ᠲᠡᠵᠢᠭᠡᠪᠦᠷᠢ ᠶᠢᠨ ᠡᠷᠦᠬᠡ ᠳᠤ ᠠᠪᠴᠤ ᠬᠡᠯᠡᠪᠡᠯ᠂ ᠵᠢᠷᠠᠭᠠᠬᠠᠢ ᠲᠡᠵᠢᠭᠡᠬᠦ ᠪᠣᠯ ᠬᠠᠪᠤᠷ ᠤᠨ ᠡᠬᠢᠨ ᠤ | ᠬᠠᠮᠤᠭ ᠤᠨ ᠲᠣᠮᠣ ᠶᠠᠪᠤᠳᠠᠯ ᠪᠣᠯᠣᠨ᠎ᠠ᠃ ᠡᠭᠦᠨ ᠢᠶᠠᠷ ᠪᠠᠷᠠᠬᠤ ᠦᠭᠡᠢ᠂ ᠵᠢᠷᠠᠭᠠᠬᠠᠢ ᠲᠠᠯᠪᠢᠵᠤ ᠲᠡᠵᠢᠭᠡᠬᠦ ᠨᠢ | ᠪᠦᠬᠦ᠋ᠢᠯᠡ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠪᠦᠲᠦᠵᠦ ᠪᠦᠷᠢᠯᠬᠦ ᠪᠠ ᠲᠡᠵᠢᠭᠡᠨ ᠦᠷᠡᠵᠢᠭᠦᠯᠬᠦ ᠦᠷ᠎ᠡ | ᠠᠰᠢᠭ ᠲᠠᠢ ᠬᠤᠯᠪᠣᠭᠳᠠᠨ᠎ᠠ᠃ ᠡᠶᠢᠮᠦ ᠠᠴᠠ ᠵᠢᠷᠠᠭᠠᠬᠠᠢ ᠲᠠᠯᠪᠢᠬᠤ ᠠᠵᠢᠯ ᠳᠤ ᠳᠣᠣᠷᠠᠬᠢ ᠬᠡᠳᠦᠨ ᠲᠠᠯ᠎ᠠ ᠶᠢᠨ | ᠠᠵᠢᠯ ᠢ ᠰᠠᠶᠢᠲᠤᠷ ᠬᠢᠬᠦ ᠬᠡᠷᠡᠭᠲᠡᠢ᠄ | ᠨᠢᠭᠡ᠂ ᠴᠥᠭᠦᠷᠥᠮ ᠤᠨ ᠮᠥᠰᠥᠨ ᠳᠠᠪᠬᠤᠷᠭ᠎ᠠ ᠶᠢ ᠴᠡᠪᠡᠷᠯᠡᠭᠰᠡᠨ ᠤ ᠲᠠᠷᠠᠭ᠎ᠠ᠂ ᠴᠥᠭᠦᠷᠥᠮ ᠤᠨ ᠤᠰᠤ ᠶᠢ | ᠲᠠᠯᠪᠢᠵᠤ ᠬᠠᠳᠠᠭᠠᠭᠠᠳ᠂ ᠴᠥᠭᠦᠷᠥᠮ ᠤᠨ ᠢᠷᠤᠭᠠᠷ ᠤᠨ ᠪᠤᠵᠠᠷ ᠰᠢᠪᠠᠷ ᠤᠨ ᠨᠢᠮᠭᠡᠨ ᠵᠤᠵᠠᠭᠠᠨ ᠤ ᠬᠡᠮᠵᠢᠶ᠎ᠡ ᠶᠢ | ᠦᠵᠡᠵᠦ ᠲᠤᠰ ᠲᠤᠰ ᠲᠤᠨᠢ ᠴᠡᠪᠡᠷᠯᠡᠨ᠎ᠡ᠂ ᠪᠤᠵᠠᠷ ᠰᠢᠪᠠᠷ ᠨᠢ ᠬᠡᠲᠦᠷᠬᠡᠢ ᠵᠤᠵᠠᠭᠠᠨ ᠨᠠᠭᠤᠷ ᠴᠥᠭᠦᠷᠥᠮ ᠠᠴᠠ ᠨᠢᠭᠡ | ᠳᠠᠪᠬᠤᠷᠭ᠎ᠠ ᠪᠤᠵᠠᠷ ᠰᠢᠪᠠᠷ ᠢ ᠭᠠᠷᠭᠠᠵᠤ ᠬᠠᠶᠠᠨ᠎ᠠ᠃ ᠪᠤᠵᠠᠷ ᠰᠢᠪᠠᠷ ᠢ ᠴᠡᠪᠡᠷᠯᠡᠭᠰᠡᠨ ᠤ ᠳᠠᠷᠠᠭ᠎ᠠ᠂ ᠨᠠᠭᠤᠷ ᠤᠨ | ᠢᠷᠤᠭᠠᠷ ᠢ ᠲᠡᠭᠰᠢᠯᠡᠨ ᠵᠠᠰᠠᠵᠤ᠂ ᠡᠳᠦᠷ ᠨᠢ ᠨᠡᠷᠡᠨ ᠳᠤ ᠡᠭᠡᠭᠡᠵᠦ᠂ ᠣᠷᠣᠢ ᠨᠢ ᠬᠥᠯᠳᠡᠭᠡᠵᠦ᠂ ᠨᠢᠭᠡ ᠭᠠᠷᠠᠭ ᠣᠷᠴᠢᠮ | ᠪᠣᠯᠪᠠᠯ ᠬᠥᠷᠥᠰᠥᠨ ᠳᠣᠲᠣᠷᠠᠬᠢ ᠣᠷᠭᠠᠨᠢᠭ ᠪᠣᠳᠠᠰ ᠰᠢᠮ᠎ᠡ ᠲᠡᠵᠢᠭᠡᠯ ᠤᠨ ᠳᠠᠪᠤᠰᠤᠨ ᠤ ᠲᠥᠷᠥᠯ ᠪᠣᠯᠭᠠᠨ | ᠬᠤᠪᠢᠷᠠᠬᠤ ᠶᠢ ᠲᠦᠷᠭᠡᠳᠬᠡᠵᠦ᠂ ᠡᠪᠡᠳᠴᠢᠨ ᠬᠤᠷᠣᠬᠠᠢ ᠶᠢᠨ ᠬᠥᠨᠥᠭᠡᠯ ᠢ ᠠᠷᠢᠯᠭᠠᠬᠤ ᠵᠣᠷᠢᠯᠭ᠎ᠠ ᠳᠠᠭᠠᠨ ᠭᠥᠷᠳᠡᠭ᠃ | ᠳᠠᠷᠠᠭ᠎ᠠ ᠳᠤᠨᠢ ᠴᠥᠭᠦᠷᠥᠮ ᠳᠠᠬᠢ ᠪᠤᠵᠠᠷ ᠡᠪᠡᠰᠦ ᠶᠢ ᠴᠡᠪᠡᠷᠯᠡᠨ ᠠᠷᠢᠯᠭᠠᠵᠤ᠂ ᠰᠢᠮᠡᠭᠦᠷ ᠬᠤᠷᠣᠬᠠᠢ ᠪᠠ ᠤᠰᠤᠨ ᠤ | ᠰᠢᠪᠠᠵᠢ ᠶᠢᠨ ᠥᠨᠳᠡᠭᠡᠯᠡᠬᠦ ᠭᠠᠵᠠᠷ ᠢ ᠪᠠᠭᠠᠰᠬᠠᠨ᠂ ᠲᠡᠵᠢᠭᠡᠨ ᠦᠷᠡᠵᠢᠭᠦᠯᠬᠦ ᠶᠠᠪᠤᠴᠠ ᠳᠤ ᠡᠪᠡᠳᠴᠢᠨ ᠤ ᠬᠥᠨᠥᠭᠡᠯ | ᠡᠭᠦᠰᠬᠦ ᠶᠢ ᠪᠠᠭᠠᠰᠬᠠᠨ᠎ᠠ᠃ | ᠬᠤᠶᠠᠷ᠂ ᠨᠠᠭᠤᠷ ᠴᠥᠭᠦᠷᠥᠮ ᠢ ᠠᠷᠢᠭᠤᠳᠬᠠᠨ ᠪᠣᠷᠳᠣᠭᠤᠷ ᠣᠷᠣᠭᠤᠯᠵᠤ ᠵᠢᠷᠠᠭᠠᠬᠠᠢ ᠲᠠᠯᠪᠢᠬᠤ ᠠᠴᠠ ᠠᠷᠪᠠᠨ | ᠡᠳᠦᠷ ᠠᠴᠠ ᠬᠠᠭᠠᠰ ᠰᠠᠷ᠎ᠠ ᠶᠢᠨ ᠡᠮᠦᠨ᠎ᠡ᠂ ᠨᠠᠭᠤᠷ ᠴᠥᠭᠦᠷᠥᠮ ᠳᠤ ᠮᠦ ᠪᠦᠷᠢ ᠳᠤ 120 ᠠᠴᠠ ᠬᠤᠶᠠᠷ ᠵᠠᠭᠤᠨ | ᠵᠢᠩ ᠲᠦᠭᠦᠬᠡᠢ ᠴᠣᠬᠤᠢ ᠶᠢ ᠬᠡᠷᠡᠭᠯᠡᠵᠦ᠂ ᠵᠢᠭᠤᠷᠠᠮᠠᠯ ᠢ ᠵᠢᠭᠳᠡ ᠪᠠᠷ ᠠᠰᠬᠠᠪᠠᠯ᠂ ᠴᠣᠬᠤᠢ ᠠᠴᠠ ᠶᠡᠭᠡ ᠬᠡᠮᠵᠢᠶᠡᠨ ᠤ | ᠢᠯᠴᠢ ᠡᠭᠦᠰᠬᠡᠵᠦ᠂ ᠤᠰᠤ ᠶᠢ ᠴᠢᠩᠭ᠎ᠠ ᠱᠦᠯᠲᠦᠯᠢᠭ ᠴᠢᠨᠠᠷ ᠲᠠᠢ ᠪᠣᠯᠭᠠᠵᠤ᠂ ᠬᠡᠭᠡᠷ᠎ᠡ ᠶᠢᠨ ᠡᠯᠳᠡᠪ ᠵᠢᠭᠠᠰᠤ ᠪᠠ | ᠬᠤᠣᠷ ᠲᠠᠢ ᠡᠪᠡᠳᠴᠢᠯᠡᠭᠦᠯᠬᠦ ᠪᠠᠺᠲ᠋ᠧᠷᠢ ᠵᠡᠷᠭᠡ ᠶᠢ ᠴᠡᠪᠡᠷᠯᠡᠨ ᠠᠷᠢᠯᠭᠠᠵᠤ᠂ ᠲᠡᠵᠢᠭᠡᠨ ᠦᠷᠡᠵᠢᠭᠦᠯᠬᠦ ᠤᠰᠤᠨ | ᠴᠣᠭᠴᠠ ᠳᠤ ᠺᠠᠯᠼᠯᠢᠭ ᠡᠳ᠋ ᠬᠠᠩᠭᠠᠨ᠎ᠠ᠃ ᠤᠰᠤᠨ ᠤ ᠳᠤᠯᠠᠭᠠᠨ ᠤ ᠬᠡᠮᠵᠢᠶ᠎ᠡ 10℃ ᠠᠴᠠ ᠳᠡᠭᠡᠭᠰᠢ ᠪᠣᠯᠪᠠᠯ | ᠰᠢᠨ᠎ᠡ ᠰᠣᠷᠭᠤᠭ ᠤᠰᠤ ︵ᠤᠰᠤᠨ ᠤ ᠭᠦᠨ ᠤ ᠬᠡᠮᠵᠢᠶ᠎ᠡ ᠨᠢ 1 ᠮᠧᠲᠷ ᠣᠷᠴᠢᠮ ᠪᠠᠶᠢᠬᠤ ᠶᠢ ᠰᠠᠨᠠᠭᠤᠯᠤᠨ᠎ᠠ︶ | ᠨᠡᠮᠡᠵᠦ᠂ ᠤᠰᠤ ᠣᠷᠣᠭᠤᠯᠬᠤ ᠳᠠᠭᠠᠨ ᠨᠢᠭᠲᠠ ᠲᠣᠣᠷ ᠢᠶᠠᠷ ᠱᠦᠭᠦᠵᠦ᠂ ᠬᠡᠭᠡᠷ᠎ᠡ ᠶᠢᠨ ᠬᠤᠯᠢᠮᠠᠭ ᠵᠢᠭᠠᠰᠤ᠂ | ᠬᠤᠷᠣᠬᠠᠢ ᠶᠢᠨ ᠥᠨᠳᠡᠭᠡ ᠣᠷᠣᠬᠤ ᠶᠢ ᠰᠡᠷᠭᠡᠶᠢᠯᠡᠨ᠎ᠡ᠃ ᠵᠢᠷᠠᠭᠠᠬᠠᠢ ᠶᠢ ᠲᠠᠯᠪᠢᠬᠤ ᠠᠴᠠ ᠡᠮᠦᠨ᠎ᠡ ᠲᠠᠪᠤ ᠠᠴᠠ | ᠲᠤᠯᠤᠭᠠᠨ ᠡᠳᠦᠷ ᠲᠤ ᠪᠣᠷᠳᠣᠭᠤᠷ ᠣᠷᠣᠭᠤᠯᠵᠤ᠂ ᠬᠦᠴᠢᠯ ᠱᠦᠯᠲᠦ ᠶᠢᠨ ᠬᠡᠮᠵᠢᠶ᠎ᠡ ︵pH ᠬᠡᠮᠵᠢᠭᠳᠡᠯ︶ ᠶᠢᠨ | ᠡᠳᠦᠷ ᠤᠨ ᠬᠤᠪᠢᠷᠠᠯᠲᠠ ᠶᠢ 0.2 ᠠᠴᠠ ᠪᠠᠭ᠎ᠠ ᠪᠠᠶᠢᠯᠭᠠᠵᠤ᠂ ᠠᠭᠤᠰᠬᠤ ᠬᠦᠴᠢᠯᠲᠥ᠋ᠷᠥᠭᠴᠢ ᠶᠢᠨ ᠬᠤᠪᠢᠷᠠᠯᠲᠠ ᠶᠢ | 0.5 ᠮᠢᠯᠢᠭᠷᠡᠮ/ ᠯᠢᠲᠷ ᠠᠴᠠ ᠪᠠᠭ᠎ᠠ ᠪᠠᠶᠢᠯᠭᠠᠬᠤ ᠶᠢ ᠪᠠᠲᠤᠯᠠᠬᠤ ᠶᠢᠨ ᠬᠠᠮᠲᠤ ᠤᠰᠤᠨ ᠳᠣᠲᠣᠷᠠᠬᠢ ᠵᠠᠮᠠᠭ ᠤᠨ | ᠲᠦᠷᠦᠯ᠂ ᠮᠢᠺᠷᠣᠪ᠂ ᠬᠥᠪᠥᠮᠡᠯ ᠠᠮᠢᠳᠠᠨ ᠵᠢᠴᠢ ᠢᠷᠤᠭᠠᠷ ᠲᠤ ᠣᠷᠣᠩᠨᠠᠬᠤ ᠠᠮᠢᠳᠠᠨ ᠳᠤ ᠴᠥᠮ ᠬᠦᠷᠦᠯᠴᠡᠬᠦᠶᠢᠴᠡ | ᠲᠤᠭ᠎ᠠ ᠬᠡᠮᠵᠢᠶ᠎ᠡ ᠲᠠᠢ ᠪᠠᠶᠢᠯᠭᠠᠨ᠎ᠠ᠃ | ᠭᠤᠷᠪᠠ᠂ ᠲᠣᠬᠢᠷᠠᠮᠵᠢᠲᠠᠢ ᠦᠶ᠎ᠡ ᠳᠤ ᠵᠢᠷᠠᠭᠠᠬᠠᠢ ᠶᠢ ᠲᠠᠯᠪᠢᠵᠤ ᠲᠡᠵᠢᠭᠡᠬᠦ ᠳᠡᠭᠡᠨ ᠪᠤᠶᠢᠵᠢᠯᠲᠠ ᠰᠠᠶᠢᠲᠠᠢ᠂ ᠪᠡᠶ᠎ᠡ | ᠴᠢᠭᠢᠷᠠᠭ᠂ ᠤᠮᠪᠠᠯᠲᠠ ᠶᠢᠨ ᠲᠠᠯ᠎ᠠ ᠪᠠᠷ ᠴᠣᠪᠣᠭᠤᠯᠢᠭ ᠪᠥᠭᠡᠳ ᠭᠡᠮᠲᠦᠯ ᠦᠭᠡᠢ ᠰᠢᠯᠢᠳᠡᠭ ᠦᠷ᠎ᠡ ᠵᠢᠷᠠᠭᠠᠬᠠᠢ ᠶᠢ | ᠰᠣᠩᠭᠤᠵᠤ᠂ ᠴᠢᠳᠠᠬᠤ ᠶᠢᠨ ᠳᠣᠲᠣᠷ᠎ᠠ ᠳᠤᠯᠠᠭᠠᠨ ᠤ ᠬᠡᠮᠵᠢᠶ᠎ᠡ 10℃ ᠠᠴᠠ ᠳᠡᠭᠡᠭᠰᠢ ᠪᠠᠶᠢᠯᠭᠠᠵᠤ᠂ ᠲᠡᠭᠷᠢ ᠴᠡᠯᠮᠡᠭ | ᠦᠶ᠎ᠡ ᠳᠤ ᠵᠢᠷᠠᠭᠠᠬᠠᠢ ᠲᠠᠯᠪᠢᠪᠠᠯ ᠰᠠᠶᠢᠨ᠂ ᠵᠢᠷᠠᠭᠠᠬᠠᠢ ᠶᠢ ᠬᠥᠯᠳᠡᠭᠡᠵᠦ ᠰᠢᠷᠬᠠᠲᠤᠭᠤᠯᠬᠤ ᠠᠴᠠ ᠰᠡᠷᠭᠡᠶᠢᠯᠡᠬᠦ ᠬᠡᠷᠡᠭᠲᠡᠢ᠃ | ᠵᠢᠷᠠᠭᠠᠬᠠᠢ ᠶᠢ ᠴᠥᠭᠦᠷᠥᠮ ᠳᠤ ᠣᠷᠣᠭᠤᠯᠬᠤ ᠦᠶ᠎ᠡ ᠳᠤ ᠵᠠᠭᠤᠨ ᠤ ᠨᠢᠭᠡ ᠠᠴᠠ ᠵᠠᠭᠤᠨ ᠤ ᠳᠥᠷᠪᠡ ᠶᠢᠨ | ᠳᠠᠪᠤᠰᠤ ᠲᠠᠢ ᠤᠰᠤᠨ ᠳᠤ ᠲᠠᠪᠤ ᠠᠴᠠ ᠠᠷᠪᠠᠨ ᠮᠢᠨᠦ᠋ᠲ ᠳᠡᠪᠲᠦᠭᠡᠨ ᠤᠬᠢᠶᠠᠵᠤ ᠪᠣᠯᠣᠨ᠎ᠠ᠃ ᠴᠥᠭᠦᠷᠥᠮ ᠤᠨ | ᠬᠥᠪᠡᠭᠡᠨ ᠳᠤ ᠵᠢᠷᠠᠭᠠᠬᠠᠢ ᠶᠢ ᠤᠰᠤᠨ ᠳᠤ ᠨᠢᠭᠡ ᠬᠤᠭᠤᠴᠠᠭ᠎ᠠ ᠳᠡᠪᠲᠦᠭᠡᠵᠦ ᠣᠷᠴᠢᠨ ᠲᠣᠭᠤᠷᠢᠨ ᠳᠤ ᠨᠢ | ᠵᠣᠬᠢᠴᠠᠭᠤᠯᠤᠨ᠎ᠠ᠂ ᠤᠭᠤᠲᠠᠨ ᠳᠣᠲᠣᠷᠠᠬᠢ ᠳᠤᠯᠠᠭᠠᠨ ᠪᠠ ᠴᠥᠭᠦᠷᠥᠮ ᠤᠨ ᠤᠰᠤᠨ ᠤ ᠳᠤᠯᠠᠭᠠᠨ ᠤ ᠬᠡᠮᠵᠢᠶ᠎ᠡ ᠲᠠᠢ | ᠣᠶᠢᠷᠠᠯᠴᠠᠭ᠎ᠠ ᠪᠣᠯᠣᠭᠰᠠᠨ ᠤ ᠳᠠᠷᠠᠭ᠎ᠠ᠂ ᠵᠢᠷᠠᠭᠠᠬᠠᠢ ᠶᠢ ᠥᠪᠡᠷᠲᠡᠭᠡᠨ ᠤᠮᠪᠠᠭᠤᠯᠤᠨ ᠭᠠᠷᠭᠠᠬᠤ ᠪᠤᠶᠤ ᠠᠯᠭᠤᠷ | ᠠᠭᠠᠵᠢᠮ ᠢᠶᠠᠷ ᠲᠠᠯᠪᠢᠵᠤ ᠭᠠᠷᠭᠠᠨ᠎ᠠ᠃ | ᠳᠥᠷᠪᠡ᠂ ᠤᠰᠤᠨ ᠤ ᠴᠢᠨᠠᠷ ᠢ ᠬᠠᠮᠢᠶᠠᠷᠬᠤ ᠪᠠ ᠬᠠᠪᠤᠷ ᠤᠨ ᠤᠯᠠᠷᠢᠯ ᠤᠨ ᠵᠢᠭᠠᠰᠤᠨ ᠤ ᠡᠪᠡᠳᠴᠢᠨ ᠢ | ᠰᠡᠷᠭᠡᠶᠢᠯᠡᠬᠦ ᠳᠤ ᠬᠠᠪᠤᠷ ᠤᠨ ᠤᠯᠠᠷᠢᠯ ᠤᠨ ᠴᠥᠭᠦᠷᠥᠮ ᠤᠨ ᠤᠰᠤᠨ ᠤ ᠲᠦᠪᠰᠢᠨ ᠢ ᠨᠢᠭᠡ ᠮᠧᠲᠷ ᠣᠷᠴᠢᠮ ᠢᠶᠠᠷ | ᠭᠦᠢᠬᠡᠨ ᠰᠢᠭ ᠪᠠᠶᠢᠯᠭᠠᠵᠤ ᠪᠣᠯᠣᠨ᠎ᠠ᠂ ᠢᠩᠭᠢᠪᠡᠯ ᠤᠰᠤᠨ ᠤ ᠬᠠᠯᠠᠭᠤᠨ ᠢ ᠳᠡᠭᠡᠭᠰᠢᠯᠡᠭᠦᠯᠬᠦ ᠳᠤ ᠪᠠᠶᠢᠳᠠᠯ ᠢ ᠨᠢ | ᠦᠵᠡᠵᠦ ᠪᠠᠶᠢᠭᠠᠳ ᠠᠮᠢᠳᠤ ᠪᠣᠳᠠᠰ ᠤᠨ ᠤᠰᠤ ᠲᠣᠬᠢᠷᠠᠭᠤᠯᠬᠤ ᠡᠳ᠋ ᠢ ᠬᠡᠷᠡᠭᠯᠡᠵᠦ᠂ ᠴᠥᠭᠦᠷᠥᠮ ᠤᠨ ᠤᠰᠤᠨ ᠤ | ᠰᠢᠮᠡᠲᠡᠢ ᠪᠠᠶᠢᠬᠤ ᠶᠢ ᠪᠠᠲᠤᠯᠠᠨ᠎ᠠ᠃ ᠬᠠᠪᠤᠷ ᠤᠨ ᠤᠯᠠᠷᠢᠯ ᠤᠨ ᠭᠤᠷᠪᠠᠨ ᠰᠠᠷ᠎ᠠ ᠳᠤ᠂ ᠠᠭᠠᠷ ᠤᠨ ᠳᠤᠯᠠᠭᠠᠨ ᠪᠠᠰᠠ | ᠳᠣᠣᠷ᠎ᠠ ᠪᠠᠶᠢᠵᠤ᠂ ᠡᠭᠦᠨ ᠤ ᠳᠡᠭᠡᠷ᠎ᠡ ᠡᠪᠦᠯᠵᠢᠭᠰᠡᠨ ᠤ ᠳᠠᠷᠠᠭ᠎ᠠ ᠵᠢᠭᠠᠰᠤᠨ ᠤ ᠲᠥᠷᠥᠯ ᠤᠨ ᠡᠪᠡᠳᠴᠢᠨ ᠢ ᠡᠰᠡᠷᠭᠦᠴᠡᠬᠦ | ᠴᠢᠳᠠᠪᠤᠷᠢ ᠨᠢ ᠨᠡᠯᠢᠶᠡᠳ ᠠᠨᠠᠢ ᠪᠠᠶᠢᠵᠤ᠂ ᠤᠰᠤᠨ ᠤ ᠬᠥᠭᠡᠴᠦ ᠡᠪᠡᠳᠴᠢᠨ᠂ ᠪᠣᠰᠤᠭ᠎ᠠ ᠬᠠᠶᠢᠷᠰᠤᠲᠤ ᠡᠪᠡᠳᠴᠢᠨ᠂ | ᠤᠯᠠᠭᠠᠨ ᠠᠷᠠᠰᠤᠲᠤ ᠡᠪᠡᠳᠴᠢᠨ ᠵᠡᠷᠭᠡ ᠬᠠᠮᠤᠭ ᠤᠨ ᠠᠮᠠᠷᠬᠠᠨ ᠬᠠᠯᠳᠠᠪᠤᠷᠢᠯᠠᠳᠠᠭ ᠪᠣᠯᠬᠤᠷ ᠰᠡᠷᠭᠡᠶᠢᠯᠡᠨ | ᠵᠠᠰᠠᠬᠤ ᠳᠠᠭᠠᠨ ᠾᠯᠣᠷ ᠤᠨ ᠳᠠᠪᠬᠤᠷ ᠢᠰᠦᠯ ᠵᠡᠷᠭᠡ ᠪᠠᠷ ᠠᠷᠢᠭᠤᠳᠬᠠᠵᠤ ᠪᠣᠯᠣᠨ᠎ᠠ᠃ ᠵᠢᠵᠢᠭ ᠬᠡᠮᠬᠡ ᠶᠢᠨ ᠬᠤᠷᠣᠬᠠᠢ᠂ | ᠲᠡᠷᠭᠡᠨ ᠬᠦᠷᠳᠦᠨ ᠤ ᠬᠤᠷᠣᠬᠠᠢ᠂ ᠵᠠᠩᠭᠤᠤ ᠶᠢᠨ ᠲᠣᠯᠣᠭᠠᠢ ᠬᠤᠷᠣᠬᠠᠢ᠂ ᠭᠤᠷᠪᠠᠨ ᠦᠶ᠎ᠡ ᠶᠢᠨ ᠬᠤᠷᠣᠬᠠᠢ ᠵᠡᠷᠭᠡ | ᠰᠢᠮᠡᠭᠦᠷ ᠬᠤᠷᠣᠬᠠᠢ ᠶᠢᠨ ᠡᠪᠡᠳᠴᠢᠨ ᠳᠤ ᠬᠤᠷᠣᠬᠠᠢ ᠠᠯᠠᠬᠤ ᠡᠮ ᠢ ᠬᠡᠷᠡᠭᠯᠡᠵᠦ ᠪᠣᠯᠣᠨ᠎ᠠ᠃ ᠰᠢᠮᠡᠭᠦᠷ ᠬᠤᠷᠣᠬᠠᠢ ᠶᠢ | ᠵᠠᠰᠠᠭᠰᠠᠨ ᠤ ᠳᠠᠷᠠᠭ᠎ᠠ ᠳᠠᠬᠢᠨ ᠠᠷᠢᠭᠤᠳᠬᠠᠬᠤ ᠡᠮ ᠢᠶᠠᠷ ᠪᠦᠬᠦ ᠲᠠᠲᠠᠭᠠᠯ ᠳᠤ ᠰᠠᠴᠤᠨ ᠠᠷᠢᠭᠤᠳᠬᠠᠵᠤ᠂ | ᠪᠠᠺᠲ᠋ᠧᠷᠢ ᠶᠢᠨ ᠴᠢᠨᠠᠷᠲᠠᠢ ᠡᠪᠡᠳᠴᠢᠨ ᠳᠤ ᠦᠷᠭᠦᠯᠵᠢᠯᠡᠨ ᠬᠠᠯᠳᠠᠪᠤᠷᠢᠯᠠᠬᠤ ᠠᠴᠠ ᠰᠡᠷᠭᠡᠶᠢᠯᠡᠨ᠎ᠡ᠃ | ᠬᠠᠪᠤᠷ ᠤᠨ ᠤᠯᠠᠷᠢᠯ ᠳᠤ ᠵᠢᠷᠠᠭᠠᠬᠠᠢ ᠶᠢ ᠲᠠᠯᠪᠢᠵᠤ ᠲᠡᠵᠢᠭᠡᠬᠦ ᠳᠤ ᠨᠠᠷᠢᠨ ᠬᠠᠮᠢᠶᠠᠷᠤᠯᠲᠠ ᠶᠢ ᠴᠢᠬᠤᠯᠠᠴᠢᠯᠠᠵᠤ᠂ | ᠨᠠᠭᠤᠷ ᠢ ᠴᠡᠪᠡᠷᠯᠡᠵᠦ ᠠᠷᠢᠭᠤᠳᠬᠠᠬᠤ ᠠᠴᠠ ᠤᠰᠤᠨ ᠤ ᠴᠢᠨᠠᠷ ᠢ ᠬᠠᠮᠢᠶᠠᠷᠬᠤ ᠬᠦᠷᠲᠡᠯ᠎ᠡ᠂ ᠠᠯᠬᠤᠮ ᠪᠦᠷᠢ ᠳᠤ | ᠲᠡᠵᠢᠭᠡᠨ ᠦᠷᠡᠵᠢᠭᠦᠯᠬᠦ ᠠᠵᠢᠯ ᠤᠨ ᠪᠦᠲᠦᠮᠵᠢ ᠶᠢ ᠰᠢᠭᠤᠳ ᠨᠥᠯᠥᠭᠡᠯᠡᠳᠡᠭ᠃ ᠬᠠᠮᠢᠶᠠᠷᠤᠯᠲᠠ ᠶᠢ ᠨᠠᠷᠢᠯᠢᠭᠵᠢᠭᠤᠯᠬᠤ᠂ | ᠰᠡᠷᠭᠡᠶᠢᠯᠡᠬᠦ ᠪᠠᠷ ᠭᠤᠣᠯ ᠪᠣᠯᠭᠠᠬᠤ ᠵᠠᠷᠴᠢᠮ ᠢᠶᠠᠷ ᠳᠡᠮᠵᠢᠨ᠂ ᠵᠢᠷᠠᠭᠠᠬᠠᠢ ᠶᠢᠨ ᠤᠨᠳᠤᠷᠤᠯᠲᠠ ᠶᠢᠨ ᠨᠣᠷᠮ᠎ᠠ ᠶᠢ | ᠪᠦᠲᠦᠮᠵᠢᠲᠡᠶ ᠳᠡᠭᠡᠭᠰᠢᠯᠡᠭᠦᠯᠵᠦ᠂ ᠪᠥᠬᠦ ᠵᠢᠯ ᠤᠨ ᠡᠯᠪᠡᠭ ᠬᠤᠷᠢᠶᠠᠯᠲᠠ ᠳᠤ ᠰᠠᠭᠤᠷᠢ ᠲᠠᠯᠪᠢᠵᠤ ᠥᠭᠬᠦ ᠬᠡᠷᠡᠭᠲᠡᠢ᠃ |