4 ᠰᠠᠷ᠎ᠠ ᠶᠢᠨ 15 ᠤ ᠡᠳᠦᠷ᠂ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ | ᠲᠢᠩᠬᠢᠮ ᠤᠨ ᠬᠤᠷᠠᠯᠳᠤᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠬᠢᠨᠠᠨ | ᠲᠣᠭᠲᠠᠭᠠᠯᠲᠠ ᠶᠢᠨ ᠬᠠᠮᠢᠶᠠᠷᠤᠯᠲᠠ ᠶᠢᠨ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠤᠨ ᠰᠣᠨᠢᠨ ᠮᠡᠳᠡᠭᠡ | ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠲᠣᠰ ︽ᠳᠦᠷᠢᠮ︾ ᠢ 5 ᠰᠠᠷ᠎ᠠ ᠶᠢᠨ 1 ᠤ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ | ︽ᠳᠦᠷᠢᠮ︾ ᠳᠤ ᠶᠡᠷᠦᠩᠬᠡᠢ ᠳᠦᠷᠢᠮ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠪᠠ ᠬᠠᠤᠯᠢ | ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯᠯᠠᠭ᠎ᠠ᠂ | ᠬᠢᠨᠠᠯᠲᠠ ᠬᠠᠮᠢᠶᠠᠷᠤᠯᠲᠠ᠂ ᠬᠠᠤᠯᠢ ᠶᠢᠨ ᠬᠠᠷᠢᠭᠤᠴᠠᠯᠭ᠎ᠠ᠂ ᠳᠠᠭᠠᠯᠳᠤᠭᠤᠯᠤᠭᠰᠠᠨ ᠳᠦᠷᠢᠮ ᠵᠡᠷᠭᠡ ᠠᠭᠤᠯᠭ᠎ᠠ ᠶᠢ ᠪᠠᠭᠲᠠᠭᠠᠨ᠎ᠠ᠃ | ᠨᠡᠶᠢᠳᠡ 6 ᠪᠦᠯᠦᠭ 61 ᠵᠦᠢᠯ ᠪᠠᠶᠢᠵᠤ᠂ ᠭᠤᠣᠯᠳᠠᠭᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯ ᠤᠨ | ᠤᠯᠤᠰ ᠲᠦᠷᠦ ᠶᠢᠨ ᠰᠢᠨᠵᠢ ᠴᠢᠨᠠᠷ ᠢ ᠲᠣᠳᠣᠷᠬᠠᠶᠢᠯᠠᠬᠤ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ | ᠪᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯᠲᠠᠨ ᠤ ᠠᠵᠢᠯ ᠡᠷᠭᠢᠯᠡᠭᠦ ᠳᠠᠩᠰᠠᠯᠠᠯᠲᠠ ᠶᠢᠨ ᠬᠠᠮᠢᠶᠠᠷᠤᠯᠲᠠ ᠶᠢ | ᠴᠢᠩᠭᠠᠳᠬᠠᠬᠤ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯᠯᠠᠭ᠎ᠠ ᠶᠢᠨ ᠤᠴᠢᠷ ᠶᠠᠪᠤᠳᠠᠯ ᠤᠨ ᠳᠤᠮᠳᠠᠬᠢ ᠪᠠ | ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠬᠠᠤᠯᠢ ᠶᠢᠨ ᠬᠠᠷᠢᠭᠤᠴᠠᠯᠭ᠎ᠠ ᠶᠢᠨ | ᠲᠣᠭᠲᠠᠭᠠᠯ ᠢ ᠴᠢᠩᠳᠠᠯᠠᠬᠤ ᠵᠡᠷᠭᠡ ᠲᠠᠯ᠎ᠠ ᠶᠢᠨ ᠠᠭᠤᠯᠭ᠎ᠠ ᠳᠤ ᠲᠣᠭᠲᠠᠭᠠᠯ ᠭᠠᠷᠭᠠᠪᠠ᠃ | ᠣᠶᠢᠯᠠᠭᠠᠭᠰᠠᠨ ᠢᠶᠠᠷ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠳᠦᠷᠢᠮ ᠪᠣᠯ ᠵᠠᠷᠭᠤ ᠳᠤ ᠬᠤᠯᠪᠣᠭᠳᠠᠭᠰᠠᠨ | ᠲᠤᠰᠬᠠᠢ ᠠᠰᠠᠭᠤᠳᠠᠯ ᠢ ᠰᠢᠢᠳᠪᠦᠷᠢᠯᠡᠬᠦ ᠪᠠ ᠬᠠᠤᠯᠢ ᠴᠠᠭᠠᠵᠠ ᠶᠢᠨ ᠪᠠᠶᠢᠭᠤᠯᠭ᠎ᠠ ᠶᠢ ᠬᠠᠪᠰᠤᠷᠤᠨ ᠬᠡᠷᠡᠭ ᠤᠨ ᠪᠣᠳᠠᠲᠤ | ᠶᠠᠪᠤᠳᠠᠯ ᠢ ᠪᠠᠶᠢᠴᠠᠭᠠᠨ ᠲᠣᠳᠣᠯᠠᠬᠤ ᠬᠠᠤᠯᠢ ᠴᠠᠭᠠᠵᠠ ᠶᠢᠨ ᠪᠠᠲᠤᠯᠠᠭ᠎ᠠ ᠶᠢᠨ ᠳᠦᠷᠢᠮ ᠮᠥᠨ᠃ ᠣᠶᠢᠷ᠎ᠠ ᠶᠢᠨ ᠵᠢᠯ ᠳᠤ᠂ | ᠮᠠᠨ ᠤ ᠣᠷᠣᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠦᠭᠡᠢ | ᠴᠢᠩᠭᠠᠳᠬᠠᠵᠤ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯᠯᠠᠭ᠎ᠠ ᠶᠢ ᠪᠦᠲᠦᠮᠵᠢᠲᠡᠶ ᠵᠢᠷᠤᠮᠵᠢᠭᠤᠯᠤᠨ᠂ ᠪᠦᠭᠦ | ᠣᠷᠣᠨ ᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠨᠡᠶᠢᠲᠡ ᠶᠢᠨ ᠢᠲᠡᠭᠡᠮᠵᠢ ᠮᠡᠳᠡᠭᠳᠡᠮ᠎ᠡ ᠳᠡᠭᠡᠭᠰᠢᠯᠡᠪᠡ᠃ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠠ ᠬᠠᠤᠯᠢ ᠴᠠᠭᠠᠵᠠ ᠶᠢᠨ ᠬᠢᠨᠠᠨ | ᠲᠣᠭᠲᠠᠭᠠᠯᠲᠠ ᠶᠢᠨ ᠥᠭᠡᠷᠡᠴᠢᠯᠡᠯᠲᠡ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠳᠠᠭᠠᠯᠳᠤᠨ᠂ ᠠᠵᠢᠯ ᠲᠥᠷᠥᠯ ᠤᠨ | ᠬᠥᠭᠵᠢᠯᠲᠡ ᠳᠤ ᠰᠢᠨ᠎ᠡ ᠥᠷᠢᠰᠦᠯᠳᠦᠭᠡᠨ ᠲᠤᠯᠭᠠᠷᠠᠪᠠ᠃ ᠲᠣᠰ ︽ᠳᠦᠷᠢᠮ︾ ᠢ ᠲᠣᠭᠲᠠᠭᠠᠵᠤ ᠨᠡᠶᠢᠲᠡᠯᠡᠭᠰᠡᠨ ᠨᠢ | ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯ ᠲᠥᠷᠥᠯ ᠤᠨ ᠬᠥᠭᠵᠢᠯᠲᠡ ᠳᠤ | ᠬᠠᠤᠯᠢ ᠪᠠᠷ ᠵᠠᠰᠠᠬᠤ ᠬᠦᠴᠦᠲᠡᠢ ᠪᠠᠲᠤᠯᠠᠭ᠎ᠠ ᠬᠠᠩᠭᠠᠪᠠ᠃ | ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ᠂ ᠪᠦᠭᠦ ᠣᠷᠣᠨ ᠤ ᠡᠯ᠎ᠡ ᠱᠠᠲᠤᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ︽ᠳᠦᠷᠢᠮ︾ ᠢ ᠭᠦᠨᠵᠡᠭᠡᠢ ᠲᠤᠭᠤᠰᠢᠯᠠᠭᠤᠯᠬᠤ ᠪᠠᠷ ᠲᠣᠭᠢᠶᠠᠯ | ᠪᠤᠯᠭᠠᠵᠤ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯ ᠤᠨ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠵᠦ᠂ | ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠶᠠᠰᠤ ᠴᠢᠨᠠᠷ ᠪᠠ ᠨᠡᠶᠢᠲᠡ ᠶᠢᠨ ᠢᠲᠡᠭᠡᠮᠵᠢ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯ ᠲᠥᠷᠥᠯ ᠤᠨ ᠬᠥᠭᠵᠢᠯᠲᠡ ᠶᠢ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠲᠤᠷ | ᠦᠢᠯᠡᠴᠢᠯᠡᠬᠦ ᠳᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠬᠦᠴᠦᠨ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ᠃ |