ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠪᠥᠬᠦ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ ︵ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠬᠥᠳᠡᠯᠦᠯ ᠪᠠᠶᠢᠳᠠᠯ 2025 ᠳ᠋ᠤᠭᠠᠷ ᠬᠤᠭᠤᠴᠠᠭ᠎ᠠ ᠶᠢᠨ 9 ᠳ᠋ᠤᠭᠡᠷ ᠬᠤᠭᠤᠴᠠᠭ᠎ᠠ︶
ᠨᠡᠶᠢᠲᠡᠯᠡᠭᠰᠡᠨ ᠴᠠᠭ᠄
2025/4/21
      ᠲᠥᠷᠥ ᠶᠢᠨ ᠶᠠᠪᠤᠳᠠᠯ ᠤᠨ ᠬᠤᠷᠢᠶᠠᠨ ᠤ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ︽ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠨᠠᠶᠢᠷᠠᠭᠤᠯᠤᠨ ᠦᠢᠯᠡᠳᠬᠦ ᠠᠵᠢᠯ ᠤᠨ ᠲᠥᠰᠥᠯ ᠤᠨ ᠲᠤᠬᠠᠢ ᠮᠡᠳᠡᠭᠳᠡᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠢ ᠶᠢᠨ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠨᠠᠶᠢᠷᠠᠭᠤᠯᠤᠨ ᠬᠤᠷᠢᠶᠠᠩᠭᠤᠶᠢᠯᠠᠬᠤ ᠠᠵᠢᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠶ ᠦᠷᠨᠢᠭᠦᠯᠬᠦ ᠶᠢᠨ ᠲᠦᠯᠦᠭᠡ᠂ 4 ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︵︽ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ︾ ᠭᠡᠵᠦ ᠲᠣᠪᠴᠢᠯᠠᠨ᠎ᠠ︶ ᠠᠴᠠ ᠪᠥᠬᠦ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠤᠨ ᠲᠤᠰᠬᠠᠢ ᠠᠩᠭᠢ ᠶᠢᠨ ᠪᠦᠬᠦ ᠠᠵᠢᠯᠲᠠᠨ ᠬᠤᠷᠠᠯ ᠳᠤ ᠣᠷᠣᠯᠴᠠᠪᠠ᠃
图片1.png
      ᠬᠤᠷᠠᠯ ᠳᠡᠭᠡᠷ᠎ᠡ᠂ ᠬᠡᠭᠡᠷ᠎ᠡ ᠶᠢᠨ ᠪᠠᠶᠢᠴᠠᠭᠠᠯᠲᠠ ᠶᠢᠨ ᠳᠤᠭᠤᠶᠢᠯᠠᠩ᠂ ᠳᠣᠲᠣᠭᠠᠳᠤ ᠠᠵᠢᠯ ᠤᠨ ᠲᠠᠪᠴᠠᠩ ᠤᠨ ᠳᠤᠭᠤᠶᠢᠯᠠᠩ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠳᠤᠭᠤᠶᠢᠯᠠᠩ ᠵᠢᠴᠢ ᠬᠤᠵᠢᠷᠯᠢᠭ ᠭᠠᠵᠠᠷ ᠤᠨ ᠲᠤᠰᠬᠠᠢ ᠰᠡᠳᠦᠪᠲᠦ ᠪᠠᠶᠢᠴᠠᠭᠠᠯᠲᠠ ᠶᠢᠨ ᠠᠵᠢᠯᠲᠠᠳ ᠤᠯᠤᠰ ᠤᠨ ᠦᠷ᠎ᠡ ᠪᠦᠲᠦᠭᠡᠯ ᠢ  ᠨᠠᠶᠢᠷᠠᠭᠤᠯᠤᠨ ᠦᠢᠯᠡᠳᠬᠦ ᠲᠥᠰᠥᠯ ᠲᠠᠢ ᠬᠠᠷᠢᠴᠠᠭᠤᠯᠤᠨ ᠠᠵᠢᠯ ᠤᠨ ᠡᠭᠦᠷᠭᠡ ᠪᠠᠨ ᠵᠤᠷᠪᠤᠰ ᠳᠠᠷᠠᠭᠠᠯᠠᠨ ᠡᠮᠬᠢᠯᠡᠭᠰᠡᠨ ᠪᠥᠭᠡᠳ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢᠶᠠᠨ ᠬᠠᠷᠢᠭᠤ ᠮᠡᠳᠡᠭᠦᠯᠪᠡ᠃      ᠬᠤᠷᠠᠯ ᠠᠴᠠ ᠱᠠᠭᠠᠷᠳᠠᠭᠰᠠᠨ ᠨᠢ᠂ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠤᠨ ᠦᠷ᠎ᠡ ᠪᠦᠲᠦᠭᠡᠯ ᠢ ᠨᠠᠶᠢᠷᠠᠭᠤᠯᠤᠨ ᠦᠢᠯᠡᠳᠬᠦ ᠲᠣᠬᠢᠷᠠᠭᠤᠯᠤᠯᠲᠠ ᠪᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ︽ᠭᠤᠷᠪᠠ ᠶᠢ ᠲᠦᠷᠭᠡᠳᠬᠡᠬᠦ︾ ᠪᠠᠷ ᠪᠥᠬᠦ ᠣᠷᠣᠨ ᠤ ᠦᠷ᠎ᠡ ᠪᠦᠲᠦᠭᠡᠯ ᠢ ᠨᠠᠶᠢᠷᠠᠭᠤᠯᠤᠨ ᠵᠣᠬᠢᠶᠠᠵᠤ ᠬᠤᠷᠢᠶᠠᠩᠭᠤᠶᠢᠯᠠᠬᠤ ᠠᠵᠢᠯ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ᠃ ᠨᠢᠭᠡ ᠳᠤ ᠬᠤᠵᠢᠷᠯᠢᠭ ᠭᠠᠵᠠᠷ ᠤᠨ ᠲᠤᠰᠬᠠᠢ ᠰᠡᠳᠦᠪᠲᠦ ᠪᠠᠶᠢᠴᠠᠭᠠᠯᠲᠠ ᠶᠢᠨ ᠦᠷ᠎ᠡ ᠪᠦᠲᠦᠭᠡᠯ ᠢ ᠲᠦᠷᠭᠡᠪᠴᠢᠯᠡᠨ ᠲᠡᠭᠦᠯᠳᠡᠷᠵᠢᠭᠦᠯᠵᠦ᠂ ᠵᠣᠯᠭᠠᠭᠤᠯᠤᠨ ᠨᠡᠪᠲᠡᠷᠡᠯᠴᠡᠭᠦᠯᠬᠦ ᠶᠢ ᠴᠢᠩᠭᠠᠳᠬᠠᠬᠤ ᠬᠡᠷᠡᠭᠲᠡᠢ᠃ ᠬᠤᠰᠢᠭᠤ ᠰᠢᠶᠠᠨ ᠯᠤᠭ᠎ᠠ ᠬᠤᠵᠢᠷᠯᠢᠭ ᠭᠠᠵᠠᠷ ᠤᠨ ᠲᠠᠯᠠᠪᠠᠶ ᠶᠢ ᠨᠣᠲᠠᠯᠠᠬᠤ ᠶᠢ ᠴᠢᠩᠭ᠎ᠠ ᠠᠳᠬᠤᠨ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠤᠵᠢᠷᠯᠢᠭ ᠭᠠᠵᠠᠷ ᠤᠨ ᠦᠷ᠎ᠡ ᠪᠦᠲᠦᠭᠡᠯ ᠢ ᠬᠤᠰᠢᠭᠤ ᠰᠢᠶᠠᠨ ᠤ ᠨᠢᠭᠡᠨᠲᠡ ᠨᠤᠲᠠᠯᠠᠭᠰᠠᠨ ᠬᠤᠵᠢᠷᠯᠢᠭ ᠭᠠᠵᠠᠷ ᠤᠨ ᠲᠠᠯᠠᠪᠠᠶ᠂ ᠬᠡᠮᠵᠢᠶ᠎ᠡ ᠵᠡᠷᠭᠡ ᠯᠦᠭᠡ ᠨᠢᠭᠡᠳᠦᠯᠲᠡᠢ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ ᠲᠤ ᠳᠣᠲᠣᠭᠠᠳᠤ ᠠᠵᠢᠯ ᠤᠨ ᠱᠠᠲᠤᠨ ᠤ ᠰᠢᠯᠭᠠᠨ ᠠᠪᠬᠤ ᠶᠢ ᠲᠦᠷᠭᠡᠳᠬᠡᠵᠦ᠂ ᠦᠷ᠎ᠡ ᠪᠦᠲᠦᠭᠡᠯ ᠢ ᠨᠠᠶᠢᠷᠠᠭᠤᠯᠤᠨ ᠦᠢᠯᠡᠳᠬᠦ ᠶᠢ ᠠᠬᠢᠭᠤᠯᠬᠤ ᠬᠡᠷᠡᠭᠲᠡᠢ᠃ ᠣᠳᠣᠬᠠᠨ ᠪᠣᠯᠲᠠᠯ᠎ᠠ᠂ ᠪᠥᠬᠦ ᠣᠷᠣᠨ ᠤ ᠨᠡᠶᠢᠲᠡ 63 ᠬᠤᠰᠢᠭᠤ ᠰᠢᠶᠠᠨ ᠨᠢᠭᠡᠨᠲᠡ ᠳᠣᠲᠣᠭᠠᠳᠤ ᠠᠵᠢᠯ ᠤᠨ ᠱᠠᠲᠤᠨ ᠤ ᠥᠪᠡᠰᠦᠪᠡᠨ ᠰᠢᠯᠭᠠᠨ ᠪᠠᠶᠢᠴᠠᠭᠠᠬᠤ ᠶᠢ ᠪᠡᠶᠡᠯᠡᠭᠦᠯᠵᠦ᠂ 5 ᠰᠠᠷ᠎ᠠ ᠶᠢᠨ ᠰᠡᠭᠦᠯᠴᠢ ᠠᠴᠠ ᠡᠮᠦᠨ᠎ᠡ ᠨᠡᠶᠢᠲᠡ 98 ᠨᠡᠶᠢᠳᠡᠮ ᠤᠨ ᠪᠠᠶᠢᠴᠠᠭᠠᠯᠲᠠ ᠶᠢᠨ ᠬᠤᠰᠢᠭᠤ ᠰᠢᠶᠠᠨ ᠤ ᠥᠪᠡᠰᠦᠪᠡᠨ ᠰᠢᠯᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠬᠦ ᠶᠢᠨ ᠬᠠᠮᠲᠤ ᠪᠥᠬᠦ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠶᠢ ᠵᠡᠷᠭᠡ ᠳᠤᠨᠢ ᠪᠡᠶᠡᠯᠡᠭᠦᠯᠬᠦ ᠬᠡᠷᠡᠭᠲᠡᠢ︔ ᠲᠤᠭ᠎ᠠ ᠪᠠᠷᠢᠮᠲᠠ ᠶᠢ ᠬᠤᠪᠢᠶᠠᠨ ᠲᠠᠷᠬᠠᠭᠠᠬᠤ᠂ ᠪᠤᠴᠠᠭᠠᠬᠤ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ︔ ᠨᠤᠲᠤᠭ ᠤᠨ ᠣᠨᠴᠠ ᠭᠠᠷᠤᠯᠲᠠ ᠶᠢᠨ ᠬᠥᠷᠥᠰᠥ ᠰᠢᠷᠣᠢ ᠶᠢᠨ ᠵᠣᠬᠢᠴᠠᠬᠤ ᠴᠢᠨᠠᠷ ᠢ ᠦᠨᠡᠯᠡᠬᠦ᠂ ᠬᠠᠷ᠎ᠠ ᠬᠦᠷᠦᠰᠦᠲᠦ ᠭᠠᠵᠠᠷ ᠰᠢᠷᠣᠢ ᠵᠡᠷᠭᠡ ᠲᠤᠰᠬᠠᠢ ᠰᠡᠳᠦᠪᠲᠦ ᠦᠷ᠎ᠡ ᠪᠦᠲᠦᠭᠡᠯ ᠢ ᠨᠠᠶᠢᠷᠠᠭᠤᠯᠤᠨ ᠦᠢᠯᠡᠳᠬᠦ ᠠᠵᠢᠯ ᠤᠨ ᠲᠥᠰᠥᠯ᠂ ᠮᠡᠷᠭᠡᠵᠢᠯ ᠤᠨ ᠳᠦᠷᠢᠮ ᠪᠠ ᠦᠷ᠎ᠡ ᠪᠦᠲᠦᠭᠡᠯ ᠢ ᠪᠣᠶ ᠪᠣᠯᠭᠠᠬᠤ ᠶᠠᠰᠤ ᠴᠢᠨᠠᠷ ᠢ ᠡᠵᠡᠮᠳᠡᠬᠦ ᠠᠵᠢᠯ ᠤᠨ ᠲᠥᠰᠥᠯ ᠢ ᠲᠦᠷᠭᠡᠬᠡᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠦᠷ᠎ᠡ ᠪᠦᠲᠦᠭᠡᠯ ᠢ ᠬᠤᠷᠢᠶᠠᠩᠭᠤᠶᠢᠯᠠᠨ ᠬᠡᠷᠡᠭᠵᠢᠭᠦᠯᠬᠦ ᠨᠢᠭᠡᠴᠡ᠂ ᠳᠠᠭᠠᠭᠠᠴᠢᠯᠠᠠ ᠵᠠᠷᠯᠠᠬᠤ ᠱᠠᠭᠠᠷᠳᠠᠯᠭ᠎ᠠ᠂ ᠪᠡᠶᠡᠯᠡᠭᠦᠯᠬᠦ ᠠᠭᠤᠯᠭ᠎ᠠ ᠵᠡᠷᠭᠡ ᠶᠢ ᠲᠣᠳᠣᠷᠬᠠᠶᠢᠯᠠᠵᠤ᠂ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠪᠣᠶ ᠪᠣᠯᠭᠠᠬᠤ ᠶᠢ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠭᠤᠷᠪᠠ ᠳᠤ ᠬᠡᠭᠡᠷ᠎ᠡ ᠶᠢᠨ ᠬᠡᠷᠴᠢᠯᠡᠭᠡᠰᠦ ᠶᠢ ᠰᠢᠯᠭᠠᠨ ᠠᠪᠬᠤ ᠶᠢ ᠲᠦᠷᠭᠡᠳᠬᠡᠵᠦ᠂ ᠦᠯᠢᠭᠡᠷ ᠡᠳ᠋ ᠢ ᠡᠷᠭᠢᠯᠲᠡ ᠳᠤ ᠣᠷᠣᠭᠤᠯᠬᠤ ᠶᠢ ᠪᠡᠶᠡᠯᠡᠭᠦᠯᠬᠦ ᠬᠡᠷᠡᠭᠲᠡᠢ᠃ ᠬᠡᠷᠴᠢᠯᠡᠭᠡᠰᠦ ᠶᠢᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠶᠢ ᠲᠦᠷᠭᠡᠬᠡᠨ ᠪᠡᠶᠡᠯᠡᠭᠦᠯᠬᠦ ᠶᠢᠨ ᠬᠠᠮᠲᠤ ᠬᠡᠷᠴᠢᠯᠡᠭᠡᠰᠦ ᠶᠢᠨ ᠰᠢᠯᠭᠠᠨ ᠠᠪᠬᠤ ᠲᠥᠰᠥᠯ ᠢ ᠲᠣᠭᠲᠠᠭᠠᠵᠤ᠂ ᠲᠤᠷᠰᠢᠯᠲᠠ ᠶᠢᠨ ᠲᠠᠰᠤᠭ ᠤᠨ ᠰᠢᠯᠭᠠᠨ ᠠᠪᠬᠤ ᠶᠢ ᠥᠷᠨᠢᠭᠦᠯᠵᠦ᠂ ᠰᠢᠯᠭᠠᠨ ᠠᠪᠬᠤ ᠮᠠᠲ᠋ᠧᠷᠢᠶᠠᠯ ᠲᠠᠩᠰᠠ ᠡᠪᠬᠡᠮᠡᠯ ᠤᠨ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠢ᠃ ᠬᠥᠷᠥᠰᠥ ᠰᠢᠷᠣᠢ ᠶᠢᠨ ᠥᠯᠢᠭᠡᠷ ᠡᠳ᠋ ᠢ ᠤᠯᠤᠰ ᠤᠨ ᠬᠥᠮᠥᠷᠭᠡ ᠪᠠ ᠮᠤᠵᠢ ᠶᠢᠨ ᠱᠠᠲᠤᠨ ᠤ ᠬᠥᠮᠥᠷᠭᠡ ᠳᠤ ᠬᠤᠷᠢᠶᠠᠩᠭᠤᠶᠢᠯᠠᠨ ᠲᠤᠰᠢᠶᠠᠬᠤ ᠶᠢ ᠴᠠᠭ ᠲᠤᠬᠠᠢ ᠳᠤᠨᠢ ᠵᠣᠬᠢᠶᠠᠨ ᠪᠠᠶᠢᠭᠤᠯᠵᠤ᠂ ᠪᠦᠬᠦᠯᠢ ᠬᠡᠰᠡᠭ ᠤᠨ ᠥᠯᠢᠭᠡᠷ ᠡᠳ᠋ ᠢ ᠦᠢᠯᠡᠳᠬᠦ ᠶᠢ ᠲᠦᠷᠭᠡᠳᠬᠡᠨ ᠠᠬᠢᠭᠤᠯᠵᠤ᠂ 6 ᠰᠠᠷ᠎ᠠ ᠶᠢᠨ ᠰᠡᠭᠦᠯᠴᠢ ᠠᠴᠠ ᠡᠮᠦᠨ᠎ᠡ ᠥᠯᠢᠭᠡᠷ ᠡᠳ᠋ ᠢ ᠰᠢᠯᠵᠢᠭᠦᠯᠵᠦ ᠬᠤᠷᠢᠶᠠᠩᠭᠤᠶᠢᠯᠠᠨ ᠲᠤᠰᠢᠶᠠᠬᠤ ᠠᠵᠢᠯ ᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠡᠢ᠃      ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠤᠯᠤᠰ ᠤᠨ ᠱᠠᠭᠠᠷᠳᠠᠯᠭ᠎ᠠ ᠶᠣᠰᠣᠭᠠᠷ᠂ ᠪᠥᠬᠦ ᠣᠷᠣᠨ ᠤ ᠲᠥᠷᠥᠯ ᠬᠤᠪᠢᠶᠠᠨ ᠱᠠᠲᠤ ᠬᠤᠪᠢᠶᠠᠨ ᠴᠢᠨᠠᠷ ᠰᠠᠶᠢᠲᠠᠢ ᠪᠠᠷ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠨᠠᠶᠢᠷᠠᠭᠤᠯᠤᠨ ᠦᠢᠯᠡᠳᠬᠦ ᠶᠢ ᠨᠠᠩ ᠶᠡᠭᠡ ᠡᠷᠴᠢᠮ ᠲᠠᠢ ᠠᠬᠢᠭᠤᠯᠵᠤ᠂ ᠲᠠᠷᠢᠶᠠᠨ ᠭᠠᠵᠠᠷ ᠤᠨ ᠬᠤᠷᠢᠭ᠎ᠠ ᠱᠤᠭᠤᠮ ᠢ ᠰᠠᠬᠢᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠲᠠᠷᠢᠶᠠᠯᠠᠩ ᠤᠨ ᠦᠢᠯᠡᠳᠪᠦᠷᠢᠯᠡᠯ ᠤᠨ ᠪᠠᠶᠢᠷᠢᠰᠢᠯ ᠢ ᠰᠢᠯᠢᠳᠡᠭᠵᠢᠭᠦᠯᠬᠦ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯᠬᠠᠩᠭᠠᠨ᠎ᠠ᠃      ᠮᠡᠳᠡᠭᠡ ᠵᠠᠩᠭᠢ ᠶᠢᠨ ᠢᠷᠡᠯᠲᠡ᠄ ᠥᠪᠥᠷ ᠮᠣᠩᠭᠤᠯ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ  ᠤᠨ ᠪᠠᠶᠢᠴᠠᠭᠠᠯᠲᠠ ᠶᠢᠨ ᠠᠯᠪᠠᠨ ᠭᠡᠷ
 
ᠢᠷᠡᠯᠲᠡ᠄ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号