︱ᠰᠠᠶᠢᠨ ᠪᠠᠶᠢᠨ᠎ᠠ ᠤᠤ︖ ᠡᠨᠡ ᠪᠤᠭᠤᠳᠠᠢ ᠶᠢᠨ ᠲᠠᠷᠢᠶ᠎ᠠ ᠶᠢ ᠬᠡᠷᠬᠢᠨ ᠬᠤᠳᠠᠯᠳᠤᠨ ᠠᠪᠬᠤ ᠪᠤᠢ︖ | ︱ᠰᠠᠶᠢᠨ᠂ ᠲᠠ ᠰᠠᠶᠢᠨ ᠪᠠᠶᠢᠨ᠎ᠠ ᠤᠤ︖ ᠲᠠ ᠵᠢᠷᠭᠢᠶ᠎ᠡ ᠳᠡᠭᠡᠷ᠎ᠡ ᠠᠴᠠ ︿ᠪᠢ ᠪᠣᠷᠣᠳᠣᠬᠤᠢ ᠳᠤ | ᠪᠤᠭᠤᠳᠠᠢ ᠶᠢᠨ ᠲᠠᠷᠢᠶ᠎ᠠ ᠲᠠᠢ﹀ ᠭᠡᠰᠡᠨ ᠪᠢᠴᠢᠯ ᠫᠷᠣᠭ᠍ᠷᠠᠮ ᠢ ᠬᠠᠶᠢᠵᠤ ᠣᠯᠪᠠᠯ ᠳᠠᠷᠤᠢ ᠵᠠᠬᠢᠶᠠᠯᠠᠨ ᠠᠪᠴᠤ ᠪᠣᠯᠣᠨ᠎ᠠ᠃ | ᠪᠤᠭᠤᠳᠠᠢ ᠶᠢᠨ ᠲᠠᠷᠢᠶ᠎ᠠ ᠶᠢ ᠬᠤᠶᠠᠷ᠂ ᠳᠥᠷᠪᠡ᠂ ᠵᠢᠷᠭᠤᠭ᠎ᠠ᠂ ᠨᠠᠢᠮᠠᠨ ᠬᠤᠪᠢ ᠶᠢᠨ ᠲᠠᠷᠢᠶ᠎ᠠ ᠵᠢᠴᠢ 1 ᠮᠦ ᠲᠠᠷᠢᠶ᠎ᠠ | ᠭᠡᠵᠦ 5 ᠳᠡᠰ ᠬᠤᠪᠢᠶᠠᠨ᠎ᠠ᠂ ᠲᠠᠷᠢᠵᠦ ᠠᠷᠠᠴᠢᠯᠠᠬᠤ ᠶᠢ ᠨᠢ ᠪᠢᠲᠡ ᠬᠠᠷᠢᠭᠤᠴᠠᠨ᠎ᠠ᠂ ︿ᠪᠤᠭᠤᠳᠠᠢ ᠶᠢᠨ ᠲᠠᠷᠢᠶ᠎ᠠ ᠶᠢᠨ | ᠡᠵᠡᠨ﹀ ᠦᠷᠭᠦᠯᠵᠢ ᠪᠤᠭᠤᠳᠠᠢ ᠶᠢᠨ ᠲᠠᠷᠢᠶᠠᠨ ᠳᠠᠭᠠᠨ ᠬᠦᠷᠴᠦ᠂ ᠲᠠᠷᠢᠶ᠎ᠠ ᠲᠠᠷᠢᠵᠦ ᠠᠷᠠᠴᠢᠯᠠᠬᠤ ᠬᠠᠪᠤ ᠴᠡᠩᠭᠡᠯ ᠢ | ᠪᠡᠶᠡᠴᠢᠯᠡᠨ ᠣᠶᠢᠯᠠᠭᠠᠵᠤ ᠪᠣᠯᠣᠨ᠎ᠠ᠃ ᠪᠤᠭᠤᠳᠠᠢ ᠶᠢ ᠬᠤᠷᠢᠶᠠᠭᠰᠠᠨ ᠤ ᠳᠠᠷᠠᠭ᠎ᠠ ᠪᠢᠲᠡ ᠡᠳ᠋ᠰᠢᠭᠦᠯᠦᠨ ᠴᠠᠭᠠᠨ ᠭᠤᠯᠢᠷ | ᠪᠣᠯᠭᠠᠭᠠᠳ ︿ᠪᠤᠭᠤᠳᠠᠢ ᠶᠢᠨ ᠲᠠᠷᠢᠶ᠎ᠠ ᠶᠢᠨ ᠡᠵᠡᠨ﹀ ᠳᠤ ᠭᠤᠪᠢᠭᠤᠯᠵᠤ ᠥᠭᠭᠦᠨ᠎ᠡ ᠬᠡᠮᠡᠨ ᠱᠤᠸᠠᠩ ᠾᠧ | ᠪᠠᠯᠭᠠᠰᠤᠨ ᠤ ᠪᠠᠯᠭᠠᠰᠤᠨ ᠳᠠᠷᠤᠭ᠎ᠠ ᠯᠢᠦᠢ ᠪᠦᠸᠧ ᠨᠠᠷᠢᠨ ᠨᠢᠮᠪᠠᠢ ᠲᠠᠨᠢᠯᠴᠠᠭᠤᠯᠤᠨ᠎ᠠ᠃ | ᠲᠦᠷᠦᠭᠦᠬᠡᠨ ︽ᠪᠢ ᠪᠣᠷᠣᠳᠣᠬᠤᠢ ᠳᠤ ᠪᠤᠭᠤᠳᠠᠢ ᠶᠢᠨ ᠲᠠᠷᠢᠶ᠎ᠠ ᠲᠠᠢ︾ ᠬᠡᠮᠡᠬᠦ ᠭᠤᠣᠯ ᠰᠡᠳᠦᠪᠲᠦ | ᠲᠠᠷᠢᠶᠠᠯᠠᠩ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ | ᠱᠤᠸᠠᠩ ᠾᠧ ᠪᠠᠯᠭᠠᠰᠤᠨ ᠳᠤ ᠭᠦᠷ ᠬᠥᠭᠵᠢᠶᠡᠨ ᠲᠠᠢ ᠶᠠᠪᠤᠭᠳᠠᠵᠤ᠂ ᠪᠦᠭᠦ ᠤᠯᠤᠰ ᠤᠨ ᠡᠯ᠎ᠡ ᠭᠠᠵᠠᠷ ᠠᠴᠠ | ᠢᠷᠡᠭᠰᠡᠨ ᠵᠠᠭᠤᠭᠠᠳ ᠬᠥᠮᠥᠨ ᠲᠤᠬᠠᠢ ᠶᠢᠨ ᠲᠠᠯᠠᠪᠠᠢ ᠳᠤ ᠪᠤᠭᠤᠳᠠᠢ ᠶᠢᠨ ᠲᠠᠷᠢᠶ᠎ᠠ ᠬᠤᠳᠠᠯᠳᠤᠨ ᠠᠪᠴᠠᠢ᠃ ᠠᠳᠡ | ᠠᠴᠠ ᠪᠤᠭᠤᠳᠠᠢ ᠶᠢᠨ ᠲᠠᠷᠢᠶ᠎ᠠ ᠬᠤᠳᠠᠯᠳᠤᠨ ᠠᠪᠬᠤ ᠨᠢ ᠣᠳᠣᠬᠠᠨ ᠳᠠᠭᠠᠨ ᠬᠤᠳᠠ ᠶᠢᠨ ᠠᠷᠠᠳ ᠤᠨ ᠬᠠᠯᠠᠮᠰᠢᠯ | ᠪᠣᠯᠵᠤ᠂ 3200 ᠬᠥᠮᠥᠨ ︵ᠤᠳᠠᠭ᠎ᠠ︶ ᠪᠤᠭᠤᠳᠠᠢ ᠶᠢᠨ ᠲᠠᠷᠢᠶ᠎ᠠ ᠬᠤᠳᠠᠯᠳᠤᠨ ᠠᠪᠤᠭᠰᠠᠨ ᠪᠠᠶᠢᠯ᠎ᠠ᠃ | ︽ᠪᠣᠷᠣᠳᠣᠬᠤᠢ ᠶᠢᠨ ᠭᠤᠯᠢᠷ ᠬᠤᠯᠠ ᠣᠶᠢᠷ᠎ᠠ ᠳᠠᠭᠠᠨ ᠠᠯᠳᠠᠷᠲᠠᠢ᠂ ᠪᠢ ᠠᠳᠡᠬᠢ ᠬᠥᠮᠥᠨ ᠪᠢᠰᠢ ᠪᠤᠯᠪᠠᠴᠤ ᠠᠯᠢ | ᠡᠷᠲᠡ ᠠᠴᠠ ᠪᠣᠷᠣᠳᠣᠬᠤᠢ ᠶᠢᠨ ᠭᠤᠯᠢᠷ ᠢ ᠢᠳᠡᠬᠦ ᠳᠤᠷᠠᠲᠠᠢ᠂ ᠥᠨᠥᠳᠥᠷ ᠠᠳᠡ ᠥᠪᠡᠷ ᠤᠨ ᠪᠤᠭᠤᠳᠠᠢ ᠶᠢᠨ ᠲᠠᠷᠢᠶ᠎ᠠ | ᠲᠠᠢ ᠪᠣᠯᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ︾ ᠭᠡᠵᠦ ᠭᠦᠭᠡᠬᠤᠳᠠ ᠠᠴᠠ ᠲᠤᠰᠬᠠᠶᠢᠯᠠᠨ ᠢᠷᠡᠭᠡᠳ 1 ᠮᠦ | ᠪᠤᠭᠤᠳᠠᠢ ᠶᠢᠨ ᠲᠠᠷᠢᠶ᠎ᠠ ᠬᠤᠳᠠᠯᠳᠤᠨ ᠠᠪᠤᠭᠰᠠᠨ ᠨᠡᠷᠡᠲᠦ ᠲᠣᠭᠯᠠᠭᠴᠢ ᠶᠣᠣ ᠭᠠᠩ ᠬᠥᠭᠰᠡᠨ ᠶᠠᠷᠢᠨ᠎ᠠ᠃ | ᠲᠤᠬᠠᠢ ᠶᠢᠨ ᠲᠠᠯᠠᠪᠠᠢ ᠳᠤ ᠪᠠᠰᠠ ᠪᠤᠭᠤᠳᠠᠢ ᠶᠢᠨ ᠲᠠᠷᠢᠶᠠᠨ ᠤ ᠭᠠᠷ ᠤᠷᠠᠯᠠᠯ᠂ ᠪᠣᠳᠠᠰ ᠤᠨ ᠪᠤᠰᠤ ᠰᠣᠶᠣᠯ ᠤᠨ | ᠥᠪ ᠤᠨ ᠰᠣᠯᠢᠯᠴᠠᠭ᠎ᠠ᠂ ᠭᠤᠯᠢᠷ ᠪᠠᠷᠢᠮᠠᠯ᠂ ᠪᠤᠭᠤᠳᠠᠢ ᠶᠢᠨ ᠦᠷ᠎ᠡ ᠵᠢᠴᠢ ᠪᠤᠭᠤᠳᠠᠢ ᠶᠢᠨ ᠡᠰᠢ ᠰᠦᠷᠡᠯ ᠤᠨ | ᠦᠵᠡᠭᠦᠯᠭᠡ᠂ ᠠᠮᠲᠠᠲᠤ ᠢᠳᠡᠭᠡᠨ ᠠᠮᠰᠠᠬᠤ ᠵᠡᠷᠭᠡ ᠠᠵᠢᠯᠯᠠᠭ᠎ᠠ ᠲᠣᠬᠢᠷᠠᠭᠤᠯᠵᠤ᠂ ᠬᠦᠷᠦᠯᠴᠡᠨ ᠢᠷᠡᠭᠰᠡᠨ | ᠵᠢᠭᠤᠯᠴᠢᠯᠠᠭᠴᠢ ᠪᠣᠯᠣᠨ ᠬᠤᠲᠠ ᠶᠢᠨ ᠠᠷᠠᠳ ᠲᠤ ᠲᠠᠷᠢᠶᠠᠯᠠᠬᠤ ᠰᠣᠶᠣᠯ ᠪᠣᠯᠣᠨ ᠪᠣᠳᠠᠰ ᠤᠨ ᠪᠤᠰᠤ ᠰᠣᠶᠣᠯ ᠤᠨ | ᠥᠪ ᠤᠨ ᠷᠢᠳᠢ ᠰᠢᠳᠢ ᠶᠢ ᠮᠡᠳᠡᠷᠡᠭᠦᠯᠵᠦ᠂ ᠪᠣᠷᠣᠳᠣᠬᠤᠢ ᠶᠢᠨ ᠣᠷᠣᠨ ᠤ ᠲᠣᠭᠠᠴᠢᠯᠠᠭᠰᠠᠨ ᠲᠠᠷᠢᠶᠠᠯᠠᠩ ᠤᠨ | ᠬᠥᠭᠵᠢᠯᠲᠡ ᠶᠢᠨ ᠦᠷ᠎ᠡ ᠪᠦᠲᠦᠭᠡᠯ ᠢ ᠦᠵᠡᠭᠦᠯᠪᠡ᠃ ᠪᠤᠭᠤᠳᠠᠢ ᠲᠠᠷᠢᠬᠤ ᠠᠵᠢᠯᠯᠠᠭ᠎ᠠ ᠳᠤ ᠲᠣᠮᠣᠴᠤᠤᠯ ᠨᠢ | ᠬᠡᠦᠬᠡᠳ ᠢᠶᠠᠨ ᠳᠠᠭᠠᠭᠤᠯᠤᠨ ᠤᠷᠤᠯᠴᠠᠵᠦ᠂ ᠦᠷ᠎ᠡ ᠰᠠᠴᠤᠨ ᠪᠤᠭᠤᠳᠠᠢ ᠲᠠᠷᠢᠵᠤ᠂ ᠬᠡᠦᠬᠡᠳ ᠤᠳ ᠲᠤ ᠲᠠᠷᠢᠶᠠᠨ | ᠠᠵᠢᠯ ᠤᠨ ᠪᠠᠶᠠᠷ ᠪᠠᠶᠠᠰᠤᠯ ᠪᠣᠯᠣᠨ ᠶᠠᠳᠠᠷᠠᠯ ᠵᠦᠳᠡᠷᠡᠯ ᠢ ᠣᠶᠢᠯᠠᠭᠠᠭᠤᠯᠤᠭᠰᠠᠨ ᠪᠠᠶᠢᠨ᠎ᠠ᠃ | ᠲᠤᠰ ᠠᠵᠢᠯᠯᠠᠭ᠎ᠠ ᠳᠡᠭᠡᠷ᠎ᠡ ᠪᠠᠰᠠ ᠪᠡᠭᠡᠵᠢᠩ᠂ ᠱᠠᠩᠬᠠᠢ᠂ ᠠᠨᠾᠦ᠋ᠢ ᠵᠡᠷᠭᠡ ᠭᠠᠵᠠᠷ ᠠᠴᠠ 100 | ︽ᠪᠤᠭᠤᠳᠠᠢ ᠶᠢᠨ ᠲᠠᠷᠢᠶ᠎ᠠ ᠶᠢᠨ ᠡᠵᠡᠨ︾ ᠢ ᠢᠯᠡ ᠪᠠᠷ ᠤᠷᠢᠵᠤ ᠡᠯᠰᠡᠨ᠂ ᠨᠡᠩ ᠣᠯᠠᠨ ᠬᠥᠮᠥᠰ ᠲᠤ ᠪᠣᠷᠣᠳᠣᠬᠤᠢ ᠶᠢᠨ | ᠦᠨᠦᠷ ᠠᠮᠲᠠ ᠶᠢ ᠮᠡᠳᠡᠷᠡᠭᠦᠯᠵᠡᠢ᠃ | |