ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠶᠢᠨ 2025 ᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠦᠴᠦᠯᠡᠨ ᠠᠬᠢᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2025/4/2
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠳᠤ᠄      ︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ᠂ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ᠂ ᠤᠯᠤᠰ ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠶᠢᠨ ᠠᠯᠪᠠᠨ ᠭᠡᠷ ᠤᠨ 2025 ᠣᠨ ᠤ ᠲᠠᠷᠢᠶᠠᠯᠠᠩ ᠤᠨ ᠮᠠᠰᠢᠨ  ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠬᠦ ᠲᠤᠬᠠᠢ ᠮᠡᠳᠡᠭᠳᠡᠯ︾ ︵ᠲᠠᠷᠢᠶᠠᠯᠠᠩ ᠠᠯᠪᠠᠨ ﹇2025﹈ 3 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠳᠤ ᠨᠥᠬᠦᠪᠦᠷᠢ ᠥᠭᠬᠦ ᠠᠵᠢᠯ ᠤᠨ ᠬᠡᠷᠡᠭᠵᠢᠭᠦᠯᠬᠦ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠮᠠᠰᠢᠨ ᠲᠠᠷᠬᠠᠭᠠᠭᠰᠠᠨ ﹇2024﹈ 501 ᠳ᠋ᠦ᠋ᠭᠡᠷ ᠲᠣᠭᠠᠲᠤ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠤᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠦᠷᠢ ᠶᠢᠨ ᠠᠵᠢᠯ ᠤᠨ ᠬᠡᠷᠡᠭᠵᠢᠭᠦᠯᠬᠦᠲᠥᠰᠥᠯ﹀ ᠤᠨ ᠲᠤᠬᠠᠢ ᠨᠥᠬᠦᠪᠦᠷᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠮᠠᠰᠢᠨ ᠲᠠᠷᠬᠠᠭᠠᠭᠰᠠᠨ ﹇2024﹈ 652 ᠳ᠋ᠤᠭᠠᠷ ᠲᠣᠭᠠᠲᠤ᠂ ᠳᠣᠷᠣᠭᠰᠢ ︽ᠨᠥᠬᠦᠪᠦᠷᠢ ᠮᠡᠳᠡᠭᠳᠡᠯ︾ ᠭᠡᠵᠦ ᠲᠣᠪᠴᠢᠯᠠᠨ᠎ᠠ︶ ᠤᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ  ᠲᠠᠢ ᠵᠥᠪᠳᠡᠯᠴᠡᠨ᠂ 2025 ᠣᠨ ᠤ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠦᠷᠢ ᠶᠢᠨ ᠠᠵᠢᠯ ᠢ ᠬᠦᠴᠦᠯᠡᠨ ᠰᠠᠶᠢᠲᠤᠷ ᠬᠢᠬᠦ ᠲᠤᠬᠠᠢ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠨᠥᠬᠦᠪᠦᠷᠢ ᠥᠭᠬᠦ ᠬᠡᠪᠴᠢᠶ᠎ᠡ ᠶᠢ ᠥᠷᠭᠡᠳᠬᠡᠨ᠎ᠡ      ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠳᠤ ᠨᠥᠬᠦᠪᠦᠷᠢ ᠥᠭᠬᠦ ᠮᠠᠰᠢᠨ ᠪᠠᠭᠠᠵᠢ ᠶᠢ 27 ᠲᠦᠷᠦᠯ ᠳᠤ ᠬᠦᠷᠲᠡᠯ᠎ᠡ ᠥᠷᠭᠡᠳᠬᠡᠨ᠎ᠡ᠃ ︽ᠨᠥᠬᠦᠪᠦᠷᠢ ᠮᠡᠳᠡᠭᠳᠡᠯ︾ ᠳᠤ ᠲᠣᠳᠣᠷᠬᠠᠢ ᠲᠣᠭᠲᠠᠭᠠᠭᠰᠠᠨ 15 ᠲᠥᠷᠥᠯ ᠤᠨ ᠰᠠᠭᠤᠷᠢᠨ ᠳᠡᠭᠡᠷ᠎ᠡ᠂ ᠤᠰᠤᠨ ᠲᠤᠲᠤᠷᠭ᠎ᠠ ᠶᠢᠨ ᠴᠢᠬᠢ ᠬᠠᠶᠠᠬᠤ ᠮᠠᠰᠢᠨ᠂ ᠲᠠᠷᠢᠶᠠᠨ ᠠᠵᠢᠯ ᠤᠨ ᠬᠢᠨᠠᠨ ᠬᠡᠮᠵᠢᠬᠦ ᠦᠵᠦᠭᠦᠷ᠂ ᠤᠷᠭᠤᠮᠠᠯ ᠤᠨ ᠬᠠᠮᠠᠭᠠᠯᠠᠯᠲᠠ ᠶᠢᠨ ᠵᠢᠯᠣᠭᠤᠴᠢ ᠦᠭᠡᠢ ᠨᠢᠰᠬᠡᠯ ︵ᠤᠷᠭᠤᠮᠠᠯ ᠤᠨ ᠬᠠᠮᠠᠭᠠᠯᠠᠯᠲᠠ ᠶᠢᠨ ᠵᠢᠯᠣᠭᠤᠴᠢ ᠦᠭᠡᠢ ᠠᠭᠠᠷ ᠤᠨ ᠨᠢᠰᠦᠭᠦᠷ︶᠂ ᠠᠮᠤ ᠪᠤᠳᠠᠭ᠎ᠠ ᠬᠠᠳᠠᠭᠠᠬᠤ ᠮᠠᠰᠢᠨ ︵ᠬᠠᠲᠠᠭᠠᠬᠤ ᠮᠠᠰᠢᠨ︶᠂ ᠥᠩᠭᠡ ᠰᠢᠯᠢᠬᠦ ᠮᠠᠰᠢᠨ᠂ ᠨᠤᠨᠳᠠᠭᠯᠠᠬᠤ ᠮᠠᠰᠢᠨ᠂ ᠠᠨᠵᠢᠰᠤ᠂ ᠳᠤᠮᠳᠠ ᠵᠡᠷᠭᠡ ᠶᠢᠨ ᠲᠠᠷᠢᠶᠠᠯᠠᠭ᠎ᠠ ᠶᠢᠨ ᠮᠠᠰᠢᠨ᠂ ᠡᠪᠡᠰᠦ ᠬᠠᠳᠤᠬᠤ ︵ᠬᠠᠪᠲᠠᠭᠠᠶᠢᠯᠠᠬᠤ︶ ᠮᠠᠰᠢᠨ᠂ ᠡᠷᠭᠢᠯᠳᠦᠭᠦᠯᠦᠨ ᠬᠠᠭᠠᠯᠪᠤᠷᠢᠯᠠᠬᠤ ᠮᠠᠰᠢᠨ᠂ ᠨᠠᠷᠬ᠎ᠠ ︵ᠲᠣᠭᠤᠷᠢᠭ ᠲᠠᠪᠠᠭᠲᠤ ᠨᠠᠷᠬ᠎ᠠ᠂ ᠬᠥᠳᠡᠯᠭᠡᠭᠦᠷ ᠨᠠᠷᠬ᠎ᠠ︶᠂ ᠠᠮᠤ ᠪᠤᠳᠠᠭ᠎ᠠ ᠳᠠᠮᠵᠢᠭᠤᠯᠬᠤ ︵ᠳᠡᠭᠡᠭᠰᠢᠯᠡᠭᠦᠯᠬᠦ︶ ᠮᠠᠰᠢᠨ ᠵᠡᠷᠭᠡ 12 ᠲᠥᠷᠥᠯ ᠢ ᠰᠢᠨ᠎ᠡ ᠪᠠᠷ ᠨᠡᠮᠡᠭᠳᠡᠭᠦᠯᠦᠨ᠎ᠡ᠃      ᠬᠤᠶᠠᠷ᠂ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ      ︽ᠨᠥᠬᠦᠪᠦᠷᠢ ᠮᠡᠳᠡᠭᠳᠡᠯ︾ ᠤᠨ ᠬᠡᠷᠡᠭᠯᠡᠭᠡᠨ ᠠᠴᠠ ᠭᠠᠷᠭᠠᠬᠤ ᠶᠢᠨ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠤᠬᠠᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠤᠰᠤᠨ ᠲᠤᠲᠤᠷᠭ᠎ᠠ ᠶᠢᠨ ᠴᠢᠬᠢ ᠬᠠᠶᠠᠬᠤ ᠮᠠᠰᠢᠨ ᠢ ᠬᠡᠷᠡᠭᠯᠡᠭᠡᠨ ᠠᠴᠠ ᠭᠠᠷᠭᠠᠬᠤ ᠶᠢᠨ ᠬᠠᠮᠲᠤ ᠠᠳᠠᠯᠢ ᠲᠥᠷᠥᠯ ᠤᠨ ᠮᠠᠰᠢᠨ ᠪᠠᠭᠠᠵᠢ ᠶᠢ ᠰᠢᠨ᠎ᠡ ᠪᠠᠷ ᠬᠤᠳᠠᠯᠳᠤᠨ ᠠᠪᠬᠤ ᠳᠤ ᠬᠡᠷᠡᠭᠯᠡᠭᠡᠨ ᠠᠴᠠ ᠭᠠᠷᠭᠠᠬᠤ ᠶᠢᠨ ᠨᠥᠬᠦᠪᠦᠷᠢ ᠶᠢᠨ ᠪᠠᠷᠢᠮᠵᠢᠶ᠎ᠠ ᠶᠢ 50% ᠪᠠᠷ ᠳᠡᠭᠡᠭᠰᠢᠯᠡᠭᠦᠯᠵᠦ᠂ ᠭᠠᠭᠴᠠ ᠰᠠᠤᠷᠢ ᠬᠡᠷᠡᠭᠯᠡᠭᠡᠨ ᠠᠴᠠ ᠭᠠᠷᠭᠠᠬᠤ ᠶᠢᠨ ᠬᠠᠮᠤᠭ ᠤᠨ ᠥᠨᠳᠥᠷ ᠨᠥᠬᠦᠪᠦᠷᠢ ᠶᠢᠨ ᠲᠤᠭ᠎ᠠ ᠶᠢ 3 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ᠲᠠᠷᠢᠶᠠᠯᠠᠩ ᠳᠤ ᠬᠡᠷᠡᠭᠯᠡᠬᠦ ᠳᠣᠬᠢᠭᠤᠷ ᠲᠤᠯᠤᠭᠠᠨ ᠣᠲᠣ ᠬᠠᠪᠰᠤᠷᠤᠨ ᠵᠢᠯᠤᠭᠤᠳᠬᠤ ᠰᠢᠰᠲ᠋ᠧᠮ᠂ ᠲᠠᠷᠢᠶᠠᠨ ᠠᠵᠢᠯ ᠤᠨ ᠬᠢᠨᠠᠨ ᠬᠡᠮᠵᠢᠬᠦ ᠦᠵᠦᠭᠦᠷ᠂ ᠤᠷᠭᠤᠮᠠᠯ ᠤᠨ ᠬᠠᠮᠠᠭᠠᠯᠠᠯᠲᠠ ᠶᠢᠨ ᠵᠢᠯᠣᠭᠤᠴᠢ ᠦᠭᠡᠢ ᠨᠢᠰᠬᠡᠯ ᠢ ᠬᠡᠷᠡᠭᠯᠡᠭᠡᠨ ᠠᠴᠠ ᠭᠠᠷᠭᠠᠬᠤ ᠶᠢᠨ ᠬᠠᠮᠲᠤ ᠰᠢᠨᠡᠳᠬᠡᠬᠦ ᠳᠤ ᠬᠡᠷᠡᠭᠯᠡᠭᠡᠨ ᠠᠴᠠ ᠭᠠᠷᠭᠠᠬᠤ ᠨᠥᠬᠦᠪᠦᠷᠢ ᠶᠢᠨ ᠪᠠᠷᠢᠮᠵᠢᠶ᠎ᠠ ᠶᠢ 50% ᠪᠠᠷ ᠳᠡᠭᠡᠭᠰᠢᠯᠡᠭᠦᠯᠵᠦ᠂ ᠳᠡᠭᠡᠷᠡᠬᠢ 3 ᠲᠥᠷᠥᠯ ᠤᠨ ᠮᠠᠰᠢᠨ ᠪᠠᠭᠠᠵᠢ ᠲᠥᠬᠦᠭᠡᠷᠦᠮᠵᠢ ᠶᠢ ᠬᠡᠷᠡᠭᠯᠡᠭᠡᠨ ᠠᠴᠠ ᠭᠠᠷᠭᠠᠬᠤ ᠨᠥᠬᠦᠪᠦᠷᠢ ᠶᠢ ᠭᠤᠶᠤᠴᠢᠯᠠᠨ ᠠᠪᠬᠤ ᠳᠤ ᠠᠳᠠᠯᠢ ᠲᠥᠷᠥᠯ ᠤᠨ ᠰᠢᠨ᠎ᠡ ᠮᠠᠰᠢᠨ ᠪᠠᠭᠠᠵᠢ ᠶᠢᠨ ᠲᠥᠬᠦᠭᠡᠷᠦᠮᠵᠢ ᠬᠤᠳᠠᠯᠳᠤᠨ ᠠᠪᠬᠤ ᠪᠠᠷ ᠤᠷᠢᠲᠠᠯ ᠪᠣᠯᠭᠠᠬᠤ ᠬᠡᠷᠡᠭᠲᠡᠢ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠨᠥᠬᠦᠪᠦᠷᠢ ᠶᠢᠨ ᠬᠡᠪᠴᠢᠶᠡᠨ ᠳᠤ ᠬᠠᠷᠠᠬᠠᠨ ᠣᠷᠣᠭᠤᠯᠤᠭᠠᠳᠤᠢ ᠲᠠᠷᠢᠶᠠᠨ ᠠᠵᠢᠯ ᠤᠨ ᠬᠢᠨᠠᠨ ᠬᠡᠮᠵᠢᠬᠦ ᠦᠵᠦᠭᠦᠷ ᠲᠤ ᠳᠡᠭᠡᠷ᠎ᠡ ᠵᠢᠯ ᠤᠨ ᠠᠳᠠᠯᠢ ᠲᠠᠰ ᠤᠨ ᠦᠢᠯᠡᠳᠬᠦᠨ ᠤ ᠵᠠᠬ᠎ᠠ ᠳᠡᠯᠭᠡᠭᠦᠷ ᠤᠨ ᠪᠣᠷᠣᠯᠠᠭᠤᠯᠤᠯᠲᠠ ᠶᠢᠨ ᠳᠤᠮᠳᠠᠴᠢ ᠦᠨ᠎ᠡ ᠶᠢᠨ 30% ᠠᠴᠠ ᠬᠡᠲᠦᠷᠡᠭᠦᠯᠬᠦ ᠦᠭᠡᠢ ᠪᠠᠷ ᠰᠢᠨᠡᠳᠬᠡᠬᠦ ᠨᠥᠬᠦᠪᠦᠷᠢ ᠶᠢᠨ ᠪᠠᠷᠢᠮᠵᠢᠶ᠎ᠠ ᠶᠢ ᠲᠣᠭᠲᠠᠭᠠᠨ᠎ᠠ᠃ ᠡᠯ᠎ᠡ ᠲᠦᠷᠦᠯ ᠤᠨ ᠮᠠᠰᠢᠨ ᠪᠠᠭᠠᠵᠢ ᠶᠢᠨ ᠨᠥᠬᠦᠪᠦᠷᠢ ᠶᠢᠨ ᠪᠠᠷᠢᠮᠵᠢᠶ᠎ᠠ ᠶᠢ ᠳᠠᠭᠠᠯᠳᠤᠭᠤᠯᠤᠯ ᠳᠤ ᠨᠠᠷᠢᠪᠴᠢᠯᠠᠨ ᠦᠵᠡᠭᠡᠷᠡᠢ᠃      ᠭᠤᠷᠪᠠ᠂ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠨ᠎ᠠ        ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠨᠢ ᠤᠯᠤᠰ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠤᠨ ᠥᠪᠡᠷᠲᠡᠭᠡᠨ ᠵᠠᠰᠠᠬᠤ ᠣᠷᠣᠨ ᠤ 2025 ᠣᠨ ᠳᠤ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠡᠳ᠋ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠬᠦᠴᠦᠯᠡᠨ ᠥᠷᠭᠡᠳᠬᠡᠵᠦ ᠬᠡᠷᠡᠭᠵᠢᠭᠦᠯᠬᠦ ᠲᠤᠬᠠᠢ ᠮᠡᠳᠡᠭᠳᠡᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠣᠷᠴᠢᠨ ᠲᠣᠭᠤᠷᠢᠨ ᠥᠰᠥᠭ ﹇2025﹈ 279 ᠳ᠋ᠦ᠋ᠭᠡᠷ ᠲᠣᠭᠠᠲᠤ︶ ᠵᠡᠷᠭᠡ ᠱᠠᠭᠠᠷᠳᠠᠯᠭ᠎ᠠ ᠶᠣᠰᠣᠭᠠᠷ᠂ ᠣᠷᠳᠣ ᠬᠤᠭᠤᠴᠠᠭᠠᠨ ᠤ ᠣᠨᠴᠣᠭᠤᠢ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠵᠢᠴᠢ ᠢᠵᠢ ᠪᠦᠷᠢᠳᠦᠭᠦᠯᠬᠦ ᠪᠡᠯᠡ ᠮᠥᠩᠭᠦ ᠶᠢ ᠡᠯ᠎ᠡ ᠠᠶᠢᠮᠠᠭ ᠬᠤᠲᠠ ᠳᠤ ᠪᠠᠭᠤᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠬᠠᠭᠤᠴᠢᠨ ᠮᠠᠰᠢᠨ ᠢ ᠬᠡᠷᠡᠭᠯᠡᠭᠡᠨ ᠠᠴᠠ ᠭᠠᠷᠭᠠᠬᠤ ᠨᠥᠬᠦᠪᠦᠷᠢ ᠪᠠ ᠬᠡᠷᠡᠭᠯᠡᠭᠡᠨ ᠠᠴᠠ ᠭᠠᠷᠭᠠᠬᠤ ᠶᠢ ᠳᠡᠮᠵᠢᠬᠦ ᠶᠢᠨ ᠬᠠᠮᠲᠤ ᠰᠢᠨ᠎ᠡ ᠪᠠᠷ ᠬᠤᠳᠠᠯᠳᠤᠨ ᠠᠪᠤᠭᠰᠠᠨ ᠠᠳᠠᠯᠢ ᠲᠥᠷᠥᠯ ᠤᠨ ᠮᠠᠰᠢᠨ ᠪᠠᠭᠠᠵᠢ ᠶᠢ ᠰᠢᠨᠡᠳᠬᠡᠬᠦ ᠨᠥᠬᠦᠪᠦᠷᠢ ᠣᠯᠭᠤᠬᠤ ᠵᠢᠴᠢ ᠲᠠᠷᠢᠶᠠᠨ ᠠᠵᠢᠯ ᠤᠨ ᠬᠢᠨᠠᠨ ᠬᠡᠮᠵᠢᠬᠦ ᠦᠵᠦᠭᠦᠷ᠂ ᠲᠠᠷᠢᠶᠠᠯᠠᠩ ᠳᠤ ᠬᠡᠷᠡᠭᠯᠡᠬᠦ ᠳᠣᠬᠢᠭᠤᠷ ᠲᠤᠯᠤᠭᠠᠨ ᠣᠲᠣ ᠬᠠᠪᠰᠤᠷᠤᠨ ᠵᠢᠯᠤᠭᠤᠳᠬᠤ ᠰᠢᠰᠲ᠋ᠧᠮ᠂ ᠤᠷᠭᠤᠮᠠᠯ ᠤᠨ ᠬᠠᠮᠠᠭᠠᠯᠠᠯᠲᠠ ᠶᠢᠨ ᠵᠢᠯᠣᠭᠤᠴᠢ ᠦᠭᠡᠢ ᠨᠢᠰᠬᠡᠯ ᠢ ᠰᠢᠨ᠎ᠡ ᠪᠠᠷ ᠬᠤᠳᠠᠯᠳᠤᠨ ᠠᠪᠬᠤ ᠨᠥᠬᠦᠪᠦᠷᠢ ᠣᠯᠭᠤᠬᠤ ᠳᠤ ᠬᠡᠷᠡᠭᠯᠡᠬᠦ ᠬᠡᠷᠡᠭᠲᠡᠢ᠃      ᠨᠥᠬᠦᠪᠦᠷᠢ ᠶᠢᠨ ᠪᠡᠯᠡ ᠮᠥᠩᠭᠦ ᠶᠢ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠠᠴᠠ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠬᠡᠷᠡᠭᠴᠡᠭᠡ ᠶᠣᠰᠣᠭᠠᠷ ᠭᠤᠶᠤᠴᠢᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠰᠢᠭᠤᠳ ᠤᠯᠭᠤᠬᠤ ᠲᠣᠭᠲᠠᠴᠠ ᠶᠢ ᠰᠢᠯᠢᠳᠡᠭᠵᠢᠭᠦᠯᠬᠦ ᠲᠤᠬᠠᠢ ᠮᠡᠳᠡᠭᠳᠡᠯ︾ ︵ᠥᠪᠥᠷ ᠡᠳ᠋ ᠤᠨ ᠵᠠᠰᠠᠭ ᠲᠠᠷᠢᠶᠠᠯᠠᠩ ﹇2025﹈ 82 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠠᠶᠢᠮᠠᠭ ᠬᠤᠲᠠ ᠶᠢᠨ ᠡᠳ᠋ ᠤᠨ ᠵᠠᠰᠠᠭ ᠤᠨ ᠲᠠᠰ ᠳᠡᠪᠰᠢᠭᠦᠯᠦᠨ ᠣᠯᠭᠤᠬᠤ ᠶᠢ ᠡᠷᠦᠬᠡ ᠶᠢᠨ ᠺᠠᠷᠲ ᠲᠤ ᠤᠷᠤᠭᠤᠯᠬᠤ ᠬᠡᠷᠡᠭᠲᠡᠢ᠃      ᠠᠶᠢᠮᠠᠭ ᠬᠤᠲᠠ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠶᠢ ᠳᠡᠮᠵᠢᠬᠦ ᠤᠷᠲᠤ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ︽ᠨᠢᠭᠡ ᠲᠠᠯ᠎ᠠ ᠪᠠᠷ ᠭᠤᠶᠤᠴᠢᠯᠠᠬᠤ᠂ ᠨᠢᠭᠡ ᠲᠠᠯ᠎ᠠ ᠪᠠᠷ ᠭᠦᠢᠴᠡᠳᠬᠡᠬᠦ᠂ ᠨᠢᠭᠡ ᠲᠠᠯ᠎ᠠ ᠪᠠᠷ ᠵᠠᠳᠠᠯᠬᠤ᠂ ᠨᠢᠭᠡ ᠲᠠᠯ᠎ᠠ ᠪᠠᠷ ᠳ᠋ᠦᠩᠨᠡᠨ ᠪᠤᠳᠤᠬᠤ︾ ᠠᠵᠢᠯ ᠤᠨ ᠲᠣᠭᠲᠠᠴᠠ ᠶᠢ ᠪᠠᠷᠢᠮᠲᠠᠯᠠᠨ᠂ 7 ᠠᠵᠢᠯᠯᠠᠬᠤ ᠡᠳᠦᠷ ᠤᠨ ᠳᠣᠲᠣᠷ᠎ᠠ ᠮᠠᠰᠢᠨ ᠪᠠᠭᠠᠵᠢ ᠶᠢ ᠬᠠᠷᠭᠤᠭᠤᠯᠤᠨ ᠪᠠᠶᠢᠴᠠᠭᠠᠬᠤ᠂ ᠨᠥᠬᠦᠪᠦᠷᠢ ᠭᠤᠶᠤᠴᠢᠯᠠᠨ ᠠᠪᠬᠤ ᠠᠵᠢᠯ ᠢ ︽ᠳᠠᠷᠤᠶᠢᠬᠠᠨ ᠭᠥᠯᠢᠶᠡᠨ ᠠᠪᠴᠤ ᠳᠠᠷᠤᠶᠢᠬᠠᠨ ᠬᠦᠢᠴᠡᠳᠭᠡᠨ︾᠂ ᠮᠠᠯᠴᠢᠨ ᠲᠠᠷᠢᠶᠠᠴᠢᠨ ᠤ ᠬᠡᠷᠡᠭᠯᠡᠭᠡᠨ ᠠᠴᠠ ᠭᠠᠷᠭᠠᠬᠤ ᠨᠥᠬᠦᠪᠦᠷᠢ ᠭᠤᠶᠤᠴᠢᠯᠠᠨ ᠠᠪᠬᠤ ᠶᠢ ︽ᠨᠢᠭᠡ ᠯᠡ ᠤᠳᠠᠭ᠎ᠠ ᠳᠤ︾ ᠭᠦᠢᠴᠡᠳᠬᠡᠵᠦ ᠳᠠᠭᠤᠰᠬᠠᠬᠤ ᠶᠢ ᠴᠢᠷᠮᠠᠶᠢᠨ ᠪᠡᠶᠡᠯᠡᠭᠦᠯᠵᠦ᠂ ᠡᠯ᠎ᠡ ᠭᠠᠵᠠᠷ ᠣᠷᠣᠨ ᠡᠭᠦᠨ ᠤ ᠰᠠᠭᠤᠷᠢᠨ ᠳᠡᠭᠡᠷ᠎ᠡ ᠨᠥᠬᠦᠪᠦᠷᠢ ᠭᠤᠶᠤᠴᠢᠯᠠᠨ ᠠᠪᠬᠤ ᠪᠠ ᠪᠡᠯᠡ ᠮᠥᠩᠭᠦ ᠣᠯᠭᠤᠬᠤ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ︽︿ᠲᠠᠷᠢᠶᠠᠯᠠᠩ ᠤᠨ ᠮᠠᠰᠢᠨ ᠤ ᠳᠥᠷᠪᠡᠨ ᠵᠦᠢᠯ ᠤᠨ ᠨᠥᠬᠦᠪᠦᠷᠢ﹀ ᠶᠢᠨ ᠳᠡᠰ ᠳᠠᠷᠠᠭᠠᠯᠠᠯ ᠢ ᠬᠡᠷᠡᠭᠵᠢᠭᠦᠯᠬᠦ ᠪᠠ ᠳ᠋ᠦᠩᠨᠡᠨ ᠪᠤᠳᠤᠵᠤ ᠣᠯᠭᠤᠬᠤ ᠠᠵᠢᠯ ᠤᠨ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠮᠠᠰᠢᠨ ᠲᠠᠷᠬᠠᠭᠠᠭᠰᠠᠨ ﹇2025﹈ 153 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠴᠠᠭ ᠳᠠᠷᠠᠭᠠᠯᠠᠭᠤᠯᠤᠨ ᠬᠡᠷᠡᠭᠵᠢᠭᠦᠯᠬᠦ ᠪᠠ ᠳ᠋ᠦᠩᠨᠡᠨ ᠪᠤᠳᠤᠵᠤ ᠰᠣᠯᠢᠵᠤ ᠥᠭᠬᠦ ᠲᠣᠭᠲᠠᠴᠠ ᠶᠢ ᠪᠠᠶᠢᠭᠤᠯᠵᠤ᠂ ᠳ᠋ᠦᠩᠨᠡᠨ ᠪᠤᠳᠤᠬᠤ ᠲᠠᠪᠳᠠᠮᠵᠢ ᠤᠳᠠᠭ᠎ᠠ ᠶᠢ ᠲᠦᠷᠭᠡᠳᠬᠡᠨ᠂ ᠳ᠋ᠦᠩᠨᠡᠨ ᠪᠤᠳᠤᠵᠤ ᠰᠣᠯᠢᠵᠤ ᠥᠭᠬᠦ ᠪᠡᠯᠡ ᠮᠥᠩᠭᠦ ᠶᠢᠨ ᠲᠤᠭ᠎ᠠ ᠬᠡᠮᠵᠢᠶ᠎ᠡ ᠶᠢ ᠬᠡᠷᠡᠭᠵᠢᠭᠦᠯᠬᠦ ᠪᠡᠯᠡ ᠮᠥᠩᠭᠦ ᠶᠢᠨ ᠴᠠᠭ ᠳᠠᠷᠠᠭᠠᠯᠠᠯ ᠲᠠᠢ ᠬᠠᠷᠢᠴᠠᠭᠤᠯᠪᠠᠯ 60% ᠠᠴᠠ ᠳᠡᠭᠡᠭᠰᠢ ︵5 ᠰᠠᠷ᠎ᠠ ᠶᠢᠨ ᠰᠡᠭᠦᠯᠴᠢ︶᠂ 70% ᠠᠴᠠ ᠳᠡᠭᠡᠭᠰᠢ ︵6 ᠰᠠᠷ᠎ᠠ ᠶᠢᠨ ᠰᠡᠭᠦᠯᠴᠢ︶᠂ 80% ᠠᠴᠠ ᠳᠡᠭᠡᠭᠰᠢ ︵7 ᠰᠠᠷ᠎ᠠ ᠶᠢᠨ ᠰᠡᠭᠦᠯᠴᠢ︶᠂ 90% ᠠᠴᠠ ᠳᠡᠭᠡᠭᠰᠢ ︵8 ᠰᠠᠷ᠎ᠠ ᠶᠢᠨ ᠰᠡᠭᠦᠯᠴᠢ︶᠂ 11 ᠰᠠᠷ᠎ᠠ ᠶᠢᠨ ᠰᠡᠭᠦᠯᠴᠢ ᠪᠠᠷ 95% ᠠᠴᠠ ᠳᠡᠭᠡᠭᠰᠢ ᠳᠤ ᠬᠦᠷᠦᠭᠦᠯᠵᠦ᠂ 12 ᠰᠠᠷ᠎ᠠ ᠳᠤ ᠲᠠᠩᠰᠠ ᠪᠢᠲᠡᠭᠦᠮᠵᠢᠯᠡᠬᠦ ᠠᠴᠠ ᠡᠮᠦᠨ᠎ᠡ ᠦᠨᠳᠦᠰᠦᠨ ᠳᠡᠭᠡᠨ 100% ᠳᠤ ᠬᠦᠷᠦᠭᠦᠯᠬᠦ ᠬᠡᠷᠡᠭᠲᠡᠢ᠃ ᠡᠯ᠎ᠡ ᠱᠠᠲᠤᠨ ᠤ ᠬᠢᠨ ᠨᠥᠬᠦᠪᠦᠷᠢ ᠶᠢᠨ ᠪᠡᠯᠡ ᠮᠥᠩᠭᠦ ᠶᠢᠨ ᠰᠣᠯᠢᠵᠤ ᠥᠭᠭᠦᠭᠰᠡᠨ ᠪᠠᠶᠢᠳᠠᠯ ᠢ ᠴᠢᠩᠭ᠎ᠠ ᠠᠩᠬᠠᠷᠴᠤ᠂ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠰᠠᠨ ᠬᠤᠭᠤᠴᠠᠭ᠎ᠠ ᠲᠠᠢ ᠪᠠᠷ ᠲᠣᠬᠢᠷᠠᠭᠤᠯᠬᠤ ᠶᠢ ᠴᠠᠭ ᠲᠤᠨᠢ ᠲᠣᠬᠢᠷᠠᠭᠤᠯᠤᠨ ᠡᠬᠢᠯᠡᠭᠦᠯᠵᠦ᠂ ᠠᠬᠢᠭᠤᠯᠤᠭᠰᠠᠨ ᠨᠢ ᠬᠦᠴᠦᠨ ᠦᠭᠡᠢ᠂ ᠳ᠋ᠦᠩᠨᠡᠨ ᠪᠤᠳᠤᠵᠤ ᠰᠣᠯᠢᠵᠤ ᠥᠭᠬᠦ ᠨᠢ ᠤᠳᠠᠭᠠᠨ ᠪᠠᠶᠢᠭ᠎ᠠ ᠭᠠᠵᠠᠷ ᠣᠷᠣᠨ ᠢ ᠢᠯᠡ ᠨᠡᠶᠢᠳᠡᠯᠡᠨ ᠰᠢᠭᠦᠮᠵᠢᠯᠡᠨ᠎ᠡ᠃      ᠳᠥᠷᠪᠡ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠪᠠᠲᠤᠯᠠᠭ᠎ᠠ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ      ᠡᠯ᠎ᠡ ᠠᠶᠢᠮᠠᠭ ᠬᠤᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠨ᠂ ᠯᠠᠪᠳᠠᠭᠤᠨ ᠢᠶᠠᠷ ᠠᠬᠢᠭᠤᠯᠵᠤ᠂ ᠲᠣᠰ ᠮᠡᠳᠡᠭᠳᠡᠯ ᠢ ᠳᠠᠷᠤᠶᠢᠬᠠᠨ ᠤᠯᠠᠮᠵᠢᠯᠠᠨ ᠲᠠᠷᠬᠠᠭᠠᠵᠤ᠂ ᠬᠤᠰᠢᠭᠤ ᠰᠢᠶᠠᠨ ᠢ ᠵᠢᠯᠣᠭᠤᠳᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠨᠢᠭᠡ ᠳᠤ ︽ᠪᠥᠬᠦ ᠣᠷᠣᠨ ᠤ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ  ᠳᠤ ᠨᠥᠬᠦᠪᠦᠷᠢ ᠥᠭᠬᠦ ᠠᠵᠢᠯ ᠢ ᠲᠦᠷᠭᠡᠳᠬᠡᠨ ᠠᠬᠢᠭᠤᠯᠬᠤ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠲᠠᠷᠬᠠᠭᠠᠭᠰᠠᠨ ﹇2024﹈ 711 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠠᠷᠠᠳ ᠳᠤ ᠲᠥᠭᠦᠮ ᠦᠵᠡᠭᠦᠯᠵᠦ ᠠᠷᠠᠳ ᠳᠤ ᠠᠰᠢᠭ ᠬᠦᠷᠲᠡᠭᠡᠬᠦ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠰᠠᠭᠤᠷᠢᠯᠠᠨ᠂ ︽ᠬᠡᠷᠡᠭᠯᠡᠭᠡᠨ ᠠᠴᠠ ᠭᠠᠷᠭᠠᠬᠤᠶᠣᠰᠣᠲᠠᠢ ᠶᠢ ᠨᠢ ᠭᠦᠢᠴᠡᠳ ᠨᠥᠬᠦᠪᠦᠷᠢᠯᠡᠬᠦ︾ ᠶᠢ ᠪᠡᠶᠡᠯᠡᠭᠦᠯᠦᠨ᠎ᠡ᠃ ᠬᠤᠶᠠᠷ ᠲᠤ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠬᠤᠷᠢᠶᠠᠨ ᠠᠪᠬᠤ ᠪᠠ ᠵᠠᠳᠠᠯᠵᠤ ᠰᠠᠯᠭᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠬᠤᠷᠢᠶᠠᠨ ᠠᠪᠬᠤ ᠪᠠ ᠵᠠᠳᠠᠯᠵᠤ ᠰᠠᠯᠭᠠᠬᠤ ᠠᠵᠤ ᠠᠬᠤᠶᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠶᠢ ᠲᠦᠷᠭᠡᠳᠬᠡᠬᠦ ᠶᠢᠨ ᠬᠠᠮᠲᠤ ᠨᠡᠶᠢᠲᠡᠯᠡᠵᠦ᠂ ᠬᠠᠭᠤᠴᠢᠨ ᠲᠠᠷᠢᠶᠠᠯᠠᠩ ᠤᠨ ᠮᠠᠰᠢᠨ ᠤ ︽ᠨᠢᠭᠡ ᠪᠠᠯᠭᠠᠰᠤ ᠨᠢᠭᠡ ᠦᠷᠳᠡᠭᠡ︾ ᠶᠢᠨ ᠬᠤᠷᠢᠶᠠᠨ ᠠᠪᠬᠤ ᠴᠡᠭ ᠪᠠᠶᠢᠭᠤᠯᠬᠤ ᠶᠢ ᠵᠣᠷᠢᠭᠵᠢᠭᠤᠯᠤᠨ᠎ᠠ᠃ ᠬᠡᠷᠡᠭᠯᠡᠭᠡᠨ ᠠᠴᠠ ᠭᠠᠷᠭᠠᠭᠰᠠᠨ ᠲᠠᠷᠢᠶᠠᠯᠠᠩ ᠤᠨ ᠮᠠᠰᠢᠨ ᠢ ᠡᠭᠡᠭᠦᠯᠦᠨ ᠬᠤᠷᠢᠶᠠᠬᠤ ᠪᠠ ᠵᠠᠳᠠᠯᠬᠤ ᠪᠠᠶᠢᠭᠤᠯᠤᠮᠵᠢ ᠦᠭᠡᠢ ᠬᠤᠰᠢᠭᠤ ᠰᠢᠶᠠᠨ ᠳᠤ᠂ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠠᠴᠠ ᠲᠤᠰᠬᠠᠢ ᠰᠡᠳᠦᠪ ᠢᠶᠠᠷ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠳᠤ ᠬᠠᠷᠢᠭᠤ ᠮᠡᠳᠡᠭᠦᠯᠵᠦ᠂ ᠡᠭᠡᠭᠦᠯᠦᠨ ᠬᠤᠷᠢᠶᠠᠬᠤ ᠪᠠ ᠵᠠᠳᠠᠯᠬᠤ ᠲᠣᠣᠷ ᠴᠡᠭ ᠤᠨ ᠪᠠᠶᠢᠷᠢᠰᠢᠭᠤᠯᠤᠯᠲᠠ ᠶᠢ ᠲᠦᠷᠭᠡᠳᠬᠡᠨ ᠪᠣᠶᠢᠵᠢᠭᠤᠯᠬᠤ ᠬᠡᠷᠡᠭᠲᠡᠢ᠃ ᠭᠤᠷᠪᠠ ᠳᠤ᠂ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠭᠰᠠᠨ ᠡᠭᠡᠭᠦᠯᠦᠨ ᠬᠤᠷᠢᠶᠠᠵᠤ ᠵᠠᠳᠠᠯᠬᠤ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠡᠭᠡᠭᠦᠯᠦᠨ ᠬᠤᠷᠢᠶᠠᠬᠤ ᠪᠠ ᠵᠠᠳᠠᠯᠬᠤ ᠭᠤᠭᠴᠤᠭ᠎ᠠ ᠶᠢ ᠰᠠᠯᠭᠠᠬᠤ ᠶᠢ ᠬᠡᠷᠡᠭᠵᠢᠭᠦᠯᠦᠨ᠂ ᠬᠡᠷᠡᠭᠯᠡᠭᠡᠨ ᠠᠴᠠ ᠭᠠᠷᠭᠠᠭᠰᠠᠨ ᠲᠠᠷᠢᠶᠠᠯᠠᠩ ᠤᠨ ᠮᠠᠰᠢᠨ ᠢ ᠡᠭᠡᠭᠦᠯᠦᠨ ᠬᠤᠷᠢᠶᠠᠬᠤ ᠪᠠᠶᠢᠭᠤᠯᠤᠮᠵᠢ ᠶᠢᠨ ᠰᠢᠲᠠᠭᠠᠯᠭ᠎ᠠ ᠶᠢᠨ ᠲᠣᠰᠣᠨ ᠤ ᠪᠤᠰᠤ ᠬᠥᠳᠡᠯᠭᠡᠬᠦ ᠬᠦᠴᠦᠨ ᠤ ᠬᠠᠭᠤᠴᠢᠨ ᠲᠠᠷᠢᠶᠠᠯᠠᠩ ᠤᠨ ᠮᠠᠰᠢᠨ ᠢ ᠵᠠᠳᠠᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠬᠦᠰᠡᠯ ᠰᠠᠨᠠᠭ᠎ᠠ ᠲᠠᠢ ᠭᠠᠵᠠᠷ ᠣᠷᠣᠨ ᠳᠤ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠠᠴᠠ ᠲᠥᠰᠥᠯ ᠲᠣᠭᠲᠠᠭᠠᠵᠤ᠂ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠢᠶᠠᠷ ᠬᠢᠨᠠᠨ ᠲᠣᠭᠲᠠᠭᠠᠯᠭᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠮᠡᠳᠡᠭᠦᠯᠦᠨ ᠳᠠᠩᠰᠠᠯᠠᠭᠤᠯᠤᠭᠰᠠᠨ ᠤ ᠳᠠᠷᠠᠭ᠎ᠠ ᠬᠡᠷᠡᠭᠵᠢᠭᠦᠯᠦᠨ᠎ᠡ᠃ ᠳᠥᠷᠪᠡ ᠳᠤ᠂ ᠬᠢᠨᠠᠨ ᠬᠠᠮᠢᠶᠠᠷᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠵᠤ᠂ ᠮᠠᠰᠢᠨ ᠪᠠᠭᠠᠵᠢ ᠶᠢ ᠡᠭᠡᠭᠦᠯᠦᠨ ᠬᠤᠷᠢᠶᠠᠬᠤ᠂ ᠮᠠᠰᠢᠨ ᠪᠠᠭᠠᠵᠢ ᠶᠢ ᠬᠢᠨᠠᠨ ᠪᠠᠶᠢᠴᠠᠭᠠᠬᠤ᠂ ᠬᠡᠷᠡᠭᠯᠡᠭᠡᠨ ᠠᠴᠠ ᠭᠠᠷᠭᠠᠵᠤ ᠵᠠᠳᠠᠯᠬᠤ᠂ ᠪᠡᠯᠡ ᠮᠥᠩᠭᠦ ᠰᠣᠯᠢᠵᠤ ᠥᠭᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠮᠡᠳᠡᠭᠡ ᠵᠠᠩᠭᠢ ᠶᠢ ᠬᠠᠭᠤᠷᠮᠠᠭ ᠢᠶᠠᠷ ᠵᠣᠬᠢᠶᠠᠬᠤ᠂ ᠪᠠᠭ᠎ᠠ ᠪᠠᠷ ᠶᠡᠭᠡ ᠶᠢ ᠣᠷᠣᠯᠠᠭᠤᠯᠵᠤ ᠬᠡᠷᠡᠭᠯᠡᠭᠡᠨ ᠠᠴᠠ ᠭᠠᠷᠭᠠᠬᠤ᠂ ᠨᠢᠭᠡ ᠮᠠᠰᠢᠨ ᠤᠯᠠᠨ ᠭᠠᠵᠠᠷ ᠲᠤ ᠬᠡᠷᠡᠭᠯᠡᠭᠡᠨ ᠠᠴᠠ ᠭᠠᠷᠭᠠᠬᠤ᠂ ᠲᠠᠩ ᠮᠠᠰᠢᠨ ᠢ ᠤᠯᠠᠨ ᠤᠳᠠᠭ᠎ᠠ ᠬᠡᠷᠡᠭᠯᠡᠭᠡᠨ ᠠᠴᠠ ᠭᠠᠷᠭᠠᠬᠤ᠂ ᠬᠠᠶᠠᠭᠳᠠᠮᠠᠯ ᠲᠤᠨᠤᠭ ᠤᠭᠰᠠᠷᠠᠭᠤᠯᠤᠨ ᠬᠡᠷᠡᠭᠯᠡᠭᠡᠨ ᠠᠴᠠ ᠭᠠᠷᠭᠠᠬᠤ ᠵᠡᠷᠭᠡ ᠮᠡᠬᠡᠯᠡᠨ ᠨᠥᠬᠦᠪᠦᠷᠢᠯᠡᠬᠦ ᠢᠵᠢ ᠨᠥᠬᠦᠪᠦᠷᠢᠯᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︽ᠬᠠᠷᠢᠶ᠎ᠠ ᠭᠠᠵᠠᠷ ᠠᠴᠠ ᠬᠡᠷᠡᠭᠯᠡᠭᠡᠨ ᠠᠴᠠ ᠭᠠᠷᠭᠠᠬᠤ᠂ ᠣᠨᠳᠣᠣ ᠭᠠᠵᠠᠷ ᠲᠤ ᠵᠠᠳᠠᠯᠬᠤ᠂ ᠬᠠᠷᠢᠶ᠎ᠠ ᠭᠠᠵᠠᠷ ᠠᠴᠠ ᠬᠦᠴᠦᠨ ᠦᠭᠡᠢ ᠪᠣᠯᠭᠠᠬᠤ︾ ᠬᠠᠮᠲᠤᠷᠠᠨ ᠬᠢᠨᠠᠯᠲᠠ ᠲᠠᠯᠪᠢᠬᠤ ᠲᠣᠭᠲᠠᠴᠠ ᠶᠢ ᠬᠡᠷᠡᠭᠵᠢᠭᠦᠯᠬᠦ ᠶᠢ ᠵᠣᠷᠢᠭᠵᠢᠭᠤᠯᠤᠨ᠎ᠠ᠃ ᠲᠠᠪᠤ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠲᠠᠶᠢᠯᠤᠮᠵᠢ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠪᠠ ᠬᠡᠷᠡᠭᠵᠢᠭᠦᠯᠬᠦ ᠢᠯᠡ ᠲᠣᠳᠣ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠵᠢᠷᠭᠤᠭ᠎ᠠ ᠳᠤ᠂ ᠮᠥᠷᠳᠡᠨ ᠦᠨᠡᠯᠡᠬᠦ ᠶᠢ ᠴᠢᠩᠭᠠᠳᠬᠠᠵᠤ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠢ ᠣᠯᠵᠤ ᠮᠡᠳᠡᠪᠡᠯ ᠴᠠᠭᠲᠤᠬᠠᠢ ᠳᠤᠨᠢ ᠬᠠᠷᠢᠭᠤ ᠲᠤᠰᠬᠠᠵᠤ ᠴᠠᠭ ᠲᠤᠬᠠᠢ ᠳᠤᠨᠢ ᠰᠢᠢᠳᠪᠦᠷᠢᠯᠡᠵᠦ᠂ ᠲᠡᠷᠢᠭᠦᠨ ᠤ ᠲᠤᠷᠰᠢᠯᠭ᠎ᠠ ᠪᠣᠯᠣᠨ ᠨᠡᠶᠢᠲᠡᠯᠢᠭ ᠠᠷᠭ᠎ᠠ ᠬᠢᠳᠡᠯ ᠢ ᠴᠠᠭ ᠲᠤᠨᠢ ᠲᠣᠬᠢᠷᠠᠭᠤᠯᠤᠨ ᠳ᠋ᠦᠩᠨᠡᠨ ᠳᠡᠯᠭᠡᠷᠡᠭᠦᠯᠬᠦ ᠬᠡᠷᠡᠭᠲᠡᠢ᠃      ᠲᠠᠪᠤ᠂ ᠠᠵᠢᠯ ᠤᠨ ᠱᠠᠭᠠᠷᠳᠠᠯᠭ᠎ᠠ      ᠲᠣᠰ ᠮᠡᠳᠡᠭᠳᠡᠯ ᠳᠤ ᠲᠣᠳᠣᠷᠬᠠᠢ ᠲᠣᠭᠲᠠᠭᠠᠭᠰᠠᠨ ᠬᠡᠷᠡᠭᠯᠡᠭᠡᠨ ᠠᠴᠠ ᠭᠠᠷᠭᠠᠬᠤ ᠨᠥᠬᠦᠪᠦᠷᠢ ᠶᠢᠨ ᠬᠡᠪᠴᠢᠶ᠎ᠡ ᠶᠢ ᠥᠷᠭᠡᠳᠬᠡᠵᠦ᠂ ᠬᠡᠷᠡᠭᠯᠡᠭᠡᠨ ᠠᠴᠠ ᠭᠠᠷᠭᠠᠬᠤ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠶᠢ 2025 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠬᠡᠷᠡᠭᠵᠢᠭᠦᠯᠦᠨ᠎ᠡ᠂ ᠬᠡᠷᠪᠡ ᠬᠤᠪᠢᠷᠠᠯᠲᠠ ᠭᠠᠷᠪᠠᠯ ᠠᠰ ᠲᠤᠨᠢ ᠮᠡᠳᠡᠭᠳᠡᠨ᠎ᠡ᠃ ᠡᠯ᠎ᠡ ᠠᠶᠢᠮᠠᠭ ᠬᠤᠲᠠ ᠡᠷᠬᠡᠪᠰᠢ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠠᠵᠢᠯ ᠤᠨ ᠠᠬᠢᠴᠠ᠂ ᠪᠡᠯᠡ ᠮᠥᠩᠭᠦ ᠶᠢᠨ ᠬᠡᠷᠡᠭᠯᠡᠯᠲᠡ ᠶᠢᠨ ᠪᠠᠶᠢᠳᠠᠯ ᠵᠡᠷᠭᠡ ᠪᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠬᠦ ᠬᠡᠷᠡᠭᠲᠡᠢ᠃ 2026 ᠣᠨ ᠤ 1 ᠰᠠᠷ᠎ᠠ ᠶᠢᠨ 5 ᠤ ᠡᠳᠦᠷ ᠠᠴᠠ ᠡᠮᠦᠨ᠎ᠡ᠂ ᠲᠤᠰ ᠭᠠᠵᠠᠷ ᠣᠷᠣᠨ ᠤ ᠤᠷᠲᠤ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢ ᠲᠣᠬᠢᠷᠠᠭᠤᠯᠵᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠦᠷᠢ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ︵ᠪᠡᠯᠡ ᠮᠥᠩᠭᠦ ᠶᠢ ᠲᠣᠬᠢᠷᠠᠭᠤᠯᠤᠭᠰᠠᠨ ᠲᠤᠭ᠎ᠠ᠂ ᠣᠷᠣᠭᠤᠯᠬᠤ ᠪᠠᠷ ᠭᠤᠶᠤᠴᠢᠯᠠᠭᠰᠠᠨ ᠲᠤᠭ᠎ᠠ᠂ ᠪᠣᠳᠠᠲᠠᠢ ᠰᠣᠯᠢᠵᠤ ᠥᠭᠭᠦᠭᠰᠡᠨ ᠲᠤᠭ᠎ᠠ᠂ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠲᠠᠪᠴᠠᠩ ᠤᠨ ᠢᠵᠢ ᠲᠤᠭ᠎ᠠ ᠵᠡᠷᠭᠡ ᠶᠢ ᠪᠠᠭᠲᠠᠭᠠᠨ᠎ᠠ︶᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠬᠢ ᠪᠠᠶᠠᠯᠢᠭ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠭᠠᠵᠠᠷ᠂ ᠡᠳ᠋ ᠤᠨ ᠵᠠᠰᠠᠭ ᠤᠨ ᠲᠢᠩᠬᠢᠮ ᠤᠨ ᠲᠠᠷᠢᠶᠠᠯᠠᠩ ᠮᠠᠯ ᠠᠵᠤ ᠠᠬᠤᠢ ᠶᠢᠨ ᠭᠠᠵᠠᠷ ᠲᠤ ᠮᠡᠳᠡᠭᠦᠯᠦᠨ ᠬᠦᠷᠭᠡᠬᠦ ᠬᠡᠷᠡᠭᠳᠡᠢ᠃      ᠬᠠᠷᠢᠯᠴᠠᠬᠤ ᠬᠥᠮᠥᠨ᠄      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ   ᠲᠢᠶᠠᠨ ᠸᠧᠨ ᠬᠤᠤ  0471—6652284      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ   ᠵᠦ ᠳ᠋ᠡ ᠸᠧᠢ 0471—6659279      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ  ᠮᠧᠩ ᠺᠧ 0471—4193189      ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ  ᠯᠢᠦ ᠯᠢ ᠵᠢᠶᠦ᠋ᠨ 0471—6946449      ᠳᠠᠭᠠᠯᠳᠤᠭᠤᠯᠤᠯ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠬᠤ ᠨᠥᠬᠦᠪᠦᠷᠢ ᠶᠢᠨ ᠲᠤᠭ᠎ᠠ ᠶᠢᠨ ᠨᠠᠷᠢᠨ ᠬᠦᠰᠦᠨᠦᠭᠲᠦ ︵2025 ᠣᠨ ᠳᠤ ᠰᠢᠨ᠎ᠡ ᠪᠠᠷ ᠨᠡᠮᠡᠭᠳᠡᠭᠰᠡᠨ︶       2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠤ ᠬᠡᠷᠡᠭᠯᠡᠭᠡᠨ ᠠᠴᠠ ᠭᠠᠷᠭᠠᠬᠤ ᠨᠥᠬᠦᠪᠦᠷᠢ ᠶᠢᠨ ᠲᠤᠭ᠎ᠠ ᠶᠢᠨ ᠨᠠᠷᠢᠨ ᠬᠦᠰᠦᠨᠦᠭᠲᠦ ︵ᠰᠢᠨ᠎ᠡ ᠪᠠᠷ ᠨᠡᠮᠡᠭᠳᠡᠭᠰᠡᠨ︶ ᠶᠢᠨ ᠬᠡᠰᠡᠭ ᠮᠠᠰᠢᠨ ᠤ ᠬᠡᠯᠪᠡᠷᠢ ᠶᠢᠨ ᠰᠢᠨ᠎ᠡ ᠪᠠᠷ ᠨᠡᠮᠡᠭᠳᠡᠭᠰᠡᠨ ᠲᠠᠰ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号