ᠲᠦᠩᠯᠢᠶᠣᠣ ᠬᠤᠳᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ︽ᠪᠦᠭᠦ ᠤᠯᠤᠰ ᠤᠨ ᠮᠢᠬᠠᠨ ᠤ | ᠦᠬᠡᠷ ᠤᠨ ᠠᠵᠤ ᠦᠢᠯᠡᠰ ᠤᠨ ᠲᠡᠷᠢᠭᠦᠨ ᠬᠤᠰᠢᠭᠤ︾ ᠪᠤᠯᠬᠤ ᠬᠠᠷᠠᠯᠲᠠ ᠶᠢ ᠲᠣᠭᠲᠠᠭᠠᠵᠤ᠂ ᠪᠠᠷᠢᠮᠵᠢᠶᠠᠵᠢᠭᠰᠠᠨ | ᠵᠠᠭᠪᠤᠷᠴᠢᠯᠠᠭᠰᠠᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠭᠦ ᠣᠷᠣᠨ᠂ ᠵᠠᠭᠤᠨ ᠲᠦᠮᠡᠨ ᠮᠦ ᠶᠢᠨ ᠬᠥᠬᠡ ᠪᠠᠷ | ᠳᠠᠷᠤᠰᠢᠭᠤᠯᠬᠤ ᠡᠷᠳᠡᠨᠢ ᠰᠢᠰᠢ ᠶᠢᠨ ᠥᠨᠳᠥᠷ ᠤᠨᠠᠯᠲᠠ ᠥᠨᠳᠥᠷ ᠦᠷ᠎ᠡ ᠠᠰᠢᠭᠲᠤ ᠵᠢᠱᠢᠶ᠎ᠡ ᠦᠵᠡᠭᠦᠯᠭᠦ ᠣᠷᠣᠨ᠂ | ᠮᠢᠬᠠᠨ ᠤ ᠦᠬᠡᠷ ᠨᠢᠲᠤᠯᠵᠤ ᠡᠳ᠋ᠰᠢᠭᠦᠯᠬᠦ ᠵᠢᠱᠢᠶ᠎ᠡ ᠦᠵᠡᠭᠦᠯᠭᠦ ᠣᠷᠣᠨ᠂ ᠮᠢᠬᠠᠨ ᠤ ᠦᠬᠡᠷ ᠤᠨ ᠪᠦᠭᠦ ᠠᠵᠤ | ᠦᠢᠯᠡᠰ ᠤᠨ ᠬᠡᠯᠬᠢᠶ᠎ᠡ ᠶᠢᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠭᠦ ᠣᠷᠣᠨ ᠢ ᠪᠦᠲᠦᠭᠡᠨ ᠪᠠᠶᠢᠭᠤᠯᠵᠤ᠂ | ᠵᠠᠭᠤᠨ ᠳ᠋ᠦᠩᠰᠢᠭᠤᠷ ᠲᠠᠰ ᠢ ᠳᠠᠪᠠᠭᠰᠠᠨ ᠠᠵᠤ ᠦᠢᠯᠡᠰ ᠤᠨ ᠪᠦᠯᠦᠭᠵᠢᠯ ᠢ ᠴᠣᠭᠴᠠᠯᠠᠵᠤ ᠪᠠᠶᠢᠨ᠎ᠠ᠃ | ᠣᠳᠣᠬᠠᠨ ᠳᠤ᠂ ᠪᠦᠭᠦ ᠬᠤᠰᠢᠭᠤᠨ ᠤ ᠦᠬᠡᠷ ᠤᠨ ᠲᠤᠭ᠎ᠠ 90.3 ᠲᠦᠮᠡ ᠳᠤ ᠬᠦᠷᠴᠦ᠂ ᠤᠯᠠᠭᠠᠨ ᠦᠬᠡᠷ ᠤᠨ | ᠲᠣᠮᠣ ᠭᠡᠯᠪᠡᠷᠢ ᠶᠢᠨ ᠠᠷᠠᠯᠵᠢᠶᠠᠨ ᠤ ᠵᠠᠬ᠎ᠠ ᠳᠡᠯᠭᠡᠭᠦᠷ 3᠂ ︽ᠠᠮᠢᠳᠤ ᠦᠬᠡᠷ ᠤᠨ ᠬᠠᠮ ᠳᠡᠯᠭᠡᠭᠦᠷ︾ 500 ᠭᠠᠷᠤᠢ | ᠪᠣᠯᠵᠤ᠂ ᠵᠢᠯ ᠤᠨ ᠦᠬᠡᠷ ᠤᠨ ᠠᠷᠠᠯᠵᠢᠶᠠᠨ ᠤ ᠬᠡᠮᠵᠢᠶ᠎ᠡ ᠨᠢ 100 ᠲᠦᠮᠡ ᠶᠢ ᠳᠠᠪᠠᠵᠠᠢ᠃ ᠵᠢᠷᠤᠭ ᠪᠣᠯ ᠬᠤᠷᠴᠢᠨ | ᠵᠡᠭᠦᠨ ᠭᠠᠷᠤᠨ ᠬᠤᠶᠢᠲᠤ ᠬᠤᠰᠢᠭᠤᠨ ᠤ ᠶᠡᠬᠡᠳᠡᠯ᠎ᠡ ᠶᠢᠨ ᠦᠬᠡᠷ ᠤᠨ ᠠᠷᠠᠯᠵᠢᠶᠠᠨ ᠤ ᠵᠠᠬ᠎ᠠ ᠶᠢᠨ ᠬᠡᠰᠡᠭ ᠦᠵᠡᠮᠵᠢ | ᠪᠣᠯᠣᠨ᠎ᠠ᠃ | | | | | | ᠲᠤᠰ ᠰᠣᠨᠢᠨ ᠤ ᠰᠤᠷᠪᠤᠯᠵᠢᠯᠠᠬᠴᠢ ᠮᠥᠩᠬᠡᠴᠢᠯᠠᠭᠤ ᠰᠡᠭᠦᠳᠡᠷᠯᠡᠪᠡ | |