ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠲᠥᠪ ᠤᠨ ᠨᠠᠢᠮᠠᠨ ᠵᠣᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/21
      4 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠲᠥᠪ ᠤᠨ ᠨᠠᠢᠮᠠᠨ ᠵᠣᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠲᠦᠯᠬᠢᠨ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠣᠣ ᠶᠦᠩ ᠰᠢᠶᠠᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠢᠩᠬᠢᠮ ᠤᠨ ᠰᠢᠰᠲ᠋ᠧᠮ ᠤᠨ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠠᠮ ᠤᠨ ᠠᠵᠢᠯ ᠤᠨ ᠺᠠᠳ᠋ᠷᠴᠤᠳ ᠬᠤᠷᠠᠯ ᠳᠤ ᠣᠷᠣᠯᠴᠠᠵᠠᠢ᠃
1.png
      ᠬᠤᠷᠠᠯ ᠠᠴᠠ ᠰᠤᠷᠤᠯᠴᠠᠯᠭ᠎ᠠ ᠬᠥᠮᠦᠵᠢᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠂ ᠠᠵᠢᠯ ᠤᠨ ᠱᠠᠭᠠᠷᠳᠠᠯᠭ᠎ᠠ ᠳᠤ ᠲᠠᠶᠢᠯᠤᠮᠵᠢ ᠬᠢᠵᠦ᠂ ᠬᠠᠷᠢᠶ᠎ᠠ ᠨᠠᠮ ᠤᠨ ᠡᠭᠦᠷ ᠤᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠪᠡ︔ ᠡᠯ᠎ᠡ ᠰᠠᠯᠠᠭ᠎ᠠ ᠮᠥᠴᠢᠷ᠂ ᠨᠢᠭᠡᠴᠡ ᠠᠰᠠᠭᠤᠳᠠᠯ ᠤᠨ ᠨᠠᠷᠢᠨ ᠲᠠᠩᠰᠠ ᠲᠠᠢ ᠬᠠᠷᠢᠴᠠᠭᠤᠯᠤᠨ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠭᠰᠠᠨ ᠪᠠᠶᠢᠳᠠᠯ ᠲᠠᠢ ᠤᠶᠠᠯᠳᠤᠭᠤᠯᠤᠨ᠂ ᠣᠷᠣᠰᠢᠵᠤ ᠪᠠᠶᠢᠭ᠎ᠠ ᠠᠰᠠᠭᠤᠳᠠᠯ ᠪᠠ ᠰᠠᠨᠠᠯ ᠰᠠᠨᠠᠭᠤᠯᠭ᠎ᠠ ᠳᠤᠷᠠᠳᠪᠠ︔ ᠬᠤᠯᠪᠣᠭᠳᠠᠯ ᠪᠦᠬᠦᠢ ᠭᠠᠵᠠᠷ ᠪᠠ ᠠᠯᠪᠠᠨ ᠭᠡᠷ ᠨᠢ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠰᠢᠪᠠᠳᠠᠨ ᠪᠠᠶᠢᠴᠠᠭᠠᠬᠤ᠂ ᠪᠠᠶᠢᠴᠠᠭᠠᠨ ᠰᠤᠳᠤᠯᠬᠤ᠂ ᠵᠠᠬᠢᠳᠠᠯ ᠰᠣᠷᠪᠤᠯᠵᠢᠯᠠᠭ᠎ᠠ ᠶᠢᠨ ᠲᠤᠰᠬᠠᠬᠤ ᠵᠡᠷᠭᠡ 7 ᠵᠦᠢᠯ ᠤᠨ ᠠᠷᠭ᠎ᠠ ᠵᠠᠮ ᠢ ᠭᠦᠢᠴᠡᠳ ᠬᠡᠷᠡᠭᠯᠡᠨ᠂ ᠠᠰᠠᠭᠤᠳᠠᠯ ᠢ ᠪᠥᠬᠦ ᠲᠠᠯ᠎ᠠ ᠪᠠᠷ ᠭᠦᠨᠵᠡᠭᠡᠢ ᠡᠷᠢᠬᠦ ᠲᠤᠬᠠᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃      ᠬᠤᠷᠠᠯ ᠠᠴᠠ᠂ ᠬᠠᠷᠢᠶ᠎ᠠ ᠨᠠᠮ ᠤᠨ ᠡᠭᠦᠷ ᠢ ᠪᠦᠬᠦᠨ ᠢ ᠪᠦᠷᠬᠦᠭᠦᠯᠬᠦ᠂ ᠪᠦᠬᠦ ᠶᠠᠪᠤᠴᠠ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠰᠣᠯᠢᠯᠴᠠᠨ ᠶᠠᠷᠢᠯᠴᠠᠬᠤ ᠠᠵᠢᠯ ᠢ ᠲᠥᠯᠥᠪᠯᠡᠭᠡ ᠲᠠᠢ ᠪᠠᠷ ᠥᠷᠨᠢᠭᠦᠯᠵᠦ᠂ ᠱᠠᠯᠠᠪᠳᠠᠭᠤᠯᠤᠨ ᠪᠣᠭᠤᠮᠲᠠ ᠰᠠᠬᠢᠬᠤ ᠶᠢ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠤᠨ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠃ ᠨᠠᠮ ᠤᠨ ᠡᠭᠦᠷ ᠤᠨ ᠱᠦᠵᠢ ᠰᠤᠷᠤᠯᠴᠠᠯᠭ᠎ᠠ ᠬᠥᠮᠦᠵᠢᠯ ᠢ ᠪᠡᠶ᠎ᠡ ᠪᠠᠷ ᠢᠶᠠᠨ ᠠᠳᠬᠤᠵᠤ᠂ ᠭᠤᠣᠯᠳᠠᠯᠭ᠎ᠠ ᠲᠠᠢ ᠡᠭᠦᠷᠭᠡ ᠶᠢ ᠴᠠᠭ ᠲᠤᠬᠠᠢ ᠳᠤᠨᠢ ᠪᠠᠶᠢᠷᠢᠯᠠᠭᠤᠯᠤᠨ ᠲᠣᠬᠢᠷᠠᠭᠤᠯᠵᠤ᠂ ᠠᠵᠢᠯ ᠤᠨ ︽ᠳᠤᠮᠳᠠ ᠲᠦᠭᠵᠢᠷᠡᠯ︾ ᠤᠨ ᠦᠵᠡᠭᠳᠡᠯ ᠪᠠ ︽ᠳᠣᠣᠷᠠᠳᠤ ᠳᠡᠰ ᠤᠨ ᠬᠤᠷᠢᠭ᠎ᠠ ᠱᠤᠭᠤᠮ︾ ︽ᠳᠡᠭᠡᠳᠦ ᠳᠡᠰ ᠤᠨ ᠬᠠᠷ᠎ᠠ︾  ᠶᠢᠨ ᠠᠰᠠᠭᠤᠳᠠᠯ ᠢ ᠤᠯᠠᠮᠵᠢᠯᠠᠨ ᠨᠠᠶᠢᠳᠠᠪᠤᠷᠢᠵᠢᠭᠤᠯᠬᠤ ᠶᠢ ᠬᠤᠷᠢᠭᠯᠠᠬᠤ ᠬᠡᠷᠡᠭᠲᠡᠢ᠃ ᠠᠰᠠᠭᠤᠳᠠᠯ ᠢ ᠪᠠᠶᠢᠴᠠᠭᠠᠨ ᠵᠢᠭᠰᠠᠭᠠᠬᠤ ᠪᠠ ᠠᠬᠢᠭᠤᠯᠤᠨ ᠰᠠᠶᠢᠵᠢᠷᠠᠭᠤᠯᠬᠤ ᠶᠢ ᠳᠠᠭᠠᠭᠤᠯᠬᠤ ᠭᠠᠵᠠᠷ ᠠᠯᠪᠠᠨ ᠭᠡᠷ᠂ ᠰᠠᠶᠢᠨ ᠠᠷᠭ᠎ᠠ᠂ ᠬᠠᠲᠠᠭᠤ ᠠᠷᠭ᠎ᠠ ᠬᠡᠮᠵᠢᠶ᠎ᠡ ᠠᠪᠴᠤ᠂ 7 ᠵᠦᠢᠯ ᠤᠨ ᠠᠷᠭ᠎ᠠ ᠵᠠᠮ ᠢᠶᠠᠷ ᠬᠠᠷᠢᠭᠤ ᠲᠤᠰᠬᠠᠭᠰᠠᠨ ᠠᠰᠠᠭᠤᠳᠠᠯ ᠢ ᠢᠯᠡᠷᠡᠭᠦᠯᠵᠦ᠂ ᠺᠠᠳ᠋ᠷ᠂ ᠣᠯᠠᠨ ᠲᠦᠮᠡᠨ ᠤ ᠰᠠᠨᠠᠯ ᠢ ᠴᠤᠭᠯᠠᠭᠤᠯᠵᠤ ᠬᠠᠷᠢᠭᠤ ᠲᠤᠰᠬᠠᠭᠰᠠᠨ ᠠᠰᠠᠭᠤᠳᠠᠯ ᠢ ᠴᠠᠭ ᠲᠤᠬᠠᠢ ᠳᠤᠨᠢ ᠰᠤᠷᠤᠯᠴᠠᠯᠭ᠎ᠠ ᠬᠥᠮᠦᠵᠢᠯ ᠤᠨ ᠪᠠᠶᠢᠴᠠᠭᠠᠨ ᠳᠡᠯᠭᠡᠬᠦ ᠬᠡᠪᠴᠢᠶ᠎ᠡ ᠳᠤ ᠣᠷᠣᠭᠤᠯᠵᠤ᠂ ᠴᠡᠭᠴᠡᠯᠡᠨ ᠰᠠᠶᠢᠵᠢᠷᠠᠭᠤᠯᠤᠨ ᠵᠠᠰᠠᠬᠤ ᠶᠢ ᠦᠨᠡᠨ ᠪᠣᠳᠠᠲᠠᠢ ᠪᠠᠷ ᠲᠦᠯᠬᠢᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠪᠠᠷ ᠨᠠᠮ ᠤᠨ ᠭᠡᠰᠢᠭᠦᠨ ᠺᠠᠳ᠋ᠷᠴᠤᠳ ᠤᠨ ᠰᠤᠷᠲᠠᠯ ᠤᠨ ᠬᠤᠪᠢᠷᠠᠭᠤᠯᠤᠯᠲᠠ ᠶᠢ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠ ᠬᠥᠳᠡᠭᠡ ᠲᠣᠰᠬᠤᠨ ᠤ ᠪᠥᠬᠦ ᠲᠠᠯ᠎ᠠ ᠶᠢᠨ ᠬᠥᠭᠵᠢᠯ ᠮᠠᠨᠳᠤᠯ ᠢ ᠲᠦᠯᠬᠢᠨ ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号