3 ᠰᠠᠷ᠎ᠠ ᠶᠢᠨ 29 ᠤ ᠡᠳᠦᠷ᠂ ᠳᠥᠷᠪᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ︽ᠲᠠᠷᠢᠶᠠᠯᠠᠩ ᠮᠠᠯ | ᠠᠵᠤ ᠠᠬᠤᠢ ᠶᠢᠨ ᠰᠠᠶᠢᠨ ᠰᠤᠨᠢᠨ ᠮᠡᠳᠡᠭᠡ︾ ᠶᠢᠨ ᠱᠠᠩᠨᠠᠯ ᠣᠯᠭᠤᠬᠤ ᠶᠤᠰᠤᠯᠠᠯ ᠵᠢᠴᠢ 1257 ᠠᠵᠢᠯᠯᠠᠭ᠎ᠠ ᠶᠢᠨ | ︽ᠤᠮᠠᠷᠠᠲᠤ ᠬᠢᠯᠢ ᠶᠢᠨ ᠰᠢᠨ᠎ᠡ ᠲᠠᠷᠢᠶᠠᠴᠢᠨ︾ ᠢ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠶᠠᠪᠤᠭᠳᠠᠪᠠ᠃ | | | | ᠳᠥᠷᠪᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ︽ᠲᠠᠷᠢᠶᠠᠯᠠᠩ ᠮᠠᠯ ᠠᠵᠤ ᠠᠬᠤᠢ ᠶᠢᠨ ᠰᠠᠶᠢᠨ | ᠰᠣᠨᠢᠨ ᠮᠡᠳᠡᠭᠡ︾ ᠶᠢᠨ ᠱᠠᠩᠨᠠᠯ ᠣᠯᠭᠤᠬᠤ ᠠᠬᠤᠢ ᠲᠠᠯᠠᠪᠠᠶ | ᠳᠥᠷᠪᠡᠳᠦᠭᠡᠷ ᠬᠤᠭᠤᠴᠠᠭᠠᠨ ᠤ ︽ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠠᠶᠢᠨ | ᠰᠣᠨᠢᠨ ᠮᠡᠳᠡᠭᠡ︾ ᠶᠢᠨ ᠡᠯᠰᠡᠨ ᠴᠤᠭᠯᠠᠭᠤᠯᠤᠭᠰᠠᠨ 300 ᠭᠠᠷᠤᠢ ᠰᠢᠯᠢᠳᠡᠭ ᠪᠦᠲᠦᠭᠡᠯ ᠨᠢ ᠲᠠᠷᠢᠶᠠᠯᠠᠩ ᠮᠠᠯ ᠠᠵᠤ | ᠠᠬᠤᠢ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ᠤ ︽ᠰᠠᠶᠢᠨ ᠲᠠᠭᠤᠨ︾ ᠢ ᠲᠥᠪᠯᠡᠷᠡᠩᠭᠦᠢ | ᠬᠠᠷᠠᠭᠤᠯᠤᠭᠰᠠᠨ ᠪᠠᠶᠢᠨ᠎ᠠ᠃ ᠡᠲᠡᠭᠡᠷ ᠪᠦᠲᠦᠭᠡᠯ ᠤᠳ ᠨᠢ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ | ᠣᠷᠣᠨ ᠤ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠣᠯᠠᠨ ᠤ ᠠᠩᠬᠠᠷᠤᠯ ᠲᠠᠯᠪᠢᠵᠤ ᠪᠠᠶᠢᠭ᠎ᠠ | ᠬᠠᠯᠠᠭᠤᠨ ᠴᠡᠭ ᠤᠨ ᠶᠠᠷᠢᠶᠠᠨ ᠤ ᠰᠡᠳᠦᠪ ᠪᠠᠶᠢᠬᠤ ᠪᠠᠷ ᠪᠠᠷᠠᠬᠤ ᠦᠭᠡᠢ ᠪᠠᠰᠠ ᠬᠥᠮᠥᠨ ᠪᠠ ᠤᠴᠢᠷ ᠶᠠᠪᠤᠳᠠᠯ ᠢ | ᠳᠤᠰᠬᠠᠭᠰᠠᠨ ᠭᠤᠶᠢᠳᠠ ᠰᠠᠶᠢᠬᠠᠨ ᠥᠯᠢᠭᠡᠷ ᠪᠣᠶ︔ ᠣᠶᠢᠯᠠᠭᠠᠬᠤ ᠳᠤ ᠬᠢᠯᠪᠠᠷ ᠪᠣᠷᠣᠭᠵᠢᠭᠤᠨ ᠦᠭᠡ ᠬᠡᠯᠡ ᠪᠠᠶᠢᠬᠤ | ᠮᠥᠷᠲᠡᠭᠡᠨ ᠪᠠᠰᠠ ᠴᠢᠩᠭ᠎ᠠ ᠨᠢᠮᠪᠠᠢ ᠭᠦᠨ ᠭᠦᠨᠵᠡᠭᠡᠢ ᠣᠶᠣᠨ ᠤ ᠰᠡᠳᠬᠢᠮᠵᠢ ᠲᠠᠢ ᠪᠠᠶᠢᠳᠠᠭ᠃ ᠲᠠᠷᠢᠶᠠᠯᠠᠩ ᠮᠠᠯ ᠠᠵᠤ | ᠠᠬᠤᠢ ᠶᠢᠨ ᠬᠦᠷᠢᠶ᠎ᠡ ᠴᠠᠷᠠᠭᠠᠨ ᠳᠠᠬᠢ ᠪᠠᠶᠢᠷᠢᠯᠠᠭᠤᠯᠤᠯᠲᠠ ᠶᠢᠨ ᠠᠷᠭ᠎ᠠ ᠬᠡᠮᠵᠢᠶ᠎ᠡ᠂ ᠠᠮᠢᠳᠤᠯᠢᠭ ᠦᠢᠯᠡᠳᠦᠯᠭᠡ᠂ | ᠲᠤᠷᠰᠢᠯᠭ᠎ᠠ ᠶᠢᠨ ᠰᠡᠩᠬᠡᠷᠡᠭᠦᠯᠦᠯ᠂ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠢ ᠳᠤᠨᠢ᠂ ᠪᠦᠬᠦ ᠲᠠᠯ᠎ᠠ ᠪᠠᠷ᠂ | ᠣᠨᠣᠪᠴᠢᠲᠠᠶ ᠲᠠᠶᠢᠯᠪᠤᠷᠢᠯᠠᠵᠤ᠂ ᠡᠷᠴᠢᠮ ᠲᠠᠢ᠂ ᠬᠦᠴᠦᠨ ᠲᠠᠢ᠂ ᠨᠥᠯᠥᠭᠡ ᠲᠠᠢ ᠦᠯᠡᠮᠵᠢ ᠤᠯᠠᠨ ᠰᠣᠨᠢᠨ ᠮᠡᠳᠡᠭᠡᠨ ᠤ | ᠪᠦᠲᠦᠭᠡᠯ ᠥᠷᠭᠡᠨ ᠢᠶᠠᠷ ᠤᠯᠠᠮᠵᠢᠯᠠᠭᠳᠠᠪᠠ᠃ | ᠠᠳᠠᠯᠢ ᠬᠤᠭᠤᠴᠠᠭᠠᠨ ᠳᠤ ᠪᠠᠰᠠ 1257 ᠠᠵᠢᠯᠯᠠᠭ᠎ᠠ ᠶᠢᠨ ︽ᠤᠮᠠᠷᠠᠲᠤ ᠬᠢᠯᠢ ᠶᠢᠨ ᠰᠢᠨ᠎ᠡ ᠲᠠᠷᠢᠶᠠᠴᠢᠨ︾ ᠢ | ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠥᠷᠨᠢᠭᠦᠯᠵᠡᠢ᠃ ︽ᠤᠮᠠᠷᠠᠲᠤ ᠬᠢᠯᠢ ᠶᠢᠨ ᠰᠢᠨ᠎ᠡ ᠲᠠᠷᠢᠶᠠᠴᠢᠨ︾ ᠪᠣᠯ | ᠮᠠᠨ ᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠪᠤᠴᠠ ᠳᠤ ᠴᠣᠯᠭᠤᠷᠠᠨ | ᠭᠠᠷᠤᠭᠰᠠᠨ ᠰᠢᠨ᠎ᠡ ᠬᠦᠴᠦᠨ ᠢᠶᠠᠷ ᠪᠢᠯᠬᠠᠭᠰᠠᠨ᠂ ᠰᠢᠨ᠎ᠡ ᠠᠮᠢᠵᠢᠷᠠᠯ ᠤᠨ ᠬᠦᠴᠦᠨ ᠢ ᠬᠠᠷᠠᠭᠤᠯᠤᠭᠰᠠᠨ ᠡᠩᠨᠡᠭᠡ | ᠪᠣᠯᠣᠨ᠎ᠠ᠃ ᠣᠶᠢᠷ᠎ᠠ ᠶᠢᠨ ᠵᠢᠯ ᠠᠴᠠ᠂ ᠥᠪᠥᠷ ᠮᠣᠩᠭᠤᠯ 2600 ᠭᠠᠷᠤᠢ ᠠᠵᠤ ᠦᠢᠯᠡᠰ ᠤᠨ ᠳᠠᠭᠠᠭᠤᠯᠤᠭᠴᠢ | ︽ᠲᠦᠷᠦᠭᠦᠴᠢ ᠬᠤᠨ︾ ᠢ ᠪᠣᠶᠢᠵᠢᠭᠤᠯᠵᠤ᠂ 17 ᠲᠦᠮᠡ ᠭᠠᠷᠤᠢ ᠥᠨᠳᠥᠷ ᠬᠡᠪ ᠪᠣᠯᠪᠠᠰᠤᠷᠠᠯ ᠲᠠᠢ ᠮᠠᠯᠴᠢᠨ | ᠲᠠᠷᠢᠶᠠᠴᠢᠨ ᠢ ᠬᠥᠮᠥᠵᠢᠭᠦᠯᠵᠦ᠂ ᠤᠯᠠᠮ ᠠᠴᠠ ᠤᠯᠠᠮ ᠤᠯᠠᠨ ︽ᠰᠢᠨ᠎ᠡ ᠲᠠᠷᠢᠶᠠᠴᠢᠨ︾ ᠮᠠᠯᠵᠢᠬᠤ ᠲᠠᠷᠢᠶᠠᠯᠠᠬᠤ | ᠣᠷᠣᠨ ᠳᠤ ᠦᠨᠳᠦᠰᠦᠯᠡᠵᠦ ᠪᠠᠶᠢᠨ᠎ᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ︽ᠤᠮᠠᠷᠠᠲᠤ ᠬᠢᠯᠢ ᠶᠢᠨ ᠰᠢᠨ᠎ᠡ | ᠲᠠᠷᠢᠶᠠᠴᠢᠨ︾ ᠤ 12 ᠲᠥᠯᠥᠭᠡᠯᠡᠭᠴᠢ ᠲᠡᠳᠡᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ᠂ ᠰᠢᠨ᠎ᠡ ᠶᠢ | ᠡᠭᠦᠳᠬᠦ ᠠᠳᠠᠯ ᠦᠢᠯᠡᠰ ᠪᠣᠰᠬᠠᠬᠤ᠂ ᠬᠥᠳᠡᠭᠡ ᠠᠵᠤ ᠠᠬᠤᠢ ᠲᠠᠢ ᠬᠤᠯᠪᠤᠭᠠᠯᠠᠨ ᠬᠥᠳᠡᠭᠡ ᠠᠵᠤ ᠠᠬᠤᠢ ᠶᠢ | ᠳᠠᠶᠢᠴᠢᠯᠠᠬᠤ ᠵᠡᠷᠭᠡ ᠲᠠᠯ᠎ᠠ ᠶᠢᠨ ᠲᠤᠷᠰᠢᠯᠭ᠎ᠠ ᠪᠣᠯᠣᠨ ᠦᠯᠢᠭᠡᠷ ᠢᠶᠠᠨ ᠬᠤᠪᠢᠶᠠᠯᠴᠠᠪᠠ᠃ ︽ᠤᠮᠠᠷᠠᠲᠤ ᠬᠢᠯᠢ ᠶᠢᠨ | ᠰᠢᠨ᠎ᠡ ᠲᠠᠷᠢᠶᠠᠴᠢᠨ︾ ᠨᠢ ᠲᠣᠰ ᠪᠡᠶ᠎ᠡ ᠶᠢᠨ ᠦᠢᠯᠡᠳᠪᠦᠷᠢᠯᠡᠯ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ | ᠠᠰᠢᠭ ᠢᠶᠠᠨ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠡᠷᠬᠢᠨ ᠲᠣᠭᠤᠷᠢᠨ ᠤ ᠮᠠᠯᠴᠢᠨ ᠲᠠᠷᠢᠶᠠᠴᠢᠨ ᠢ | ᠳᠠᠶᠢᠴᠢᠯᠠᠨ ᠬᠠᠮᠲᠤ ᠪᠠᠷ ᠪᠠᠶᠠᠵᠢᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠪᠥᠬᠦ ᠣᠷᠣᠨ ᠳᠤ ︽ᠨᠠᠮ ᠤᠨ ᠠᠴᠢ ᠳᠤ ᠲᠠᠯᠠᠷᠬᠠᠵᠤ᠂ ᠨᠠᠮ ᠤᠨ | ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠤᠨ 1257 ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠪᠡ᠂ ᠳᠠᠷᠦᠢ 1 ᠲᠦᠮᠡ ᠭᠠᠷᠤᠢ ᠲᠠᠷᠢᠶᠠᠯᠠᠩ ᠳᠤ ᠬᠤᠯᠪᠣᠭᠳᠠᠭᠰᠠᠨ ᠠᠵᠤ | ᠠᠬᠤᠶᠢᠯᠠᠯ ᠳᠤ ︽ᠡᠭᠦᠳᠡ ᠪᠠᠨ ᠨᠡᠭᠡᠭᠡᠵᠦ ᠢᠳᠬᠠᠯ ᠠᠪᠬᠤ︾ ᠠᠵᠢᠯᠯᠠᠭ᠎ᠠ ᠥᠷᠨᠢᠭᠦᠯᠵᠦ᠂ 2 ᠲᠦᠮᠡ ᠭᠠᠷᠤᠢ | ᠲᠠᠷᠢᠶᠠᠯᠠᠩ ᠮᠠᠯ ᠠᠵᠤ ᠠᠬᠤᠢ ᠶᠢᠨ ᠺᠠᠳ᠋ᠷᠴᠤᠳ ᠲᠤ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ | ᠬᠥᠮᠦᠵᠢᠯ ᠥᠷᠨᠢᠭᠦᠯᠵᠦ᠂ 5 ᠲᠦᠮᠡ ᠭᠠᠷᠤᠢ ᠡᠵᠡᠩᠨᠡᠯᠲᠡ ᠶᠢᠨ ᠭᠤᠣᠯ ᠴᠣᠭᠴᠠ ᠳᠤ ᠲᠦᠷᠦᠭᠦᠴᠢ ᠬᠤᠨ᠂ ᠰᠢᠨ᠎ᠡ | ᠲᠠᠷᠢᠶᠠᠴᠢᠨ ᠢ ᠬᠥᠮᠥᠵᠢᠭᠦᠯᠬᠦ ᠠᠵᠢᠯᠯᠠᠭ᠎ᠠ ᠥᠷᠨᠢᠭᠦᠯᠵᠦ᠂ 700 ᠭᠠᠷᠤᠢ ᠲᠦᠮᠡᠨ ᠮᠠᠯᠴᠢᠨ ᠲᠠᠷᠢᠶᠠᠴᠢᠨ ᠳᠤ | ᠨᠠᠮ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠪᠤᠷᠢᠯᠠᠯᠲᠠ ᠥᠷᠨᠢᠭᠦᠯᠪᠡ᠃ ︽ᠮᠡᠷᠭᠡᠵᠢᠯ ᠮᠡᠳᠡᠬᠦ᠂ | ᠡᠵᠡᠩᠨᠡᠵᠦ ᠴᠢᠳᠠᠬᠤ᠂ ᠬᠠᠮᠢᠶᠠᠷᠬᠤ ᠳᠠᠭᠠᠨ ᠴᠢᠳᠠᠮᠠᠭᠠᠢ︾ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ | ᠴᠠᠷᠠᠭᠠᠨ ᠳᠠᠬᠢ ᠴᠢᠨᠠᠷ ᠰᠠᠶᠢᠲᠠᠢ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠭᠰᠠᠨ ᠪᠠᠶᠢᠨ᠎ᠠ᠃ | ᠮᠡᠳᠡᠭᠡ ᠵᠠᠩᠭᠢ ᠶᠢᠨ ᠢᠷᠡᠯᠲᠡ᠄ ᠽᠣᠣ ᠶᠤᠸᠠᠨ ᠶᠦᠨ |