ᠮᠠᠨ ᠤ ᠣᠷᠣᠨ ᠪᠤᠬ᠎ᠠ ᠲᠡᠵᠢᠭᠡᠬᠦ ᠦᠷᠳᠡᠭᠡ ᠪᠠ ᠦᠬᠡᠷ ᠤᠨ ᠡᠭᠦᠯᠳᠡᠷ ᠪᠣᠶᠢᠵᠢᠭᠤᠯᠬᠤ ᠭᠤᠣᠯ ᠲᠠᠯᠠᠪᠠᠢ  ᠶᠢᠨ ᠲᠤᠭ᠎ᠠ ᠪᠠᠷ ᠪᠦᠭᠦ ᠤᠯᠤᠰ ᠲᠤ ᠲᠦᠷᠦᠭᠦᠯᠡᠵᠦ ᠪᠠᠶᠢᠨ᠎ᠠ
ᠨᠡᠶᠢᠲᠡᠯᠡᠭᠰᠡᠨ ᠴᠠᠭ᠄
2025/4/18
      ᠣᠶᠢᠷ᠎ᠠ ᠶᠢᠨ ᠵᠢᠯ ᠳᠤ ᠮᠠᠨ ᠤ ᠣᠷᠣᠨ ᠰᠠᠭᠠᠯᠢ ᠶᠢᠨ ᠦᠨᠢᠶ᠎ᠡ ᠪᠣᠯᠣᠨ ᠮᠢᠬᠠᠨ ᠤ ᠦᠬᠡᠷ ᠤᠨ ᠰᠠᠶᠢᠨ ᠡᠭᠦᠯᠳᠡᠷ ᠢ ᠰᠣᠩᠭᠤᠨ ᠪᠣᠶᠢᠵᠢᠭᠤᠯᠬᠤ ᠶᠢ ᠲᠠᠰᠤᠷᠠᠯᠳᠠ ᠦᠭᠡᠢ ᠴᠢᠩᠭᠠᠳᠬᠠᠵᠤ᠂ ᠣᠳᠣᠬᠠᠨ ᠪᠤᠯᠳᠠᠯ᠎ᠠ 7 ᠪᠤᠬ᠎ᠠ ᠲᠡᠵᠢᠭᠡᠬᠦ ᠥᠷᠲᠡᠭᠡ᠂ 12 ᠤᠯᠤᠰ ᠤᠨ ᠲᠠᠰ ᠤᠨ ᠦᠬᠡᠷ ᠤᠨ ᠡᠭᠦᠯᠳᠡᠷ ᠪᠣᠶᠢᠵᠢᠭᠤᠯᠬᠤ ᠭᠤᠣᠯ ᠲᠠᠯᠠᠪᠠᠶ ᠵᠢᠴᠢ 10 ᠥᠪᠡᠷᠲᠡᠭᠡᠨ ᠵᠠᠰᠠᠬᠤ ᠣᠷᠣᠨ ᠤ ᠲᠠᠰ ᠤᠨ ᠦᠬᠡᠷ ᠤᠨ ᠡᠭᠦᠯᠳᠡᠷ ᠪᠣᠶᠢᠵᠢᠭᠤᠯᠬᠤ ᠭᠤᠣᠯ ᠲᠠᠯᠠᠪᠠᠶ ᠶᠢ ᠪᠦᠲᠦᠭᠡᠨ ᠪᠠᠶᠢᠭᠤᠯᠵᠤ᠂ ᠪᠤᠬ᠎ᠠ ᠲᠡᠵᠢᠭᠡᠬᠦ ᠦᠷᠳᠡᠭᠡ ᠪᠠ ᠦᠬᠡᠷ ᠤᠨ ᠡᠭᠦᠯᠳᠡᠷ ᠪᠣᠶᠢᠵᠢᠭᠤᠯᠬᠤ ᠭᠤᠣᠯ ᠲᠠᠯᠠᠪᠠᠢ  ᠶᠢᠨ ᠲᠤᠭ᠎ᠠ ᠪᠠᠷ ᠴᠥᠮ ᠪᠦᠭᠦ ᠤᠯᠤᠰ ᠲᠤ ᠲᠦᠷᠦᠭᠦᠯᠡᠵᠦ ᠪᠠᠶᠢᠨ᠎ᠠ᠃      ᠲᠦᠷᠦᠭᠦᠬᠡᠨ ᠤᠯᠤᠰ ᠤᠨ ᠮᠠᠯ ᠠᠵᠤ ᠠᠬᠤᠢ ᠶᠢᠨ ᠶᠡᠷᠦᠩᠬᠡᠢ ᠥᠷᠲᠡᠭᠡ ᠠᠩᠬ᠎ᠠ ᠤᠳᠠᠭ᠎ᠠ ᠪᠦᠭᠦ ᠤᠯᠤᠰ  ᠤᠨ ᠦᠷ᠎ᠡ ᠠᠪᠬᠤ ᠰᠢᠯᠢᠳᠡᠭ ᠡᠭᠦᠯᠳᠡᠷ ᠤᠨ ᠪᠤᠬ᠎ᠠ ᠶᠢ ᠰᠣᠩᠭᠤᠨ ᠨᠡᠶᠢᠲᠡᠯᠡᠭᠰᠡᠨ ᠳᠤ ᠮᠠᠨ ᠤ ᠣᠷᠣᠨ ᠠᠴᠠ 714 ᠰᠢᠯᠢᠳᠡᠭ ᠡᠭᠦᠯᠳᠡᠷ ᠤᠨ ᠪᠤᠬ᠎ᠠ ᠰᠣᠩᠭᠤᠭᠳᠠᠪᠠ᠃ ᠡᠨᠡ ᠵᠢᠯ ᠮᠠᠨ ᠤ ᠣᠷᠣᠨ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠤᠬ᠎ᠠ ᠲᠡᠵᠢᠭᠡᠬᠦ ᠥᠷᠲᠡᠭᠡ ᠪᠠ ᠡᠭᠦᠯᠳᠡᠷ ᠪᠣᠶᠢᠵᠢᠭᠤᠯᠬᠤ ᠭᠤᠣᠯ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠳᠦᠷᠢᠮᠵᠢᠭᠰᠡᠨ ᠨᠢᠭᠡᠳᠦᠯᠲᠡᠢ ᠦᠢᠯᠡᠳᠪᠦᠷᠢᠯᠡᠯ ᠤᠨ ᠴᠢᠳᠠᠪᠤᠷᠢ ᠶᠢ ᠬᠡᠮᠵᠢᠨ ᠲᠣᠭᠲᠠᠭᠠᠬᠤ ᠵᠢᠴᠢ ᠤᠳᠤᠮᠯᠠᠯ ᠢ ᠦᠨᠡᠯᠡᠨ ᠵᠢᠱᠢᠬᠦ ᠠᠵᠢᠯ ᠥᠷᠨᠢᠭᠦᠯᠦᠨ᠂ ᠰᠠᠭᠠᠯᠢ ᠶᠢᠨ ᠦᠨᠢᠶ᠎ᠡ ᠪᠣᠯᠣᠨ ᠮᠢᠬᠠᠨ ᠤ ᠦᠬᠡᠷ ᠤᠨ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠭᠤᠣᠯ ᠡᠭᠦᠯᠳᠡᠷ ᠤᠨ ᠰᠦᠷᠦᠭ ᠤᠨ ᠬᠡᠪᠴᠢᠶ᠎ᠡ ᠶᠢ ᠴᠢᠨᠠᠭᠰᠢᠳᠠ ᠥᠷᠭᠡᠳᠬᠡᠨ᠎ᠡ᠃ ᠪᠦᠭᠦ ᠵᠢᠯ ᠳᠤ ᠮᠢᠬᠠᠨ ᠤ ᠦᠬᠡᠷ ᠤᠨ ᠰᠠᠶᠢᠨ ᠡᠭᠦᠯᠳᠡᠷ ᠤᠨ ᠢᠴᠡᠭᠡᠯ ᠦᠷ᠎ᠡ ᠶᠢ 550 ᠲᠦᠮᠡᠨ ᠰᠢᠷᠬᠡᠭ ᠳᠡᠯᠭᠡᠷᠡᠭᠦᠯᠬᠦ ᠪᠠᠷ ᠲᠥᠯᠥᠪᠯᠡᠵᠦ᠂ ᠰᠠᠭᠠᠯᠢ ᠶᠢᠨ ᠦᠨᠢᠶᠡᠨ ᠤ ᠬᠦᠢᠰᠦ ᠶᠢᠨ ᠢᠯᠭᠠᠯ ᠢ ᠡᠵᠡᠮᠳᠡᠭᠰᠡᠨ ᠭᠦᠪᠦᠷᠡᠯ᠂ ᠬᠦᠢᠰᠦ ᠶᠢᠨ ᠢᠯᠭᠠᠯ ᠢ ᠡᠵᠡᠮᠳᠡᠭᠰᠡᠨ ᠢᠴᠡᠭᠡᠯ ᠦᠷ᠎ᠡ ᠶᠢ 10 ᠲᠦᠮᠡᠨ ᠰᠢᠷᠬᠡᠭ ᠠᠴᠠ ᠳᠡᠭᠡᠭᠰᠢ ᠳᠡᠯᠭᠡᠷᠡᠭᠦᠯᠦᠨ᠂ ᠡᠾᠧᠰᠲ᠋ᠠᠨ ᠰᠠᠭᠠᠯᠢ ᠶᠢᠨ ᠦᠨᠢᠶᠡᠨ ᠤ ᠵᠢᠯ ᠤᠨ ᠳᠤᠮᠳᠠᠴᠢ ᠰᠦ ᠶᠢᠨ ᠭᠠᠷᠤᠯᠲᠠ ᠶᠢ 10 ᠲᠣᠨ  ᠠᠴᠠ ᠳᠠᠪᠠᠭᠤᠯᠵᠤ᠂ ᠮᠢᠬᠠᠨ ᠤ ᠦᠬᠡᠷ ᠤᠨ ᠰᠠᠶᠢᠨ ᠡᠭᠦᠯᠳᠡᠷ ᠤᠨ ᠨᠣᠷᠮ᠎ᠠ ᠶᠢ 95% ᠠᠴᠠ ᠳᠡᠭᠡᠭᠰᠢ ᠳᠤ ᠲᠣᠭᠲᠠᠪᠤᠷᠢᠵᠢᠭᠤᠯᠬᠤ ᠪᠠᠷ ᠪᠤᠢ᠃
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号