4 ᠰᠠᠷ᠎ᠠ ᠶᠢᠨ 18 ᠤ ᠡᠳᠦᠷ᠂ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ | ᠢᠳᠡᠭᠡᠨ ᠤ ᠵᠦᠢᠯ ᠵᠢᠴᠢ ᠨᠠᠶᠢᠷᠠᠯᠭ᠎ᠠ ᠶᠢᠨ ᠦᠵᠡᠰᠬᠦᠯᠡᠩ ᠤᠨ ᠴᠤᠭᠯᠠᠭᠠᠨ ᠵᠢᠴᠢ ᠭᠤᠷᠪᠠᠳᠤᠭᠠᠷ ᠬᠤᠭᠤᠴᠠᠭᠠᠨ ᠤ | ᠳᠤᠮᠳᠠᠳᠤ ᠤᠯᠤᠰ ᠤᠨ ᠣᠯᠠᠨ ᠤᠯᠤᠰ ᠤᠨ ᠪᠡᠯᠡᠨ ᠵᠠᠭᠤᠰᠢ ᠶᠢᠨ ᠠᠵᠤ ᠦᠢᠯᠡᠰ ᠤᠨ ᠦᠵᠡᠰᠬᠦᠯᠡᠩ ᠤᠨ | ᠴᠤᠭᠯᠠᠭᠠᠨ ᠭᠤᠸᠠᠩᠳᠦ᠋ᠩ ᠮᠤᠵᠢ ᠶᠢᠨ ᠳ᠋ᠦᠩ ᠭᠤᠸᠠᠨ ᠬᠤᠳᠠ ᠳᠤ ᠦᠪᠡᠳᠡᠭᠰᠢ ᠶᠡᠭᠡ ᠪᠠᠷ ᠡᠬᠢᠯᠡᠪᠡ᠃ | ᠦᠵᠡᠭᠦᠯᠭᠡ ᠶᠢᠨ ᠴᠤᠭᠯᠠᠭᠠᠨ 4 ᠰᠠᠷ᠎ᠠ ᠶᠢᠨ 20 ᠤ ᠡᠳᠦᠷ ᠪᠣᠯᠲᠠᠯ᠎ᠠ ᠦᠷᠭᠦᠯᠵᠢᠯᠡᠵᠦ᠂ ᠤᠯᠤᠰ ᠤᠨ ᠳᠣᠲᠣᠭᠠᠳᠤ | ᠭᠠᠳᠠᠭᠠᠳᠤ ᠶᠢᠨ 1500 ᠭᠠᠷᠤᠢ ᠠᠵᠤ ᠠᠬᠤᠶᠢᠯᠠᠯ ᠦᠵᠡᠰᠬᠦᠯᠡᠩ ᠳᠤ ᠣᠷᠣᠯᠴᠠᠬᠤ ᠪᠣᠯᠣᠨ᠎ᠠ᠂ ᠡᠨᠡ ᠪᠣᠯ | ᠣᠳᠣᠬᠠᠨ ᠤ ᠤᠯᠤᠰ ᠤᠨ ᠳᠣᠲᠣᠭᠠᠳᠤ ᠶᠢᠨ ᠢᠳᠡᠭᠡᠨ ᠪᠠ ᠪᠡᠯᠡᠨ ᠵᠠᠭᠤᠰᠢ ᠶᠢᠨ ᠠᠵᠤ ᠦᠢᠯᠡᠰ ᠤᠨ ᠬᠡᠪᠴᠢᠶ᠎ᠡ ᠪᠠᠷ | ᠬᠠᠮᠤᠭ ᠤᠨ ᠶᠡᠭᠡ᠂ ᠨᠥᠯᠥᠭᠡᠯᠡᠬᠦ ᠬᠦᠴᠦᠨ ᠢᠶᠠᠷ ᠬᠠᠮᠤᠭ ᠤᠨ ᠥᠷᠭᠡᠨ ᠠᠵᠢᠯ ᠲᠥᠷᠥᠯ ᠤᠨ ᠦᠪᠡᠳᠡᠭᠰᠢ | ᠴᠤᠭᠯᠠᠭᠠᠨ ᠤ ᠭᠠᠵᠠᠷ ᠮᠥᠨ᠃ | | | | | | ᠲᠣᠰ ᠤᠳᠠᠭᠠᠨ ᠤ ᠦᠵᠡᠰᠬᠦᠯᠡᠩ ᠳᠤ ᠣᠷᠣᠯᠴᠠᠬᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ | ᠨᠢᠭᠡᠳᠦᠯᠲᠡᠢ ᠲᠥᠯᠥᠪᠯᠡᠨ ᠵᠣᠬᠢᠶᠠᠨ ᠪᠠᠶᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠭᠠᠳᠠᠭᠰᠢ ᠭᠠᠷᠬᠤ᠂ ᠵᠠᠬ᠎ᠠ ᠳᠡᠯᠭᠡᠭᠦᠷ ᠢ ᠥᠷᠭᠡᠳᠬᠡᠬᠦ᠂ ᠨᠠᠷᠠᠲᠤ ᠲᠥᠷᠥᠯ ᠲᠡᠮᠳᠡᠭᠲᠦ ᠶᠢ ᠬᠦᠴᠦᠷᠬᠡᠭᠵᠢᠭᠦᠯᠬᠦ ᠪᠠᠷ | ᠵᠣᠷᠢᠯᠭ᠎ᠠ ᠪᠠᠨ ᠪᠣᠯᠭᠠᠭᠰᠠᠨ ᠶᠤᠮ᠃ 12 ᠠᠶᠢᠮᠠᠭ ᠬᠤᠳᠠ᠂ 80 ᠭᠠᠷᠤᠢ ᠠᠵᠤ ᠠᠬᠤᠶᠢᠯᠠᠯ ᠦᠵᠡᠰᠬᠦᠯᠡᠩ ᠳᠤ | ᠣᠷᠣᠯᠴᠠᠵᠤ᠂ ᠦᠬᠡᠷ ᠬᠤᠨᠢᠨ ᠮᠢᠬᠠᠨ ᠤ ᠪᠦᠲᠦᠭᠡᠭᠳᠡᠬᠦᠨ᠂ ᠴᠠᠭᠠᠨ ᠢᠳᠡᠭᠡᠨ᠂ ᠣᠷᠭᠠᠨᠢᠭ ᠬᠤᠯᠢᠮᠠᠭ ᠠᠮᠤ᠂ ᠣᠨᠴᠠ | ᠭᠠᠷᠤᠯᠲᠠ ᠵᠢᠴᠢ ᠰᠢᠨ᠎ᠡ ᠶᠢ ᠡᠭᠦᠳᠬᠦ ᠪᠡᠯᠡᠨ ᠵᠠᠭᠤᠰᠢ ᠵᠡᠷᠭᠡ 300 ᠭᠠᠷᠤᠢ ᠵᠦᠢᠯ ᠤᠨ ᠪᠣᠬᠢᠷᠲᠤᠯ ᠦᠭᠡᠢ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠲᠦᠨ ᠢ ᠲᠥᠪᠯᠡᠷᠡᠭᠦᠯᠦᠨ ᠳᠡᠯᠭᠡᠨ ᠦᠵᠡᠭᠦᠯᠵᠦ᠂ ︽ᠠᠮᠢ | ᠠᠬᠤᠢ ᠶᠢᠨ ᠥᠪᠥᠷ ᠮᠣᠩᠭᠤᠯ · ᠪᠣᠬᠢᠷᠲᠤᠯ ᠦᠭᠡᠢ ᠰᠠᠶᠢᠨ ᠦᠨᠦᠷ ᠠᠮᠲᠠ︾ ᠶᠢᠨ ᠲᠠᠯ᠎ᠠ ᠨᠤᠲᠤᠭ ᠤᠨ ᠣᠨᠴᠠᠯᠢᠭ ᠢ | ᠪᠦᠬᠦ ᠲᠠᠯ᠎ᠠ ᠪᠠᠷ ᠢᠯᠡᠷᠡᠭᠦᠯᠵᠦ᠂ ᠪᠦᠬᠦ ᠤᠯᠤᠰ ᠴᠢᠨᠠᠭᠰᠢᠯᠠᠪᠠᠯ ᠪᠦᠬᠦ ᠪᠥᠮᠪᠥᠷᠴᠡᠭ ᠤᠨ ᠬᠤᠳᠠᠯᠳᠤᠨ ᠠᠪᠬᠤ | ᠬᠤᠳᠠᠯᠳᠤᠭᠠᠴᠢᠨ ᠳᠤ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠨᠡᠷᠡᠲᠦ ᠲᠦᠷᠦᠯ ᠲᠡᠮᠳᠡᠭᠲᠦ ᠶᠢᠨ ᠷᠢᠳᠢ ᠰᠢᠳᠢ ᠪᠣᠯᠣᠨ ᠬᠥᠭᠵᠢᠯᠲᠡ ᠶᠢᠨ ᠳᠠᠯᠳᠠ ᠬᠦᠴᠦᠨ ᠢ | ᠳᠡᠯᠭᠡᠨ ᠦᠵᠡᠭᠦᠯᠵᠡᠢ᠃ | ᠦᠵᠡᠭᠦᠯᠭᠡ ᠶᠢᠨ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠲᠠᠢ ᠠᠭᠤᠷ ᠠᠮᠢᠰᠬᠤᠯ ᠢᠶᠠᠷ ᠪᠢᠯᠬᠠᠵᠤ᠂ | ᠥᠪᠥᠷ ᠮᠣᠩᠭᠤᠯ ᠤᠨ ᠦᠵᠡᠭᠦᠯᠭᠡ ᠶᠢᠨ ᠪᠦᠯᠬᠦᠮ ᠤᠨ ᠬᠢᠨ ᠶᠡᠭᠡ ᠬᠡᠮᠵᠢᠶᠡᠨ ᠤ ᠬᠤᠳᠠᠯᠳᠤᠨ ᠠᠪᠬᠤ | ᠬᠤᠳᠠᠯᠳᠤᠭᠠᠴᠢᠨ᠂ ᠰᠤᠪᠠᠭ ᠤᠨ ᠬᠤᠳᠠᠯᠳᠤᠭᠠᠴᠢᠨ᠂ ᠬᠠᠩᠭᠠᠯᠭ᠎ᠠ ᠶᠢᠨ ᠬᠡᠯᠬᠢᠶ᠎ᠡ ᠶᠢᠨ ᠠᠵᠤ ᠠᠬᠤᠶᠢᠯᠠᠯ ᠤᠳ ᠤᠨ | ᠠᠩᠬᠠᠷᠤᠯ ᠢ ᠲᠠᠲᠠᠵᠠᠢ᠃ ᠣᠳᠣᠬᠠᠨ ᠳᠤ ᠰᠢᠷᠠᠭᠰᠠᠨ ᠬᠤᠨᠢᠨ ᠭᠤᠶ᠎ᠠ ᠬᠠᠪᠢᠷᠭ᠎ᠠ᠂ ᠴᠢᠨᠠᠭᠰᠠᠨ ᠬᠤᠨᠢᠨ ᠮᠢᠬ᠎ᠠ᠂ | ᠬᠠᠲᠠᠭᠠᠭᠰᠠᠨ ᠦᠬᠡᠷ ᠤᠨ ᠮᠢᠬ᠎ᠠ᠂ ᠥᠪᠡᠷᠮᠢᠴᠡ ᠣᠨᠴᠠᠯᠢᠭ ᠲᠠᠢ ᠲᠡᠮᠡᠭᠡᠨ ᠰᠦ ᠵᠡᠷᠭᠡ ︽ᠬᠠᠲᠠᠭᠤ ᠴᠥᠮ᠎ᠡ ᠶᠢᠨ | ᠣᠨᠴᠠ ᠭᠠᠷᠤᠯᠲᠠ︾ ᠨᠢ ᠪᠥᠬᠦ ᠲᠠᠯᠠᠪᠠᠶ ᠶᠢᠨ ᠥᠨᠳᠥᠷ ᠳᠠᠪᠲᠠᠮᠵᠢ ᠲᠠᠢ ᠴᠡᠭ ᠪᠣᠯᠤᠭᠰᠠᠨ ᠪᠠᠶᠢᠨ᠎ᠠ᠃ | ᠦᠵᠡᠭᠦᠯᠭᠡ ᠶᠢᠨ ᠲᠤᠷᠰᠢᠨ ᠢᠳᠡᠬᠦ ᠲᠠᠪᠴᠠᠩ ᠨᠢ ᠰᠠᠶᠢᠨ ᠦᠨᠡᠯᠡᠯᠲᠡ ᠶᠢ ᠲᠠᠰᠤᠷᠠᠯᠲᠠ ᠦᠭᠡᠢ ᠣᠯᠵᠤ ᠪᠠᠶᠢᠪᠠ᠃ | ᠠᠵᠤ ᠠᠬᠤᠶᠢᠯᠠᠯ ᠬᠠᠩᠭᠠᠬᠤ ᠮᠠᠯᠲᠠᠬᠤ ᠶᠢ ᠵᠣᠯᠭᠠᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠲᠤᠬᠠᠢ ᠶᠢᠨ | ᠲᠠᠯᠠᠪᠠᠢ ᠶᠢᠨ ᠰᠣᠯᠢᠯᠴᠠᠭ᠎ᠠ ᠣᠯᠠᠰᠢᠷᠠᠵᠤ᠂ ᠬᠠᠮᠲᠤᠷᠠᠯᠴᠠᠭᠠᠨ ᠤ ᠰᠠᠨᠠᠮᠵᠢ ᠪᠠᠷ ᠭᠦᠨ ᠵᠤᠵᠠᠭᠠᠨ ᠪᠠᠶᠢᠵᠤ᠂ | ᠵᠢᠱᠢᠯᠲᠡ ᠪᠠᠷ ᠭᠡᠷ᠎ᠡ ᠲᠣᠭᠲᠠᠭᠰᠠᠨ ᠵᠣᠭᠤᠰᠤᠨ ᠲᠤᠭ᠎ᠠ ᠳ᠋ᠦᠩᠰᠢᠭᠤᠷ ᠲᠥᠭᠦᠷᠢᠭ ᠢ ᠳᠠᠪᠠᠵᠤ᠂ ᠮᠠᠨ ᠤ ᠣᠷᠣᠨ ᠤ | ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠳᠤ ᠨᠡᠩ ᠥᠷᠭᠡᠨ ᠠᠭᠤᠳᠠᠮ ᠵᠠᠬ᠎ᠠ | ᠳᠡᠯᠭᠡᠭᠦᠷ ᠤᠨ ᠣᠷᠣᠨ ᠵᠠᠢ ᠶᠢ ᠨᠡᠭᠡᠭᠡᠵᠦ ᠥᠭᠴᠡᠢ᠃ | | | | | | ᠪᠥᠬᠦ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠪᠣᠯᠤᠭᠰᠠᠨ ᠤ ᠬᠤᠪᠢ ᠳᠤ᠂ ᠮᠠᠨ ᠤ ᠣᠷᠣᠨ ᠣᠶᠢᠷ᠎ᠠ ᠶᠢᠨ ᠵᠢᠯ ᠤᠳ ᠲᠤ ᠨᠠᠷᠠᠲᠤ | ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠶᠢᠵᠢᠭᠤᠯᠬᠤ ᠪᠠ ᠨᠠᠷᠠᠲᠤ ᠲᠥᠷᠥᠯ ᠲᠡᠮᠳᠡᠭᠲᠦ ᠶᠢᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 848 ᠪᠦᠲᠦᠭᠡᠭᠳᠡᠬᠦᠨ ᠨᠢ ᠨᠢᠭᠡᠨᠲᠡ ᠪᠥᠬᠦ ᠤᠯᠤᠰ ᠤᠨ ᠨᠡᠷᠡᠰ ᠤᠨ | ᠵᠢᠭᠰᠠᠭᠠᠯᠲᠠ ᠳᠤ ᠠᠮᠵᠢᠯᠲᠠ ᠲᠠᠢ ᠪᠠᠷ ᠰᠣᠩᠭᠤᠭᠳᠠᠨ ᠣᠷᠣᠵᠤ᠂ ᠲᠤᠭ᠎ᠠ ᠬᠡᠮᠵᠢᠶ᠎ᠡ ᠨᠢ ᠪᠥᠬᠦ ᠤᠯᠤᠰ ᠤᠨ | ᠲᠡᠷᠢᠭᠦᠨ ᠳᠤ ᠣᠷᠣᠪᠠ᠃ ᠡᠨᠡᠬᠦ ᠭᠢᠯᠠᠯᠵᠠᠭᠰᠠᠨ ᠠᠮᠵᠢᠯᠲᠠ ᠪᠦᠲᠦᠮᠵᠢ ᠨᠢ ᠪᠣᠬᠢᠷᠲᠤᠯ ᠦᠭᠡᠢ ᠮᠠᠯ ᠠᠵᠤ ᠠᠬᠤᠢ | ᠲᠠᠷᠢᠶᠠᠯᠠᠩ ᠤᠨ ᠳᠠᠪᠠᠭᠤᠯᠢᠭ ᠢ ᠢᠯᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠥᠪᠡᠷᠲᠡᠭᠡᠨ ᠵᠠᠰᠠᠬᠤ ᠣᠷᠣᠨ ᠤ | ᠴᠢᠨᠠᠷ ᠰᠠᠶᠢᠲᠠᠢ ᠬᠥᠭᠵᠢᠯᠲᠡ ᠳᠤ ᠰᠦᠷ ᠳᠠᠯᠠᠶᠢᠴᠠᠲᠠᠢ ᠬᠥᠳᠡᠯᠭᠡᠬᠦ ᠬᠦᠴᠦᠨ ᠨᠡᠮᠡᠷᠢᠯᠡᠵᠡᠢ᠃ |