠤᠨ ︽1257︾ ᠪᠠᠶᠢᠩᠭᠤᠵᠢᠭᠰᠠᠨ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠩ ᠳᠤ ᠬᠤᠯᠪᠣᠭᠳᠠᠭᠰᠠᠨ 1 ᠲᠦᠮᠡ ᠭᠠᠷᠤᠢ ᠠᠵᠤ ᠠᠬᠤᠶᠢᠯᠠᠯ ᠳᠤ ︽ᠡᠭᠦᠳᠡ ᠪᠠᠨ ᠨᠡᠭᠡᠭᠡᠵᠦ ᠢᠳᠬᠠᠯ ᠰᠣᠨᠣᠰᠴᠤ︾᠂ 2 ᠲᠦᠮᠡ ᠭᠠᠷᠤᠢ ᠲᠠᠷᠢᠶᠠᠯᠠᠩ ᠮᠠᠯ ᠠᠵᠤ ᠠᠬᠤᠢ ᠶᠢᠨ ᠺᠠᠳ᠋ᠷ ᠲᠤ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ ᠬᠥᠮᠦᠵᠢᠯ ᠢ ᠥᠷᠨᠢᠭᠦᠯᠵᠦ᠂ 5 ᠲᠦᠮᠡ ᠭᠠᠷᠤᠢ ᠡᠵᠡᠩᠨᠡᠯᠳᠠ ᠶᠢᠨ ᠭᠤᠤᠯ ᠴᠤᠭᠴᠠ ᠳᠤ ᠲᠦᠷᠦᠬᠦᠴᠢ ᠬᠤᠨ᠂ ᠰᠢᠨ᠎ᠡ ᠲᠠᠷᠢᠶᠠᠴᠢᠨ ᠢ ᠬᠦᠮᠦᠵᠢᠬᠦᠯᠬᠦ ᠠᠵᠢᠯᠯᠠᠭ᠎ᠠ ᠦᠷᠨᠢᠬᠦᠯᠦᠨ᠂ 700 ᠭᠠᠷᠤᠢ ᠲᠦᠮᠡᠨ ᠮᠠᠯᠴᠢᠨ ᠲᠠᠷᠢᠶᠠᠴᠢᠨ ᠳᠤ ᠨᠠᠮ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠪᠠ᠃
图片1.png
      4 ᠰᠠᠷ᠎ᠠ ᠶᠢᠨ 1 ᠤ ᠡᠳᠦᠷ ᠠᠴᠠ 7 ᠰᠠᠷ᠎ᠠ ᠶᠢᠨ 31 ᠤ ᠡᠳᠦᠷ ᠪᠣᠯᠲᠠᠯ᠎ᠠ᠂ ᠮᠠᠨ ᠤ ᠤᠯᠤᠰ ᠤᠨ ᠬᠠᠲᠤᠨ ᠭᠤᠣᠯ ᠤᠨ ᠥᠪᠥᠷ ᠮᠣᠩᠭᠤᠯ ᠤᠨ ᠬᠡᠰᠡᠭ ᠨᠢ ᠳᠥᠷᠪᠡᠨ ᠰᠠᠷ᠎ᠠ ᠶᠢᠨ ᠬᠤᠭᠤᠴᠠᠭ᠎ᠠ ᠲᠠᠢ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠳᠤ ᠣᠷᠣᠪᠠ᠃ ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠢ ᠠᠷᠠᠴᠢᠯᠠᠨ ᠬᠠᠮᠠᠭᠠᠯᠠᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠨ᠂ ᠠᠮᠢ ᠠᠬᠤᠢ ᠶᠢᠨ ᠬᠠᠮᠠᠭᠠᠯᠠᠯᠲᠠ ᠶᠢᠨ ᠦᠵᠡᠯ ᠤᠬᠠᠮᠰᠠᠷ ᠢ ᠨᠡᠮᠡᠭᠳᠡᠭᠦᠯᠵᠦ᠂ ᠣᠯᠠᠨ ᠲᠦᠮᠡᠨ ᠤ ᠵᠢᠭᠠᠰᠤ ᠠᠩᠨᠠᠬᠤ ᠶᠢ ᠴᠠᠭᠠᠵᠠᠯᠠᠬᠤ ᠳᠤ ᠣᠷᠣᠯᠴᠠᠬᠤ ᠪᠠ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠶᠡᠬᠡᠪᠡᠷ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠣᠯᠠᠨ ᠲᠦᠮᠡᠨ ᠤ ᠬᠦᠮᠦᠵᠢᠯ ᠤᠨ ︽1257︾ ᠪᠠᠶᠢᠩᠭᠤᠵᠢᠭᠰᠠᠨ ᠠᠵᠢᠯᠯᠠᠭ᠎ᠠ ᠶᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠵᠢᠭᠠᠰᠤᠨ ᠤ ᠠᠵᠤ ᠠᠬᠤᠢ ᠵᠢᠭᠠᠰᠤᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠪᠥᠬᠦ ᠣᠷᠣᠨ ᠤ ᠬᠡᠪᠴᠢᠶᠡᠨ ᠳᠤ ᠵᠢᠭᠠᠰᠤ ᠠᠩᠨᠠᠬᠤ ᠶᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠪᠡ᠃
图片2.png
      ᠬᠠᠮᠵᠢᠯᠴᠠᠨ ᠬᠦᠴᠦᠯᠡᠵᠦ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠤ ᠬᠢᠨᠠᠯᠲᠠ ᠬᠠᠮᠢᠶᠠᠷᠤᠯᠲᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠪᠠ᠃ 3 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠳᠣᠲᠣᠭᠠᠳᠤ ᠶᠢ ᠬᠠᠮᠠᠭᠠᠯᠠᠬᠤ ᠲᠢᠩᠬᠢᠮ  ᠲᠠᠢ ᠬᠠᠮᠲᠤᠷᠡᠨ ︽2025 ᠣᠨ ᠤ ᠵᠢᠭᠠᠰᠤ ᠠᠩᠨᠠᠬᠤ ᠬᠤᠭᠤᠴᠠᠭᠠᠨ ᠳᠠᠬᠢ ᠵᠢᠭᠠᠰᠤ ᠠᠩᠨᠠᠬᠤ ᠶᠢ ᠴᠠᠭᠠᠵᠠᠯᠠᠬᠤ ᠣᠷᠣᠨ ᠤ ᠵᠢᠭᠠᠰᠤᠨ ᠤ ᠶᠠᠪᠤᠳᠠᠯ ᠤᠨ ᠬᠠᠮᠢᠶᠠᠷᠤᠯᠲᠠ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠵᠢᠭᠠᠰᠤ ᠶᠢ ᠴᠠᠬᠢᠯᠭᠠᠨᠳᠠᠬᠤ᠂ ᠵᠢᠭᠠᠰᠤ ᠶᠢ ᠬᠤᠣᠷᠳᠠᠬᠤ᠂ ᠵᠢᠭᠠᠰᠤ ᠶᠢ ᠳᠡᠯᠪᠡᠴᠢᠬᠦ ᠵᠢᠴᠢ ᠳᠤᠷ᠎ᠠ ᠪᠠᠷ ᠢᠶᠠᠨ ᠠᠩᠨᠠᠵᠤ ᠱᠦᠭᠦᠬᠦ ᠵᠡᠷᠭᠡ ᠵᠢᠭᠠᠰᠤᠨ ᠤ ᠠᠵᠤ ᠠᠬᠤᠢ ᠶᠢᠨ ᠡᠬᠢ ᠪᠠᠶᠠᠯᠢᠭ ᠪᠠ ᠵᠢᠭᠠᠰᠤᠨ ᠤᠨ ᠠᠵᠤ ᠠᠬᠤᠢ ᠶᠢᠨ ᠤᠰᠤᠨ ᠣᠷᠣᠨ ᠤ ᠣᠷᠴᠢᠨ ᠲᠣᠭᠤᠷᠢᠨ ᠢ ᠡᠪᠳᠡᠬᠦ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠭᠡᠵᠦ ᠱᠠᠭᠠᠷᠳᠠᠪᠠ᠃ ᠵᠣᠬᠢᠬᠤ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ 4 ᠰᠠᠷ᠎ᠠ ᠶᠢᠨ 15 ᠤ ᠡᠳᠦᠷ ᠪᠣᠯᠲᠠᠯ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠢᠭᠡᠨᠲᠡ 800 ᠭᠠᠷᠤᠢ ᠵᠢᠭᠠᠰᠤ ᠴᠠᠭᠠᠵᠠᠯᠠᠬᠤ ᠠᠯᠪᠠᠨ ᠵᠠᠷ ᠳᠠᠷᠤᠮᠠᠯᠯᠠᠨ ᠲᠠᠷᠬᠠᠭᠠᠵᠤ᠂ 2000 ᠭᠠᠷᠤᠢ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠪᠠ᠃
图片3.png
      ᠤᠯᠠᠨ ᠲᠠᠯ᠎ᠠ ᠠᠴᠠ ᠤᠬᠠᠭᠤᠯᠵᠤ᠂ ᠠᠮᠢ ᠠᠬᠤᠢ ᠶᠢ ᠬᠠᠮᠠᠭᠠᠯᠠᠬᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃ ᠪᠥᠬᠦ ᠣᠷᠣᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠣᠯᠠᠨ ᠵᠦᠢᠯ ᠤᠨ ᠤᠬᠠᠭᠤᠯᠭ᠎ᠠ ᠶᠢᠨ ᠠᠷᠭ᠎ᠠ ᠪᠠᠷᠢᠯ ᠢ ᠬᠡᠷᠡᠭᠯᠡᠨ᠂ ᠣᠯᠠᠨ ᠬᠡᠯᠪᠡᠷᠢ ᠮᠠᠶ᠋ᠢᠭ᠂ ᠣᠯᠠᠨ ᠠᠷᠭ᠎ᠠ ᠵᠠᠮ ᠢᠶᠠᠷ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠤ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠵᠢᠭᠠᠰᠤ ᠠᠩᠨᠠᠬᠤ ᠶᠢ ᠴᠠᠭᠠᠵᠠᠯᠠᠬᠤ ᠠᠵᠢᠯ ᠳᠤ ᠢᠳᠡᠪᠬᠢᠲᠡᠢ ᠣᠷᠣᠯᠴᠠᠭᠤᠯᠵᠤ᠂ ᠤᠰᠤᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠠᠮᠲᠤᠪᠠᠷ ᠬᠠᠮᠠᠭᠠᠯᠠᠪᠠ᠃ ᠤᠯᠠᠭᠠᠨᠬᠠᠳᠠ ᠬᠤᠳᠠ ᠶᠢᠨ ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠣᠯᠣᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠮᠲᠤᠪᠠᠷ ᠵᠢᠭᠠᠰᠤ ᠠᠩᠨᠠᠬᠤ ᠶᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠬᠤᠭᠤᠴᠠᠭᠠᠨ ᠳᠤ᠂ ᠠᠵᠢᠯᠲᠠᠳ ᠤᠰᠤᠨ ᠴᠥᠭᠦᠷᠥᠮ ᠤᠨ ᠡᠷᠬᠢᠨ ᠲᠣᠭᠤᠷᠢᠨ ᠤ ᠠᠶᠢᠯ ᠲᠣᠰᠬᠤᠨ᠂ ᠴᠤᠭᠯᠠᠭ᠎ᠠ ᠮᠠᠶᠢᠮᠠᠢ ᠵᠡᠷᠭᠡ ᠬᠥᠮᠥᠨ ᠤᠯᠠᠨ ᠲᠥᠪᠯᠡᠷᠡᠭᠰᠡᠨ ᠣᠷᠣᠨ ᠳᠤ ᠤᠬᠠᠭᠤᠯᠭ᠎ᠠ ᠶᠢᠨ ᠴᠢᠭ᠋ ᠭᠠᠷᠭᠠᠵᠤ᠂ ᠨᠠᠰᠢ ᠴᠠᠰᠢ ᠥᠩᠭᠡᠷᠡᠬᠦ ᠤᠯᠠᠨ ᠲᠦᠮᠡᠨ ᠳᠤ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭ᠎ᠠ᠂ ᠵᠢᠭᠠᠰᠤ ᠠᠩᠨᠠᠬᠤ ᠶᠢ ᠴᠠᠭᠠᠵᠠᠯᠠᠬᠤ ᠣᠷᠣᠨ ᠤ ᠬᠠᠮᠢᠶ᠎ᠠ ᠪᠦᠬᠦᠢ ᠲᠣᠭᠲᠠᠭᠠᠯ ᠵᠢᠴᠢ ᠬᠠᠤᠯᠢ ᠪᠤᠰᠤ ᠪᠠᠷ ᠠᠩᠨᠠᠵᠤ ᠱᠦᠭᠦᠭᠰᠡᠨ ᠤ ᠠᠮᠢ ᠠᠬᠤᠢ ᠶᠢᠨ ᠣᠷᠴᠢᠨ ᠲᠣᠭᠤᠷᠢᠨ ᠳᠤ ᠤᠴᠠᠷᠠᠭᠤᠯᠤᠭᠰᠠᠨ ᠬᠦᠨᠳᠦ ᠨᠣᠴᠢᠲᠠᠢ ᠬᠤᠣᠷ ᠬᠥᠨᠥᠭᠡᠯ ᠢ ᠨᠠᠷᠢᠨ ᠲᠠᠶᠢᠯᠪᠤᠷᠢᠯᠠᠵᠤ ᠦᠭᠭᠦᠭᠰᠡᠨ ᠪᠠᠶᠢᠨ᠎ᠠ᠃ ᠡᠭᠦᠨ ᠤ ᠬᠠᠮᠲᠤ᠂ ᠠᠵᠢᠯᠲᠠᠳ ᠪᠠᠰᠠ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠣᠯᠠᠨ ᠲᠦᠮᠡᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠤ ᠠᠵᠤ ᠠᠬᠤᠢ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠵᠢᠭᠠᠰᠤ ᠠᠩᠨᠠᠬᠤ ᠶᠢ ᠴᠠᠭᠠᠵᠠᠯᠠᠬᠤ ᠲᠣᠭᠲᠠᠭᠠᠯ ᠢ ᠤᠬᠠᠮᠰᠠᠷ   ᠠᠴᠠ ᠪᠠᠨ ᠵᠢᠷᠤᠮᠯᠠᠨ ᠰᠠᠬᠢᠵᠤ᠂ ᠤᠰᠤᠨ ᠣᠷᠣᠨ ᠤ ᠠᠮᠢ ᠠᠬᠤᠢ ᠶᠢᠨ ᠲᠡᠩᠴᠡᠭᠦᠷᠢ ᠶᠢ ᠬᠠᠮᠲᠤ ᠪᠠᠷ ᠬᠠᠮᠠᠭᠠᠯᠠᠪᠠ᠃
图片4.png
      ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠢᠭᠡᠳ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽2025 ᠣᠨ ᠤ ᠬᠠᠲᠤᠨ ᠭᠤᠣᠯ ᠤᠨ ᠪᠤᠭᠤᠲᠤ ᠶᠢᠨ ᠬᠡᠰᠡᠭ ᠤᠨ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠤ ᠲᠥᠪᠯᠡᠷᠡᠭᠦᠯᠦᠨ ᠤᠬᠠᠭᠤᠯᠬᠤ ᠵᠢᠴᠢ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ︾ ᠶᠢ ᠡᠬᠢᠯᠡᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠵᠢᠭᠠᠰᠤᠴᠢᠨ ᠤ ᠲᠥᠯᠥᠭᠡᠯᠡᠭᠴᠢ ︽ᠬᠠᠳᠤᠨ ᠭᠤᠣᠯ ᠤᠨ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠳᠤ ᠵᠢᠭᠠᠰᠤ ᠠᠩᠨᠠᠬᠤ ᠦᠭᠡᠢ ᠭᠡᠰᠡᠨ ᠢᠯᠡ ᠠᠮᠠᠯᠠᠯᠲᠠ ᠶᠢᠨ ᠪᠢᠴᠢᠭ︾ ᠢ ᠤᠩᠰᠢᠨ ᠨᠡᠶᠢᠲᠡᠯᠡᠵᠦ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠨᠢ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠡᠮᠦᠷ ᠵᠠᠮ ᠤᠨ ᠪᠠᠶᠢᠴᠠᠭᠠᠬᠤ ᠬᠤᠷᠢᠶ᠎ᠠ ᠲᠠᠢ ᠤᠰᠤᠨ ᠳᠡᠭᠡᠷ᠎ᠡ᠂ ᠬᠠᠭᠤᠷᠠᠢ ᠳᠡᠭᠡᠷᠡᠬᠢ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠡᠢ᠃ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠶᠢᠨ ᠲᠠᠯᠠᠪᠤᠷ ᠲᠤ ᠣᠯᠠᠨ ᠲᠦᠮᠡᠨ ᠤ ᠬᠠᠯᠠᠭᠤᠨ ᠴᠡᠭ ᠤᠨ ᠠᠰᠠᠭᠤᠳᠠᠯ ᠢ ᠬᠠᠷᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠ ᠬᠠᠤᠯᠢ ᠬᠡᠷᠡᠭᠵᠢᠭᠦᠯᠬᠦ ᠠᠵᠢᠯᠲᠠᠨ᠂ ᠬᠡᠰᠡᠭ ᠵᠢᠭᠠᠰᠤᠴᠢᠨ ᠤ ᠲᠥᠯᠥᠭᠡᠯᠡᠭᠴᠢ᠂ ᠪᠤᠭᠤᠲᠤ ᠬᠤᠲᠠ ᠶᠢᠨ ᠠᠷᠠᠳ ᠤᠨ ᠲᠥᠯᠥᠭᠡᠯᠡᠭᠴᠢ ᠨᠡᠶᠢᠲᠡ 230 ᠭᠠᠷᠤᠢ ᠬᠥᠮᠥᠨ ᠲᠣᠰ ᠠᠵᠢᠯᠯᠠᠭ᠎ᠠ ᠳᠤ ᠣᠷᠣᠯᠴᠠᠵᠠᠢ᠃      ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠵᠢᠭᠠᠰᠤᠨ ᠤ ᠠᠵᠤ ᠠᠬᠤᠢ ᠵᠢᠭᠠᠰᠤᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠤ ᠤᠬᠠᠭᠤᠯᠭ᠎ᠠ ᠶᠢ ᠦᠷᠭᠦᠯᠵᠢᠯᠡᠨ ᠦᠷᠨᠢᠭᠦᠯᠵᠦ᠂ ᠤᠯᠠᠨ ᠲᠦᠮᠡᠨ ᠤ ᠵᠢᠭᠠᠰᠤ ᠠᠩᠨᠠᠬᠤ ᠶᠢ ᠴᠠᠭᠠᠵᠠᠯᠠᠬᠤ᠂ ᠵᠢᠭᠠᠰᠤ ᠶᠢ ᠬᠠᠮᠠᠭᠠᠯᠠᠬᠤ ᠦᠵᠡᠯ ᠤᠬᠠᠮᠰᠠᠷ  ᠢ ᠨᠡᠮᠡᠭᠳᠡᠭᠦᠯᠬᠦ ᠶᠢᠨ ᠬᠠᠮᠲᠤ ᠬᠠᠤᠯᠢ ᠬᠡᠷᠡᠭᠵᠢᠭᠦᠯᠬᠦ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠯᠳᠠ ᠬᠢᠵᠦ᠂ ᠵᠢᠭᠠᠰᠤ ᠠᠩᠨᠠᠬᠤ ᠳᠤ ᠬᠤᠯᠪᠣᠭᠳᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠵᠦᠢᠯ ᠤᠨ ᠥᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠥᠪᠥᠷ ᠮᠣᠩᠭᠤᠯ ᠤᠨ ᠵᠢᠭᠠᠰᠤᠨ ᠤ ᠠᠵᠤ ᠠᠬᠤᠢ ᠶᠢᠨ ᠡᠬᠢ ᠪᠠᠶᠠᠯᠢᠭ ᠪᠣᠯᠣᠨ ᠤᠰᠤᠨ ᠤ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠦᠨᠡᠨᠬᠦ ᠰᠠᠶᠢᠲᠤᠷ ᠬᠠᠮᠠᠭᠠᠯᠠᠵᠤ᠂ ᠥᠪᠥᠷ ᠮᠣᠩᠭᠤᠯ ᠤᠨ ᠤᠰᠤᠨ ᠣᠷᠣᠨ ᠤ ᠠᠮᠢ ᠠᠬᠤᠢ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号